ᠤᠨᠤᠯ ᠤᠨ ᠤᠬᠠᠭᠤᠯᠭ᠎ᠠ ᠲᠠᠶᠢᠯᠤᠮᠵᠢ ᠶᠢ ᠬᠥᠮᠥᠰ ᠤᠨ ᠬᠡᠬᠦᠳᠡᠭ ᠴᠡᠭᠡᠵᠢᠨ ᠳᠤ ᠬᠠᠳᠠᠩᠰᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠥᠮᠥᠰ ᠤᠨ | ᠰᠡᠳᠬᠢᠯ ᠢ ᠳᠤᠯᠠᠭᠠᠴᠠᠭᠤᠯᠵᠤ᠂ ᠬᠠᠭᠤᠴᠢᠨ ᠬᠡᠪ ᠵᠠᠩᠰᠢᠯ ᠢ ᠥᠭᠡᠷᠡᠴᠢᠯᠡᠨ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠪᠠ ᠁ 2024 ᠣᠨ ᠳᠤ᠂ ᠬᠦᠷᠢᠶ᠎ᠡ | ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠰᠢᠨ᠎ᠡ ᠶᠢ ᠡᠭᠦᠳᠦᠨ ᠤᠷᠤᠭᠰᠢᠯᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠶᠢᠨ ᠳᠤᠷ᠎ᠠ ᠶᠢᠨ ᠦᠢᠯᠡᠴᠢᠯᠡᠭᠡ ᠪᠠᠷ | ᠬᠦᠴᠦᠲᠡᠢ ᠭᠠᠷᠳᠠᠴᠠ ᠪᠤᠯᠭᠠᠵᠤ᠂ ᠪᠣᠯᠪᠠᠰᠤᠨ ᠤ ᠦᠢᠯᠡᠳᠦᠯᠭᠡ ᠶᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠢᠨᠠᠭᠰᠢᠳᠠ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠣᠯᠠᠨ ᠲᠦᠮᠡᠨ ᠢ ᠤᠬᠠᠭᠤᠯᠬᠤ᠂ ᠣᠯᠠᠨ ᠲᠦᠮᠡᠨ ᠢ ᠬᠥᠮᠥᠵᠢᠭᠦᠯᠬᠦ᠂ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠣᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ᠪᠣᠯᠪᠠᠰᠤᠨ ᠤ ᠴᠡᠴᠡᠭ ᠢ ᠬᠦᠷᠢᠶ᠎ᠡ ᠬᠤᠰᠢᠭᠤᠨ ᠤ ᠭᠠᠵᠠᠷ ᠪᠣᠯᠭᠠᠨ ᠳᠤ ᠳᠡᠯᠭᠡᠷᠡᠭᠦᠯᠪᠡ᠃ | ᠾᠧᠦ ᠴᠦᠨ ᠷᠦᠩ ᠪᠣᠯ ᠯᠢᠦ ᠵᠢᠶᠠᠽᠢ ᠪᠠᠯᠭᠠᠰᠤᠨ ᠤ ᠯᠢᠦ ᠵᠢᠶᠠᠽᠢ ᠲᠣᠰᠬᠤᠨ ᠤ ᠠᠷᠠᠳ ᠪᠣᠯᠣᠨ᠎ᠠ᠂ ᠯᠢᠦ ᠵᠢᠶᠠᠽᠢ ᠪᠠᠯᠭᠠᠰᠤᠨ ᠳᠤ ᠨᠢᠭᠡᠨ ᠲᠦᠭᠦᠬᠡᠢ | ᠮᠢᠬᠠᠨ ᠤ ᠳᠡᠯᠭᠡᠭᠦᠷ ᠡᠵᠡᠩᠨᠡᠵᠦ ᠪᠤᠢ᠃ ᠦᠳᠡ ᠶᠢᠨ ᠦᠶ᠎ᠡ ᠪᠠᠷ ᠬᠤᠭᠤᠯᠠᠨ ᠭᠡᠷ ᠲᠤ ᠵᠣᠴᠢᠨ ᠴᠥᠭᠡᠨ ᠦᠶ᠎ᠡ ᠳᠤ᠂ ᠯᠢᠦ ᠵᠢᠶᠠᠽᠢ ᠪᠠᠯᠭᠠᠰᠤᠨ ᠤ ︽ᠰᠢᠨ᠎ᠡ | ᠲᠠᠷᠢᠶᠠᠴᠢᠨ ᠤ ᠲᠤᠰᠠᠯᠠᠭᠴᠢ︾ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ | ᠲᠡᠳᠡᠨ ᠤ ᠬᠢᠨ ᠳᠤ ᠢᠷᠡᠵᠦ᠂ ᠲᠡᠭᠦᠨ ᠳᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠬᠤ ᠠᠷᠭ᠎ᠠ ᠪᠣᠯᠣᠨ ᠤᠷ᠎ᠠ ᠳᠡᠮ ᠢ ᠵᠢᠭᠠᠵᠤ ᠥᠭᠪᠡ᠃ ︽ᠪᠢ ᠤᠤᠯ | ᠨᠢ ᠡᠨᠡ ᠬᠦ ᠪᠣᠯᠪᠠᠰᠤᠷᠠᠯ ᠤᠨ ᠠᠩᠭᠢ ᠳᠤ ᠣᠷᠣᠯᠴᠠᠵᠤ ᠥᠩᠭᠡᠷᠡᠭᠰᠡᠨ᠂ ᠸᠢᠳᠢᠤ᠋ ᠪᠠᠷ ᠰᠡᠭᠦᠳᠡᠷᠯᠡᠬᠦ ᠪᠠ ᠴᠤᠮᠬᠠᠳᠬᠠᠵᠤ ᠨᠠᠶᠢᠷᠠᠭᠤᠯᠬᠤ ᠶᠢ ᠰᠤᠷᠴᠤ᠂ ᠥᠪᠡᠷ ᠢᠶᠠᠨ | ᠸᠢᠳᠢᠤ᠋ ᠪᠠᠷ ᠨᠠᠶᠢᠵᠠ ᠶᠢᠨ ᠲᠣᠭᠤᠷᠢᠭ ᠲᠤ ᠶᠠᠪᠤᠭᠤᠯᠤᠭᠰᠠᠨ ᠳᠤ ᠮᠠᠰᠢ ᠰᠠᠶᠢᠨ ᠦᠷ᠎ᠡ ᠪᠦᠲᠦᠮᠵᠢ ᠣᠯᠵᠤ᠂ ᠭᠠᠭ᠋ᠠᠢ ᠶᠢᠨ ᠮᠢᠬ᠎ᠠ ᠶᠢᠨ ᠪᠣᠷᠣᠯᠠᠭᠤᠯᠤᠯᠲᠠ ᠶᠢᠨ | ᠬᠡᠮᠵᠢᠶ᠎ᠡ ᠨᠢᠭᠡ ᠳᠠᠭᠢᠨ ᠨᠡᠮᠡᠭᠳᠡᠵᠡᠢ᠂ ᠣᠳᠣ ᠪᠢ ᠪᠠᠰᠠ ᠰᠢᠭᠤᠳ ᠨᠡᠪᠲᠡᠷᠡᠭᠦᠯᠭᠡ ᠶᠢ ᠲᠤᠷᠰᠢᠨ ᠬᠢᠵᠦ᠂ ᠪᠤᠰᠢᠭᠤ ᠭᠠᠷ ᠢᠶᠠᠷ ᠳᠠᠮᠵᠢᠭᠤᠯᠤᠨ ᠰᠢᠭᠤᠳ ᠨᠡᠪᠲᠡᠷᠡᠭᠦᠯᠭᠡ | ᠪᠠᠷ ᠪᠠᠷᠠᠭ᠎ᠠ ᠬᠤᠳᠠᠯᠳᠤᠵᠤ᠂ ᠪᠣᠷᠤᠯᠠᠭᠤᠯᠭ᠎ᠠ ᠶᠢᠨ ᠬᠡᠮᠵᠢᠶ᠎ᠡ ᠪᠠᠨ ᠨᠡᠮᠡᠭᠳᠡᠭᠦᠯᠦᠶ᠎ᠡ ᠭᠡᠵᠦ ᠪᠤᠳᠣᠵᠤ ᠪᠠᠶᠢᠨ᠎ᠠ︾ ᠭᠡᠵᠦ ᠾᠧᠦ ᠴᠦᠨ ᠷᠦᠩ ᠶᠠᠷᠢᠨ᠎ᠠ᠃ | 2023 ᠣᠨ ᠤ 9 ᠰᠠᠷ᠎ᠠ ᠳᠤ᠂ ᠯᠢᠦ ᠵᠢᠶᠠᠽᠢ ᠪᠠᠯᠭᠠᠰᠤ ︽ᠰᠢᠨ᠎ᠡ ᠲᠠᠷᠢᠶᠠᠴᠢᠨ ᠤ ᠲᠤᠰᠠᠯᠠᠭᠴᠢ︾ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠮᠠᠯᠴᠢᠨ ᠲᠠᠷᠢᠶᠠᠴᠢᠳ ᠲᠤ ᠣᠬᠤᠷ ᠸᠢᠳᠢᠤ᠋᠂ ᠬᠤᠪᠢ ᠶᠢᠨ ᠵᠠᠭᠤᠴᠢᠯᠠᠭᠤᠷ ᠤᠨ ᠲᠠᠪᠴᠠᠩ ᠤᠨ | ᠡᠵᠡᠩᠨᠡᠯᠲᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠵᠢᠭᠠᠵᠤ᠂ ᠨᠢᠭᠡ ᠪᠦᠯᠦᠭ ᠲᠠᠷᠢᠶᠠᠯᠠᠩ ᠤᠨ ᠵᠢᠭᠤᠯᠴᠢᠯᠠᠯ ᠢ | ᠤᠬᠠᠭᠤᠯᠤᠨ ᠳᠡᠯᠭᠡᠷᠡᠭᠦᠯᠬᠦ ᠴᠢᠳᠠᠪᠤᠷᠢᠲᠠᠨ᠂ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠣᠷ ᠰᠦᠯᠵᠢᠶᠡᠨ ᠤ ᠡᠵᠡᠨᠳᠡᠨ | ᠵᠡᠷᠭᠡ ᠤᠳᠤ ᠦᠶ᠎ᠡ ᠶᠢᠨ ︽ᠰᠢᠨ᠎ᠡ ᠲᠠᠷᠢᠶᠠᠴᠢᠨ︾ ᠢ ᠬᠥᠮᠥᠵᠢᠭᠦᠯᠵᠦ᠂ ᠣᠷᠣᠨ ᠨᠤᠲᠤᠭ ᠤᠨ ᠲᠠᠷᠢᠶᠠᠯᠠᠩ ᠤᠨ ᠪᠦᠲᠦᠭᠡᠭᠳᠡᠬᠦᠨ ᠢ ︽ᠡᠯᠧᠺᠲᠷᠣᠨ ᠬᠤᠳᠠᠯᠳᠤᠭᠠᠨ ᠤ | ᠲᠦᠷᠭᠡᠨ ᠲᠡᠷᠭᠡ︾ ᠳᠤ ᠭᠠᠷᠭᠠᠬᠤ ᠳᠤ ᠬᠦᠴᠦᠨ ᠨᠡᠮᠡᠷᠢᠯᠡᠵᠡᠢ᠃ ︽2024 ᠣᠨ ᠳᠤ᠂ ᠪᠢᠳᠡ ᠬᠠᠷᠢᠶ᠎ᠠ ᠣᠷᠣᠨ ᠤ ᠪᠠᠨ ᠮᠠᠯᠴᠢᠨ ᠲᠠᠷᠢᠶᠠᠴᠢᠳ ᠢ ᠬᠠᠪᠰᠤᠷᠤᠨ 30 | ᠭᠠᠷᠤᠢ ᠲᠠᠷᠢᠶᠠᠯᠠᠩ ᠤᠨ ᠪᠦᠲᠦᠭᠡᠭᠳᠡᠬᠦᠨ ᠤ ᠣᠬᠤᠷ ᠸᠢᠳᠢᠤ᠋ ᠰᠡᠭᠦᠳᠡᠷᠯᠡᠨ᠂ ᠦᠵᠡᠭᠰᠡᠨ ᠬᠡᠮᠵᠢᠶ᠎ᠡ 60 ᠲᠦᠮᠡ ᠶᠢ ᠳᠠᠪᠠᠵᠤ᠂ ᠭᠠᠴᠠᠭ᠎ᠠ ᠲᠣᠰᠬᠤᠨ ᠳᠤ ᠬᠦᠷᠴᠦ | ᠡᠯᠧᠺᠲᠷᠣᠨ ᠬᠤᠳᠠᠯᠳᠤᠭᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 28 ᠲᠠᠯᠠᠪᠤᠷ ᠤᠳᠠᠭ᠎ᠠ ᠡᠷᠭᠢᠯᠡᠵᠤ᠂ ᠮᠠᠯᠴᠢᠨ ᠲᠠᠷᠢᠶᠠᠴᠢᠨ 300 ᠭᠠᠷᠤᠢ | ᠬᠥᠮᠥᠨ ᠤᠳᠠᠭ᠎ᠠ ᠣᠷᠣᠯᠴᠠᠪᠠ᠂ ᠲᠠᠷᠠᠭᠠᠴᠢ ᠶᠢᠨ ᠠᠯᠬᠤᠮ ᠳᠤ ᠣᠬᠤᠷ ᠸᠢᠳᠢᠤ᠋ ᠰᠡᠭᠦᠳᠡᠷᠯᠡᠨ ᠨᠠᠶᠢᠷᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ | ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠡᠭᠡᠷ᠎ᠡ ᠬᠦᠴᠦ ᠲᠠᠯᠪᠢᠵᠤ᠂ ᠨᠠᠩ ᠣᠯᠠᠨ ᠮᠠᠯᠴᠢᠨ ᠲᠠᠷᠢᠶᠠᠴᠢᠨ ᠤ ᠣᠬᠤᠷ ᠸᠢᠳᠢᠤ᠋ ᠪᠠᠷ ᠳᠠᠮᠵᠢᠭᠤᠯᠤᠨ ᠥᠪᠡᠷ ᠤᠨ | ᠲᠠᠷᠢᠶᠠᠯᠠᠩ ᠤᠨ ᠪᠦᠲᠦᠭᠡᠭᠳᠡᠬᠦᠨ ᠢᠶᠠᠨ ᠤᠬᠠᠭᠤᠯᠬᠤ ᠶᠢ ᠲᠠᠶᠢᠴᠢᠯᠠᠵᠤ᠂ ᠣᠷᠣᠯᠭ᠎ᠠ ᠶᠢ ᠨᠢ ᠨᠡᠮᠡᠭᠳᠡᠭᠦᠯᠦᠨ᠎ᠡ︾ ᠭᠡᠵᠦ ᠯᠢᠦ ᠵᠢᠶᠠᠽᠢ ᠪᠠᠯᠭᠠᠰᠤᠨ ᠤ ᠨᠠᠮ ᠤᠨ | ᠬᠤᠷᠢᠶᠠᠨ ᠤ ᠤᠬᠠᠭᠤᠯᠬᠤ ᠭᠡᠰᠢᠭᠦᠨ ᠯᠢ ᠳ᠋ᠥᠸᠧ ᠷᠧᠨ ᠶᠠᠷᠢᠨ᠎ᠠ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠠᠪᠤᠴᠠ ᠳᠤ᠂ ᠨᠠᠰᠤᠨ ᠳᠤ ᠦᠯᠦ ᠭᠦᠷᠦᠭᠰᠡᠳ ᠪᠣᠯ | ᠰᠠᠶᠢᠨ ᠳᠤᠷᠠᠴᠤᠳ ᠤᠨ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠠᠮᠲᠤᠯᠢᠭ ᠪᠣᠯᠣᠨ᠎ᠠ᠃ ᠬᠠᠷᠠᠭᠤᠤ ᠭᠤᠣᠯ ᠪᠠᠭ᠎ᠠ ᠰᠤᠷᠭᠠᠭᠤᠯᠢ ᠳᠤ᠂ ᠬᠦᠷᠢᠶ᠎ᠡ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠠᠴᠠ ᠢᠷᠡᠭᠰᠡᠨ ᠨᠠᠰᠤᠨ ᠳᠤ ᠦᠯᠦ ᠭᠦᠷᠦᠭᠰᠡᠳ ᠤᠨ ᠪᠠᠶᠢᠴᠠᠭᠠᠬᠤ ᠠᠵᠢᠯ ᠤᠨ ᠰᠠᠶᠢᠨ ᠳᠤᠷᠠᠴᠤᠳ ᠶᠠᠭ ᠨᠠᠰᠤᠨ ᠳᠤ ᠥᠯᠥ | ᠭᠦᠷᠦᠭᠰᠡᠳ ᠲᠠᠢ ᠨᠢᠭᠲᠠ ᠬᠤᠯᠪᠤᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠵᠤ᠂ ᠰᠤᠷᠤᠬᠴᠢᠳ ᠲᠤ ᠬᠠᠤᠯᠢ ᠪᠠᠷ ᠵᠠᠰᠠᠬᠤ ᠬᠥᠮᠦᠵᠢᠯ ᠤᠨ | ᠠᠮᠢᠳᠤᠯᠢᠭ ᠬᠢᠴᠢᠶᠡᠯ ᠣᠷᠣᠵᠤ᠂ ᠲᠡᠳᠡᠨ ᠢ ᠬᠠᠪᠰᠤᠷᠤᠨ ︽ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠨᠢ ᠰᠠᠶᠢᠲᠤᠷ ᠲᠣᠪᠴᠢᠯᠠᠵᠤ︾ ᠥᠭᠪᠡ᠃ ︽ᠮᠠᠨ ᠤ | ᠪᠠᠶᠢᠴᠠᠭᠠᠬᠤ ᠬᠤᠷᠢᠶ᠎ᠠ ᠶᠢᠨ ᠨᠠᠰᠤᠨ ᠳᠤ ᠦᠯᠦ ᠭᠦᠷᠦᠭᠰᠡᠳ ᠤᠨ ᠪᠠᠶᠢᠴᠠᠭᠠᠬᠤ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠭᠦᠮ ᠪᠣᠯ 2018 | ᠣᠨ ᠳᠤ ᠪᠠᠶᠢᠭᠤᠯᠤᠭᠳᠠᠭᠰᠠᠨ ᠶᠤᠮ᠃ ᠪᠠᠶᠢᠭᠤᠯᠤᠭᠳᠠᠭᠰᠠᠨ ᠠᠴᠠ ᠨᠠᠭᠠᠰᠢ᠂ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠪᠤᠰᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠰᠤᠷᠭᠠᠨ ᠬᠥᠮᠥᠵᠢᠭᠦᠯᠬᠦ᠂ ᠠᠪᠤᠷᠠᠬᠤ ᠵᠢᠴᠢ | ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠬᠦ ᠶᠢ ᠰᠡᠷᠭᠡᠶᠢᠯᠡᠬᠦ ᠲᠠᠯ᠎ᠠ ᠪᠠᠷ ᠬᠦᠴᠦ ᠲᠠᠯᠪᠢᠵᠤ᠂ ᠣᠲᠣ ᠪᠤᠯᠲᠠᠯ᠎ᠠ ᠨᠢᠭᠡᠨᠲᠡ ᠪᠦᠭᠦ ᠬᠤᠰᠢᠭᠤᠨ ᠤ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠬᠥᠳᠡᠭᠡ ᠲᠣᠰᠬᠤᠨ ᠤ ᠵᠢᠭᠠᠨ ᠰᠤᠷᠭᠠᠯᠲᠠ ᠶᠢᠨ ᠴᠡᠭ ᠵᠡᠷᠭᠡ ᠳᠤ ᠭᠦᠨᠵᠡᠭᠡᠶᠢᠷᠡᠨ ᠬᠠᠤᠯᠢ ᠪᠠᠷ | ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠣᠭᠤᠷᠢᠨ ᠬᠢᠴᠢᠶᠡᠯᠯᠡᠬᠦ ᠠᠵᠢᠯᠯᠠᠭ᠎ᠠ ᠶᠢ 80 ᠭᠠᠷᠤᠢ ᠤᠳᠠᠭ᠎ᠠ ᠥᠷᠨᠢᠭᠦᠯᠵᠦ᠂ ᠰᠤᠷᠤᠬᠴᠢᠳ ᠢ | ᠤᠷᠢᠵᠤ ᠮᠠᠨ ᠤ ᠬᠤᠷᠢᠶᠠᠨ ᠤ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠢ 30 ᠭᠠᠷᠤᠢ ᠤᠳᠠᠭ᠎ᠠ ᠲᠣᠭᠤᠷᠢᠨ | ᠦᠵᠡᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ︾ ᠭᠡᠵᠦ ᠬᠦᠷᠢᠶ᠎ᠡ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠾᠧ ᠯᠢᠩ ᠯᠢᠩ ᠶᠠᠷᠢᠨ᠎ᠠ᠃ | ᠣᠯᠠᠨ ᠵᠢᠯ ᠤᠨ ᠲᠤᠷᠰᠢ᠂ ᠬᠦᠷᠢᠶ᠎ᠡ ᠬᠤᠰᠢᠭᠤ 205 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠲᠤ ᠲᠦᠰᠢᠭᠯᠡᠨ᠂ | ᠡᠬᠢ ᠪᠠᠶᠠᠯᠢᠭ ᠢ ᠪᠦᠭᠦ ᠲᠠᠯ᠎ᠠ ᠪᠠᠷ ᠨᠡᠶᠢᠳᠬᠡᠵᠦ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠭᠤᠣᠯ ᠰᠡᠳᠦᠪᠲᠦ | ᠠᠵᠢᠯᠯᠠᠭ᠎ᠠ ᠥᠷᠨᠢᠭᠦᠯᠬᠦ᠂ ᠲᠦᠷᠦᠯ ᠲᠡᠮᠳᠡᠭ ᠤᠨ ᠲᠦᠷᠦᠯ ᠵᠦᠢᠯ ᠢ ᠪᠣᠶᠢᠵᠢᠭᠤᠯᠬᠤ ᠪᠠᠷ ᠳᠠᠮᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ︽ᠰᠢᠨ᠎ᠡ ᠠᠮᠢᠵᠢᠷᠠᠯ ᠤᠨ | ᠬᠦᠴᠦᠨ︾ ᠢ ᠬᠥᠭᠵᠢᠭᠡᠵᠦ᠂ ᠤᠯᠠᠨ ᠲᠦᠮᠡᠨ ᠬᠠᠮᠢᠭ᠎ᠠ ᠪᠠᠶᠢᠪᠠᠯ ᠪᠣᠯᠪᠠᠰᠤᠨ ᠤ ᠦᠢᠯᠡᠳᠦᠯᠭᠡ ᠶᠢ ᠲᠡᠨᠳᠡ ᠭᠦᠷᠲᠡᠯ᠎ᠡ ᠦᠷᠭᠦᠯᠵᠢᠯᠡᠭᠦᠯᠵᠦ᠂ ᠤᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠳᠤ ᠣᠷᠤᠯᠴᠠᠬᠤ ᠨᠤᠷᠮ᠎ᠠ᠂ ᠬᠠᠨᠤᠮᠵᠢ ᠶᠢᠨ ᠨᠤᠷᠮ᠎ᠠ ᠴᠥᠮ 90% ᠠᠴᠠ ᠳᠡᠭᠡᠭᠰᠢ ᠳᠤ ᠭᠦᠷᠪᠡ᠃ | ︵ᠵᠢᠶᠠᠩ ᠮᠸᠢ ᠨᠠ ᠮᠡᠷᠭᠡᠵᠢᠯ︶ |