ᠰᠤᠷᠪᠤᠯᠵᠢᠯᠠᠬᠴᠢ ᠵᠠᠩ ᠴᠢ | ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠭᠰᠠᠨ ᠠᠴᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ | ᠥᠨᠳᠥᠷ ᠪᠦᠲᠦᠮᠵᠢᠲᠡᠶ ᠪᠠᠷ ᠠᠰᠢᠭᠯᠠᠬᠤ ᠭᠦᠷᠲᠡᠯ᠎ᠡ᠂ ᠬᠥᠳᠡᠭᠡ ᠲᠣᠰᠬᠤᠨ ᠤ ᠡᠵᠡᠩᠨᠡᠯᠲᠡ ᠶᠢᠨ ᠵᠢᠱᠢᠯᠲᠡ ᠶᠢᠨ ᠲᠣᠭᠲᠠᠭᠤᠨ ᠪᠠᠲᠤᠯᠠᠭ᠎ᠠ ᠠᠴᠠ ᠲᠠᠯ᠎ᠠ ᠨᠤᠲᠤᠭ ᠤᠨ | ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠭᠦᠷᠲᠡᠯ᠎ᠡ᠂ ᠮᠠᠨ ᠤ ᠬᠤᠲᠠ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠭᠦᠷ ᠪᠤᠯᠭᠠᠵᠤ᠂ ᠠᠯᠢ ᠣᠯᠠᠨ ᠠᠯᠤᠰ ᠭᠡᠲᠦ ᠶᠢᠨ ᠨᠥᠯᠥᠭᠡ ᠪᠦᠬᠦᠢ ᠲᠤᠷᠰᠢᠯᠲᠠ ᠶᠢᠨ ᠴᠡᠭ ᠤᠨ | ᠠᠵᠢᠯ ᠢ ᠯᠠᠪᠳᠠᠭᠤᠨ ᠢᠶᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠣᠷᠣᠨ ᠰᠠᠭᠤᠴᠠ ᠶᠢᠨ ᠭᠠᠵᠠᠷ ᠰᠢᠨ᠎ᠡ ᠪᠣᠯᠪᠠ᠃ ᠮᠠᠨ ᠤ ᠬᠤᠲᠠ ᠺᠠᠶᠢᠯᠤ ᠰᠢᠶᠠᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠤᠯᠤᠰ ᠤᠨ ᠲᠠᠰ ᠤᠨ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠥᠮᠴᠢᠯᠡᠯ ᠤᠨ ᠡᠷᠬᠡ ᠶᠢ ᠬᠡᠷᠡᠭᠵᠢᠭᠦᠯᠬᠦ᠂ ᠬᠢᠷᠢ ᠭᠡᠮ ᠤᠨ | ᠡᠷᠬᠡ ᠶᠢ ᠮᠠᠭᠠᠳᠯᠠᠨ ᠲᠣᠭᠲᠠᠭᠠᠬᠤ᠂ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠵᠡᠷᠭᠡ 9 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠠᠭᠤᠯᠭ᠎ᠠ ᠶᠢᠨ ᠲᠣᠭᠤᠷᠢᠨ ᠳᠤ 29 ᠵᠦᠢᠯ ᠤᠨ ᠢᠵᠢ ᠪᠦᠷᠢᠳᠦᠭᠦᠯᠬᠦ ᠳᠦᠷᠢᠮ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠣᠷᠣᠨ ᠰᠠᠭᠤᠴᠠ ᠶᠢᠨ ᠭᠠᠵᠠᠷ ᠢ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠪᠦᠲᠦᠮᠵᠢᠲᠡᠶ ᠠᠰᠢᠭᠯᠠᠬᠤ ᠳᠤ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠡᠮᠵᠢᠵᠦ᠂ ᠪᠦᠭᠦ ᠬᠤᠲᠠ ᠳᠤ ᠨᠡᠶᠢᠲᠡ 212 ᠵᠠᠰᠠᠭ ᠵᠠᠬᠢᠷᠭᠠᠨ ᠤ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠢ ᠨᠠᠶᠢᠷᠠᠭᠤᠯᠤᠨ | ᠵᠣᠬᠢᠶᠠᠬᠤ ᠵᠢᠴᠢ ᠬᠢᠷᠢ ᠭᠡᠮ ᠤᠨ ᠡᠷᠬᠡ ᠶᠢ ᠮᠠᠭᠠᠳᠯᠠᠨ ᠲᠣᠭᠲᠠᠭᠠᠬᠤ᠂ ᠲᠠᠩᠰᠠ ᠡᠪᠬᠡᠮᠡᠯ ᠢ ᠳᠠᠩᠰᠠᠯᠠᠬᠤ ᠵᠡᠷᠭᠡ ᠠᠵᠢᠯ ᠢ ᠪᠡᠶᠡᠯᠡᠭᠦᠯᠦᠭᠰᠡᠨ ᠪᠥᠭᠡᠳ ᠤᠯᠤᠰ ᠤᠨ | ᠠᠵᠢᠯᠯᠠᠬᠤ ᠳᠤᠭᠤᠶᠢᠯᠠᠩ ᠤᠨ ᠦᠨᠡᠯᠡᠨ ᠵᠢᠱᠢᠯᠲᠡ ᠶᠢ ᠤᠷᠤᠭᠰᠢᠲᠠᠢ ᠥᠩᠭᠡᠷᠡᠭᠡᠭᠰᠡᠨ ᠪᠠᠶᠢᠨ᠎ᠠ᠃ | ᠲᠠᠷᠢᠶᠠᠨ ᠭᠠᠵᠠᠷ ᠤᠨ ᠵᠠᠮ ᠢ ᠥᠷᠭᠡᠳᠬᠡᠪᠡ᠃ ᠮᠠᠨ ᠤ ᠬᠤᠲᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠰᠢᠨ᠎ᠡ | ᠵᠠᠭᠪᠤᠷ ᠢ ᠢᠳᠡᠪᠬᠢᠲᠡᠢ ᠪᠠᠷ ᠨᠡᠭᠡᠭᠡᠵᠦ᠂ ᠺᠠᠶᠢᠯᠤ ᠰᠢᠶᠠᠨ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠷᠰᠢᠯᠲᠠ ᠶᠢᠨ ᠣᠷᠣᠨ ᠪᠦᠰᠡ ᠪᠠᠷ ᠰᠣᠩᠭᠤᠨ | ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠨᠠᠷᠢᠯᠢᠭ ᠬᠠᠮᠢᠶᠠᠷᠬᠤ ᠳᠤ ᠲᠦᠰᠢᠭᠯᠡᠨ᠂ ᠡᠵᠡᠩᠨᠡᠵᠦ ᠪᠤᠯᠬᠤ ᠲᠠᠷᠢᠶᠠᠨ ᠭᠠᠵᠠᠷ ᠤᠨ ᠲᠠᠯᠠᠪᠠᠢ ᠶᠢ | ᠰᠢᠨ᠎ᠡ ᠪᠠᠷ 189.32 ᠲᠦᠮᠡᠨ ᠮᠦ ᠨᠡᠮᠡᠭᠳᠡᠭᠦᠯᠪᠡ᠃ ᠡᠨᠡ ᠬᠦ ᠢᠯᠡᠳᠲᠡ ᠦᠷ᠎ᠡ ᠪᠦᠲᠦᠭᠡᠯ ᠨᠢ ᠮᠠᠨ ᠤ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠲᠠᠯ᠎ᠠ ᠪᠠᠷ ᠬᠢ ᠭᠠᠷᠮᠠᠭᠠᠢ ᠴᠢᠳᠠᠪᠤᠷᠢ ᠶᠢ ᠬᠠᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠲᠠᠷᠢᠶᠠᠯᠠᠩ ᠮᠠᠯ ᠠᠵᠤ ᠠᠬᠤᠢ ᠶᠢᠨ | ᠦᠷᠭᠦᠯᠵᠢᠯᠡᠬᠦᠶᠢᠴᠡ ᠬᠥᠭᠵᠢᠯᠲᠡ ᠶᠢᠨ ᠰᠢᠨ᠎ᠡ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃ | ᠡᠵᠡᠩᠨᠡᠯᠲᠡ ᠶᠢᠨ ᠦᠨᠳᠦᠰᠦ ᠰᠠᠭᠤᠷᠢ ᠶᠢ ᠪᠠᠬᠢᠵᠢᠭᠦᠯᠪᠡ᠃ ᠬᠥᠳᠡᠭᠡ ᠲᠣᠰᠬᠤᠨ ᠤ ᠡᠵᠡᠩᠨᠡᠯᠲᠡ ᠶᠢᠨ ᠵᠢᠱᠢᠯᠲᠡ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠮᠠᠨ ᠤ | ᠬᠤᠲᠠ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠭᠢᠭᠠᠳ 30 ᠵᠢᠯ ᠤᠷᠲᠤᠳᠬᠠᠬᠤ | ᠲᠤᠷᠰᠢᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠭᠠᠳᠠᠯ᠎ᠠ ᠰᠤᠮᠤᠨ ᠳᠤ ᠪᠦᠭᠦ ᠰᠢᠶᠠᠩ ᠪᠠᠯᠭᠠᠰᠤᠨ ᠤ | ᠲᠤᠷᠰᠢᠯᠲᠠ ᠶᠢᠨ ᠠᠵᠢᠯ ᠢ ᠤᠷᠢᠳ ᠢᠶᠠᠷ ᠥᠷᠨᠢᠭᠦᠯᠵᠦ᠂ ᠣᠲᠣ ᠨᠢᠭᠡᠨᠲᠡ ᠡᠷᠦᠭᠡ ᠳᠤ ᠬᠦᠷᠴᠦ ᠪᠠᠶᠢᠴᠠᠭᠠᠯᠲᠠ ᠬᠢᠬᠦ ᠠᠵᠢᠯ ᠢ ᠳᠠᠭᠤᠰᠬᠠᠪᠠ᠃ ᠡᠨᠡ ᠬᠦ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠨᠢ ᠮᠠᠯᠴᠢᠨ ᠲᠠᠷᠢᠶᠠᠴᠢᠨ ᠤ ᠰᠡᠳᠬᠢᠯ ᠢ ᠠᠮᠤᠷᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠶᠢᠨ ᠡᠮᠬᠢ ᠵᠢᠷᠤᠮ | ᠪᠣᠯᠣᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ ᠢᠳᠡᠪᠬᠢᠵᠢᠯ ᠢ ᠶᠡᠭᠡ ᠪᠠᠷ ᠲᠣᠭᠲᠠᠪᠤᠷᠢᠵᠢᠭᠤᠯᠪᠠ᠃ | ᠮᠠᠯ ᠠᠵᠤ ᠠᠬᠤᠢ ᠶᠢᠨ ᠲᠡᠰ ᠳᠡᠪᠰᠢᠬᠦ ᠶᠢ ᠠᠬᠢᠭᠤᠯᠪᠠ᠃ ᠮᠠᠨ ᠤ ᠬᠤᠲᠠ ᠲᠠᠯ᠎ᠠ ᠨᠤᠲᠤᠭ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠠ ᠵᠠᠷᠤᠳ ᠬᠤᠰᠢᠭᠤ ᠪᠠᠷ ᠲᠤᠷᠰᠢᠯᠲᠠ ᠶᠢᠨ ᠬᠤᠰᠢᠭᠤ | ᠰᠢᠶᠠᠨ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠠᠮᠢ ᠠᠬᠤᠢ ᠶᠢᠨ ᠨᠡᠭᠦᠳᠡᠯ ᠠᠷᠠᠳ + ᠪᠦᠭᠦ ᠵᠢᠯ ᠳᠤ ᠪᠡᠯᠴᠢᠭᠡᠷᠯᠡᠭᠦᠯᠦᠨ ᠮᠠᠯᠵᠢᠬᠤ ᠶᠢ | ᠴᠠᠭᠠᠵᠠᠯᠠᠬᠤ︾ ︽ᠳᠠᠷᠢᠵᠤ ᠲᠡᠵᠢᠭᠡᠬᠦ ᠶᠢ ᠤᠶᠠᠯᠳᠤᠭᠤᠯᠬᠤ + ᠬᠠᠰᠢᠶᠠᠯᠠᠨ ᠲᠡᠵᠢᠭᠡᠵᠦ ᠨᠠᠷᠢᠯᠢᠭ ᠪᠣᠶᠢᠵᠢᠭᠤᠯᠬᠤ︾ ᠵᠡᠷᠭᠡ ᠵᠠᠭᠪᠤᠷ ᠢ ᠬᠡᠷᠡᠭᠵᠢᠭᠦᠯᠵᠦ᠂ 2024 | ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 190 ᠲᠦᠮᠡᠨ ᠮᠦ ᠬᠥᠬᠡ ᠳᠠᠷᠤᠰᠢ ᠶᠢᠨ ᠡᠷᠳᠡᠨᠢ ᠰᠢᠰᠢ ᠳᠠᠷᠢᠵᠤ᠂ ᠵᠠᠷᠤᠳ ᠬᠤᠰᠢᠭᠤ ᠨᠡᠶᠢᠲᠡ 92.7 | ᠲᠦᠮᠡᠨ ᠮᠦ ᠬᠥᠬᠡ ᠳᠠᠷᠤᠰᠢ ᠶᠢᠨ ᠡᠷᠳᠡᠨᠢ ᠰᠢᠰᠢ᠂ ᠨᠣᠬᠠᠢ ᠶᠢᠨ ᠬᠤᠰᠢᠭᠤ᠂ ᠪᠣᠷᠣ ᠬᠤᠰᠢᠶᠠᠩᠭᠤᠷ ᠳᠠᠷᠢᠪᠠ᠃ |