2024 ᠣᠨ ᠳᠤ ᠲᠦᠩᠯᠢᠶᠣᠤ ᠬᠤᠲᠠ ᠶᠢᠨ ᠠᠵᠤ ᠠᠬᠤᠶ ᠶᠢᠨ ᠬᠠᠨᠳᠤᠰᠢ ᠤᠯᠠᠷᠢᠯ ᠳᠠᠷᠠᠭᠠᠯᠠᠨ ᠳᠡᠭᠡᠭᠰᠢᠯᠡᠪᠡ — ᠪᠥᠬᠦ ᠬᠤᠲᠠ ᠶᠢᠨ 2024 ᠣᠨ ᠤ GDP ᠶᠢᠨ ᠲᠤᠭ᠎ᠠ ᠪᠠᠷᠢᠮᠲᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/6
      ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ᠂ ᠲᠦᠩᠯᠢᠶᠣᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 1686.2 ᠳ᠋ᠦᠩᠰᠢᠭᠤᠷ ᠲᠥᠭᠦᠷᠢᠭ ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠳᠡᠭᠡᠭᠰᠢᠯᠡᠬᠦ ᠪᠠᠶᠢᠳᠠᠯ ᠢᠯᠡᠷᠡᠵᠦ ᠪᠦᠬᠦ ᠵᠢᠯ ᠤᠨ ᠠᠵᠤ ᠠᠬᠤᠢ ᠶᠢᠨ ᠬᠠᠷᠠᠯᠲᠠ ᠪᠠᠨ ᠲᠣᠭᠲᠠᠭᠤᠨ ᠪᠡᠶᠡᠯᠡᠭᠦᠯᠪᠡ᠃      ᠨᠢᠭᠡ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠪᠦᠬᠦ ᠲᠠᠯ᠎ᠠ ᠪᠠᠷ ᠨᠡᠮᠡᠭᠳᠡᠪᠡ      ᠪᠥᠬᠦ ᠬᠤᠲᠠ ᠶᠢᠨ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 431.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 507.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 747.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠨᠢ 25.6᠄ 30.1᠄ 44.3 ᠪᠠᠶᠢᠵᠤ᠂ ᠭᠤᠷᠪᠠᠨ ᠠᠵᠤ ᠦᠢᠯᠡᠰ ᠠᠵᠤ ᠠᠬᠤᠢ ᠶᠢᠨ ᠨᠡᠮᠡᠭᠳᠡᠯ ᠢ ᠲᠤᠰ ᠲᠤᠰ 1.4᠂ 1.4᠂ 1.2 ᠬᠤᠪᠢ ᠪᠠᠷ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠲᠤᠰ ᠲᠤᠰ 35.6%᠂ 34.4%᠂ 30.0% ᠪᠣᠯᠪᠠ᠃      ᠬᠤᠶᠠᠷ᠂ ᠤᠯᠠᠷᠢᠯ ᠢᠶᠠᠷ ᠦᠵᠡᠪᠡᠯ᠂ ᠤᠯᠠᠷᠢᠯ ᠳᠠᠷᠠᠭᠠᠯᠠᠨ ᠳᠡᠭᠡᠭᠰᠢᠯᠡᠪᠡ      2024 ᠣᠨ ᠤ ᠨᠢᠭᠡᠳᠦᠭᠡᠷ ᠤᠯᠠᠷᠢᠯ ᠳᠤ᠂ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 329.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠨᠡᠮᠡᠭᠳᠡᠪᠡ︔ ᠳᠡᠭᠡᠷ᠎ᠡ ᠬᠠᠭᠠᠰ ᠵᠢᠯ ᠳᠤ᠂ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 683.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠪᠡ︔ ᠡᠮᠦᠨ᠎ᠡ ᠭᠤᠷᠪᠠᠨ ᠤᠯᠠᠷᠢᠯ ᠳᠤ᠂ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1085.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠨᠡᠮᠡᠭᠳᠡᠪᠡ︔ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1686.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃ ᠪᠦᠬᠦ ᠵᠢᠯ ᠤᠨ GDP ᠶᠢᠨ ᠨᠡᠮᠡᠭᠳᠡᠯ ᠤᠨ ᠬᠤᠷᠳᠤᠴᠠ ᠤᠯᠠᠷᠢᠯ ᠳᠠᠷᠠᠭᠠᠯᠠᠨ ᠳᠡᠭᠡᠭᠰᠢᠯᠡᠵᠦ᠂ ᠠᠵᠤ ᠠᠬᠤᠶᠢᠯᠠᠯ ᠤᠨ ᠲᠣᠭᠲᠠᠭᠤᠨ ᠰᠠᠶᠢᠵᠢᠷᠠᠬᠤ ᠬᠠᠨᠳᠤᠰᠢ ᠤᠯᠠᠮ ᠨᠢᠭᠡ ᠠᠯᠬᠤᠮ ᠪᠠᠬᠢᠵᠢᠪᠡ᠃      ᠭᠤᠷᠪᠠ᠂ ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠬᠦᠭᠵᠢᠯᠳᠡ ᠰᠠᠶᠢᠵᠢᠷᠠᠪᠠ      1. ᠲᠠᠷᠢᠶᠠᠯᠠᠩ ᠤᠨ ᠲᠠᠯ᠎ᠠ ᠪᠠᠷ᠄ 2024 ᠣᠨ ᠳᠤ᠂ ᠪᠥᠬᠦ ᠬᠤᠲᠠ ᠶᠢᠨ ᠮᠠᠯ ᠲᠠᠷᠢᠶᠠᠯᠠᠩ ᠣᠶ ᠰᠢᠭᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ 439.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠢ 1.4 ᠬᠤᠪᠢ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 36.2% ᠪᠣᠯᠪᠠ᠃      2. ᠠᠵᠤ ᠦᠢᠯᠡᠳᠪᠦᠷᠢ ᠶᠢᠨ ᠲᠠᠯ᠎ᠠ ᠪᠠᠷ᠂ 2024 ᠣᠨ ᠳᠤ᠂ ᠪᠦᠬᠦ ᠬᠤᠳᠠ ᠶᠢᠨ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 423.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠢ 0.7 ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 17.8% ᠪᠣᠯᠪᠠ᠃ ᠡᠭᠦᠨ ᠳᠤ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠪᠠ ᠴᠠᠬᠢᠯᠭᠠᠨ ᠬᠦᠴᠦᠨ᠂ ᠢᠯᠴᠢ ᠶᠢᠨ ᠬᠦᠴᠦᠨ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠨᠢ ᠴᠥᠮ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃      3. ᠪᠠᠷᠢᠯᠭ᠎ᠠ ᠶᠢᠨ ᠦᠢᠯᠡᠰ ᠤᠨ ᠲᠠᠯ᠎ᠠ ᠪᠠᠷ᠂ 2024 ᠣᠨ ᠳᠤ᠂ ᠪᠥᠬᠦ ᠬᠤᠲᠠ ᠶᠢᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 85.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠨᠡᠮᠡᠭᠳᠡᠪᠡ᠃ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 16.7% ᠬᠦᠷᠴᠦ᠂ ᠠᠵᠤ ᠠᠬᠤᠢ ᠶᠢᠨ ᠨᠡᠮᠡᠭᠳᠡᠯ ᠢ 0.7 ᠬᠤᠪᠢ ᠳᠠᠶᠢᠴᠢᠯᠠᠪᠠ᠃      4. ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ 2024 ᠣᠨ ᠳᠤ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 747.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠪᠡ᠃ ᠳᠣᠲᠣᠭᠠᠳᠤ ᠪᠦᠲᠦᠴᠡ ᠠᠴᠠ ᠠᠪᠴᠤ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠵᠦ᠂ ᠣᠷᠣᠨ ᠰᠠᠭᠤᠴᠠ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠪᠠ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 1.5% ᠪᠠ 0.5% ᠨᠡᠮᠡᠭᠳᠡᠪᠡ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ