2 ᠳ᠋ᠤᠭᠠᠷ ᠰᠠᠷ᠎ᠠ ᠶᠢᠨ 5 ᠳᠤ ᠬᠤᠳᠠ ᠶᠢᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/6
      2 ᠳ᠋ᠤᠭᠠᠷ ᠰᠠᠷ᠎ᠠ ᠶᠢᠨ 5 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠲᠦᠩᠯᠢᠶᠣᠤ ᠬᠤᠳᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 2025 ᠣᠨ ᠤ ᠰᠢᠪᠲᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠰᠤᠳᠤᠯᠵᠤ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠰᠢᠪᠲᠤᠯᠤᠯᠲᠠ ᠭᠠᠷᠭᠠᠬᠤ ᠶᠢ ᠲᠦᠷᠭᠡᠳᠬᠡᠬᠦ ᠪᠣᠯ ᠣᠳᠣᠬᠢᠴᠢᠯᠠᠭᠰᠠᠨ ᠲᠦᠩᠯᠢᠶᠣᠤ ᠶᠢᠨ ᠪᠦᠳᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠦᠢᠯᠡᠴᠢᠯᠡᠭᠡᠨ ᠤ ᠦᠢᠯᠡᠰ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠲᠦᠷᠦᠯ ᠵᠦᠢᠯ ᠳᠤ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠲᠥᠯᠥᠪᠵᠢᠭᠦᠯᠭᠡ ᠶᠢ ᠨᠠᠷᠢᠨ ᠨᠢᠮᠪᠠᠢ ᠰᠠᠶᠢᠲᠤᠷ ᠬᠢᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠰᠢᠪᠲᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠢᠨᠠᠨ ᠰᠢᠯᠭᠠᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠢᠨᠠᠨ ᠰᠢᠯᠭᠠᠬᠤ ᠶᠢᠨ ︽ᠳᠣᠬᠢᠭᠤᠷ︾ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠢᠨᠠᠨ ᠰᠢᠯᠭᠠᠬᠤ ᠰᠢᠰᠲ᠋ᠧᠮ ᠪᠠ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠳᠬᠤᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠬᠥᠭᠵᠢᠭᠡᠵᠦ᠂ ᠪᠦᠬᠦ ᠬᠤᠳᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠨᠡᠩ ᠰᠠᠶᠢᠨ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠪᠣᠯᠤᠨ ᠬᠤᠲᠠ ᠪᠠᠯᠭᠠᠰᠤᠨ ᠤ ᠬᠠᠭᠤᠴᠢᠨ ᠬᠤᠷᠤᠭ᠎ᠠ ᠶᠢ ᠥᠭᠡᠷᠡᠴᠢᠯᠡᠨ ᠪᠠᠶᠢᠭᠤᠯᠬᠤ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠪᠣᠯᠤᠨ ᠬᠤᠲᠠ ᠪᠠᠯᠭᠠᠰᠤᠨ ᠤ ᠬᠠᠭᠤᠴᠢᠨ ᠬᠤᠷᠤᠭ᠎ᠠ ᠶᠢ ᠥᠭᠡᠷᠡᠴᠢᠯᠡᠨ ᠪᠠᠶᠢᠭᠤᠯᠬᠤ ᠪᠣᠯ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠨ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠪᠣᠳᠠᠲᠠᠶ ᠬᠢᠵᠦ᠂ ᠣᠯᠠᠨ ᠲᠦᠮᠡᠨ ᠤ ︽ᠰᠠᠶᠢᠨ ᠰᠠᠶᠢᠬᠠᠨ ᠣᠷᠣᠨ ᠰᠠᠭᠤᠴᠠ︾ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ