11 — 12 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ | | 11 ᠳ᠋ᠤᠭᠡᠷ ᠰᠠᠷ᠎ᠠ ᠶᠢᠨ 1 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠴᠢ ᠵᠣᠬᠢᠶᠠᠯ᠂ | ᠬᠠᠷᠢᠭᠤ ᠵᠠᠬᠢᠳᠠᠯ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠣᠳᠣᠬᠠᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ 2025 | ᠣᠨ ᠤ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠳᠠ᠂ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠦᠬᠦ ᠬᠤᠳᠠ ᠶᠢᠨ | ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠠᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠥᠬᠦ ᠬᠤᠲᠠ ᠶᠢᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠤᠳᠠᠰᠤᠲᠤ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 2 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ | ᠪᠦᠯᠬᠦᠮ ᠳᠠᠭᠠᠭᠤᠯᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠢ ᠨᠠᠮᠤᠷ ᠡᠪᠦᠯ ᠤᠨ ᠤᠯᠠᠷᠢᠯ ᠤᠨ ᠰᠢᠮᠳᠠᠭᠤᠯᠤᠨ | ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ | ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠴᠢᠬᠤᠯᠠ ᠶᠡᠭᠡ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | 11 ᠳ᠋ᠤᠭᠡᠷ ᠰᠠᠷ᠎ᠠ ᠶᠢᠨ 4 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠥᠬᠦ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ | ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠤᠯᠤᠰ᠂ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ | ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ | ᠣᠷᠣᠯᠴᠠᠵᠠᠶ᠃ | 11 ᠳ᠋ᠤᠭᠡᠷ ᠰᠠᠷ᠎ᠠ ᠶᠢᠨ 6 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ | ᠳᠠᠭᠠᠭᠤᠯᠤᠨ ᠱᠠᠩᠬᠠᠶ ᠬᠤᠲᠠ ᠳᠤ ᠬᠦᠷᠴᠦ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠬᠦᠯᠡᠩ ᠤᠨ ᠴᠤᠭᠯᠠᠭᠠᠨ᠂ 2024 ᠣᠨ ᠤ ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠣᠷᠴᠢᠨ ᠲᠤᠭᠤᠷᠢᠨ ᠢ ᠲᠠᠨᠢᠯᠴᠠᠭᠤᠯᠬᠤ ᠬᠤᠷᠠᠯ ᠳᠤ | ᠣᠷᠣᠯᠴᠠᠪᠠ᠃ | 11 ᠳ᠋ᠤᠭᠡᠷ ᠰᠠᠷ᠎ᠠ ᠶᠢᠨ 6 ᠤ ᠡᠳᠦᠷ ᠠᠴᠠ 10 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠮᠤᠤ ᠵᠧᠨ ᠬᠠᠶ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠬᠦᠷᠴᠦ ᠰᠢᠨᠵᠢᠶᠠᠩ ᠳᠤ ᠰᠠᠭᠤᠭ᠎ᠠ | ᠲᠦᠩᠯᠢᠶᠣᠣ ᠶᠢᠨ ᠠᠷᠠᠳ ᠤᠨ ᠴᠠᠭᠳᠠᠭ᠎ᠠ ᠶᠢ ᠪᠤᠯᠭᠤᠭᠠᠨ ᠲᠤᠬᠤᠨᠢᠭᠤᠯᠪᠠ᠃ | 11 ᠳ᠋ᠤᠭᠡᠷ ᠰᠠᠷ᠎ᠠ ᠶᠢᠨ 7 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ | ᠳᠠᠭᠠᠭᠤᠯᠤᠨ ᠱᠠᠩᠬᠠᠶ ᠶᠢᠨ ᠶᠤᠸᠠᠢ ᠰᠢᠩ ᠪᠦᠯᠦᠭᠯᠡᠯ᠂ ᠸᠠᠨ ᠹᠧᠩ ᠤᠲ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ | ᠪᠠᠶᠢᠴᠠᠭᠠᠵᠤ ᠵᠣᠯᠭᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠪᠥᠬᠦ ᠬᠤᠲᠠ ᠶᠢᠨ 2024 ᠣᠨ ᠤ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠵᠠᠳᠠᠯᠤᠯᠲᠠ ᠵᠢᠴᠢ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ | ᠲᠧᠯᠸᠢᠰ ᠤᠲᠠᠰᠤᠲᠤ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 8 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ | ᠭᠤᠤᠯ ᠬᠤᠲᠠ ᠲᠣᠭᠤᠷᠢᠭ ᠲᠤ ᠬᠦᠷᠴᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ | ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ | 11 ᠳ᠋ᠤᠭᠡᠷ ᠰᠠᠷ᠎ᠠ ᠶᠢᠨ 11 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠤᠯᠪᠣᠭᠳᠠᠯ ᠪᠥᠬᠦᠶ ᠲᠥᠰᠦᠯ ᠢ ᠰᠤᠳᠤᠯᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ 2024 ᠣᠨ ᠤ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | 11 ᠳ᠋ᠤᠭᠡᠷ ᠰᠠᠷ᠎ᠠ ᠶᠢᠨ 12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ | ᠬᠤᠲᠠ ᠶᠢᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠢᠭᠡᠳ ᠭᠦᠸᠧ ᠰᠢᠤᠸᠠᠨ ᠳᠡᠭᠡᠳᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ | ᠶᠣᠰᠣᠯᠠᠯ ᠳᠤ ᠤᠷᠤᠯᠴᠠᠵᠠᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠱᠢ ᠭᠤᠸᠠᠩ ᠬᠤᠢ ᠳᠤ ᠪᠠᠷ᠎ᠠ ᠪᠣᠯᠵᠣ ᠤᠶᠤᠨᠲᠤ ᠬᠤᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠳᠤ ᠬᠦᠷᠴᠦ ᠬᠤᠸᠠᠷ ᠫᠤᠤᠵᠢᠩ ᠤᠨ ᠠᠶᠤᠯᠭᠦᠶ ᠦᠢᠯᠡᠳᠪᠦᠷᠢᠯᠡᠯ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠠᠮᠢ ᠨᠠᠰᠤᠨ ᠤ ᠵᠠᠮ ᠢ | ᠨᠡᠪᠲᠡᠷᠡᠭᠦᠯᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠥᠪᠥᠷ ᠮᠣᠩᠭᠤᠯ᠂ ᠯᠢᠶᠣᠤᠨᠢᠩ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ | ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ︽ᠤᠮᠠᠷᠠᠲᠤ ᠶᠢᠨ ᠠᠮᠤ ᠪᠤᠳᠠᠭᠠᠨ ᠶᠢ ᠡᠮᠦᠨᠡᠰᠢ ᠲᠡᠭᠡᠭᠡᠪᠦᠷᠢᠯᠡᠬᠦ︾ ᠶᠢ ᠵᠣᠯᠭᠠᠭᠤᠯᠬᠤ | ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠪᠠᠶ ᠯᠢ ᠵᠦ ᠲᠦᠩᠯᠢᠶᠣᠤ ᠬᠤᠲᠠ ᠶᠢᠨ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠠᠩᠭᠢ ᠶᠢᠨ ᠠᠩᠬᠠᠳᠤᠭᠠᠷ ᠤᠳᠠᠭᠠᠨ ᠤ ᠬᠤᠷᠠᠯ ᠳᠤ | ᠣᠷᠣᠯᠴᠠᠪᠠ᠃ | 11 ᠳ᠋ᠤᠭᠡᠷ ᠰᠠᠷ᠎ᠠ ᠶᠢᠨ 14 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠬᠤᠲᠠ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠴᠢ᠊ · ᠳᠠᠯᠠᠨᠲᠠᠢ ᠭᠤᠤᠯ ᠬᠤᠲᠠ ᠶᠢᠨ ᠲᠣᠭᠤᠷᠢᠭ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠤᠯᠳᠠᠯᠭ᠎ᠠ ᠲᠠᠢ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠵᠤ᠂ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ ᠢ ᠰᠤᠳᠤᠯᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃ | 11 ᠳ᠋ᠤᠭᠡᠷ ᠰᠠᠷ᠎ᠠ ᠶᠢᠨ 19 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠳᠤᠮᠳᠠᠳᠤ | ᠤᠯᠤᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠨᠡᠶᠢᠭᠡᠮᠯᠢᠭ ᠤᠨ ᠰᠠᠯᠬᠢᠨ ᠡᠨᠧᠷᠭᠢ ᠶᠢᠨ ᠲᠤᠰᠬᠠᠶ ᠮᠡᠷᠭᠡᠵᠢᠯ ᠤᠨ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ | ᠴᠢᠨ ᠬᠠᠶ ᠶᠠᠨ ᠵᠡᠷᠭᠡ ᠠᠵᠤ ᠠᠬᠤᠶᠢᠯᠠᠯᠲᠠᠨ᠂ ᠲᠤᠰᠬᠠᠶ ᠮᠡᠷᠭᠡᠵᠢᠯᠲᠡᠨ ᠡᠷᠳᠡᠮᠲᠡᠳ ᠲᠠᠢ ᠠᠭᠤᠯᠵᠠᠵᠤ᠂ ᠪᠣᠬᠢᠷᠲᠤᠯ ᠥᠬᠡᠶ ᠮᠧᠲ᠋ᠢᠯ ᠠᠯᠺᠣᠣᠯ ᠢ ᠨᠢᠭᠡ | ᠴᠣᠭᠴᠠᠵᠢᠭᠤᠯᠬᠤ ᠲᠥᠷᠥᠯ ᠵᠦᠢᠯ ᠤᠨ ᠲᠤᠬᠠᠶ ᠭᠦᠨᠵᠡᠭᠡᠶ ᠵᠣᠯᠭᠠᠭᠤᠯᠤᠨ ᠰᠣᠯᠢᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠯᠢᠦᠶ ᠭᠦᠸᠧ ᠬᠤᠸᠠ ᠪᠥᠬᠦ ᠬᠤᠲᠠ ᠶᠢᠨ ᠬᠠᠤᠯᠢ ᠲᠣᠭᠲᠠᠭᠠᠯ ᠠᠴᠠ ᠵᠥᠷᠢᠴᠡᠨ | ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯᠵᠣᠨ ᠶᠠᠷᠢᠯᠴᠠᠬᠤ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 20 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠭᠤᠤᠯ | ᠬᠤᠲᠠ ᠲᠣᠭᠤᠷᠢᠭ ᠲᠤ ᠬᠦᠷᠴᠦ ᠨᠦᠬᠡᠴᠡᠯᠡᠭᠰᠡᠨ ᠭᠠᠵᠠᠷ᠂ ᠰᠤᠯᠠ ᠪᠠᠶᠢᠭ᠎ᠠ ᠭᠠᠵᠠᠷ ᠪᠠ ᠬᠤᠲᠠ ᠶᠢᠨ ᠰᠢᠨᠡᠳᠬᠡᠬᠦ ᠲᠥᠷᠥᠯ ᠵᠦᠢᠯ ᠤᠨ ᠪᠠᠶᠢᠳᠠᠯ ᠢ ᠪᠠᠶᠢᠴᠠᠭᠠᠨ | ᠰᠤᠳᠤᠯᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 11 ᠳ᠋ᠤᠭᠡᠷ ᠰᠠᠷ᠎ᠠ ᠶᠢᠨ 21 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ | ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ | 2024 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 21 ᠤ ᠡᠳᠦᠷ ᠠᠴᠠ 22 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠯᠢᠶᠣᠤᠨᠢᠩ ᠮᠤᠵᠢ ᠶᠢᠨ | ᠹᠦᠱᠦ᠋ᠨ ᠬᠤᠲᠠ ᠳᠤ ᠭᠢᠷᠢᠨ ᠮᠤᠵᠢ ᠶᠢᠨ ᠡᠮᠦᠨᠡᠲᠦ ᠬᠡᠰᠡᠭ ᠯᠢᠶᠤᠤᠨᠢᠩ ᠤᠨ ᠤᠮᠠᠷᠠᠲᠤ ᠬᠡᠰᠡᠭ ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠬᠤᠲᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠭᠤᠷᠪᠠᠳᠤᠭᠠᠷ ᠬᠤᠭᠤᠴᠠᠭᠠᠨ ᠤ ᠬᠤᠷᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 22 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠪᠠᠶ ᠯᠢ ᠵᠦ ᠬᠤᠲᠠ ᠶᠢᠨ ᠵᠠᠰᠠᠭ ᠤᠨ | ᠣᠷᠳᠣᠨ ᠬᠢᠭᠡᠳ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠰᠠᠭᠤᠳᠠᠯ ᠤᠨ ᠬᠤᠷᠠᠯ ᠵᠢᠴᠢ | ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠲᠦᠩᠯᠢᠶᠣᠤ ᠶᠢᠨ | ᠭᠢᠨᠳᠠᠨ ᠳᠤ ᠪᠠᠶᠢᠴᠠᠭᠠᠨ ᠰᠤᠳᠤᠯᠤᠯᠲᠠ ᠬᠢᠪᠠ᠃ | 11 ᠳ᠋ᠤᠭᠡᠷ ᠰᠠᠷ᠎ᠠ ᠶᠢᠨ 25 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠦᠯᠬᠦᠮ | ᠳᠠᠭᠠᠭᠤᠯᠤᠨ ᠰᠢᠶᠠᠮᠧᠨ ᠳᠤ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠶᠢᠵᠢᠯᠲᠠ ᠶᠢᠨ ᠬᠡᠯᠪᠡᠷᠢ ᠶᠢᠨ ᠡᠮ ᠡᠮᠨᠡᠯᠭᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠵᠤ᠂ ᠬᠤᠶᠠᠳᠤᠭᠠᠷ ᠬᠤᠭᠤᠴᠠᠭᠠᠨ ᠤ ᠡᠮ ᠡᠮᠨᠡᠯᠭᠡ ᠶᠢᠨ ᠴᠢᠨᠠᠷ ᠰᠠᠶᠢᠲᠠᠶ ᠬᠥᠭᠵᠢᠯᠲᠡ ᠶᠢᠨ | ᠬᠤᠲᠠ ᠶᠢᠨ ᠳᠠᠷᠤᠭ᠎ᠠ ᠶᠢᠨ ᠶᠠᠷᠢᠯᠴᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠲᠦᠩᠯᠢᠶᠣᠤ ᠶᠢᠨ | ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠢ ᠲᠠᠨᠢᠯᠴᠠᠭᠤᠯᠪᠠ᠃ | 11 ᠳ᠋ᠤᠭᠡᠷ ᠰᠠᠷ᠎ᠠ ᠶᠢᠨ 26 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠰᠢ ᠠᠨ ᠤ | ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠯᠢ ᠵᠦ ᠣᠷᠣᠯᠴᠠᠪᠠ᠃ | | 11 ᠳ᠋ᠤᠭᠡᠷ ᠰᠠᠷ᠎ᠠ ᠶᠢᠨ 27 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ | ᠬᠠᠷᠢᠭᠤ ᠮᠡᠳᠡᠭᠦᠯᠦᠯᠲᠡ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠴᠢᠨ ᠤ ᠲᠠᠯ᠎ᠠ ᠨᠤᠲᠤᠭ ᠤᠨ ᠠᠭᠤᠯᠠ | ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠂ ᠧᠦ᠋ᠷᠣᠫᠠ ᠪᠡᠯᠡ | ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢᠨ ᠣᠶᠢᠵᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ | 11 ᠳ᠋ᠤᠭᠡᠷ ᠰᠠᠷ᠎ᠠ ᠶᠢᠨ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠯᠢ ᠵᠦ G45 ᠳ᠋ᠠᠲ᠋ᠦ᠋ᠩ ᠭᠤᠸᠠᠩᠵᠸᠦ ᠶᠢᠨ ᠳᠡᠭᠡᠳᠦ | ᠬᠤᠷᠳᠤ ᠶᠢᠨ ᠵᠠᠰᠠᠮᠠᠯ ᠵᠠᠮ ᠬᠢᠭᠡᠳ ᠲᠦᠩᠯᠢᠶᠣᠤ ᠶᠢᠨ ᠳᠡᠭᠡᠳᠦ ᠬᠤᠷᠳᠤ ᠶᠢᠨ ᠲᠡᠮᠦᠷ ᠵᠠᠮ ᠤᠨ ᠳ᠋ᠠ ᠰᠢᠩ ᠰᠦᠢᠳᠭᠡᠯ ᠬᠤᠷᠢᠶᠠᠬᠤ ᠥᠷᠲᠡᠭᠡ ᠶᠢᠨ ᠲᠡᠷᠭᠡ | ᠨᠡᠪᠲᠡᠷᠡᠬᠦ ᠶᠣᠰᠣᠯᠠᠯ ᠳᠤ ᠣᠷᠣᠯᠴᠠᠪᠠ᠃ | 11 ᠳ᠋ᠤᠭᠡᠷ ᠰᠠᠷ᠎ᠠ ᠶᠢᠨ 29 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠴᠧᠨ ᠢ ᠮᠢᠩ ᠪᠦᠬᠦ ᠬᠤᠲᠠ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠬᠤᠷᠠᠯ ᠳᠤ ᠣᠷᠣᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠲᠣᠭᠠᠴᠢᠯᠠᠯᠲᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠪᠠ᠃ | 12 ᠳ᠋ᠤᠭᠠᠷ ᠰᠠᠷ᠎ᠠ ᠶᠢᠨ 1 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ᠂ ᠯᠢᠦᠶ ᠭᠦᠸᠧ ᠬᠤᠸᠠ ᠪᠥᠬᠦ | ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠵᠢᠯ ᠤᠨ ᠬᠤᠷᠠᠯ ᠳᠤ | ᠣᠷᠣᠯᠴᠠᠪᠠ᠃ | 12 ᠳ᠋ᠤᠭᠠᠷ ᠰᠠᠷ᠎ᠠ ᠶᠢᠨ 2 ᠤᠨ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ | ᠵᠧᠨ ᠬᠠᠶ ︽ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠨ ᠬᠠᠮᠲᠤ ᠪᠠᠷ ᠡᠭᠦᠳᠬᠦ︾ ᠠᠷᠪᠠᠨ ᠭᠤᠷᠪᠠᠳᠤᠭᠠᠷ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠡᠳᠦᠷ ᠤᠨ ᠠᠵᠢᠯᠯᠠᠭ᠎ᠠ᠂ ᠪᠥᠬᠦ ᠬᠤᠲᠠ ᠶᠢᠨ ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠶ | ᠵᠠᠰᠠᠯᠲᠠ ᠶᠢ ᠠᠬᠢᠭᠤᠯᠬᠤ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ | ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ 2024 ᠣᠨ ᠤ | ᠭᠤᠷᠪᠠᠳᠤᠭᠠᠷ ᠤᠳᠠᠭᠠᠨ ᠤ ᠬᠤᠷᠠᠯ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ | ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢᠨ | ᠲᠧᠯᠸᠢᠰ ᠤᠳᠠᠰᠤᠳᠤ ᠬᠤᠷᠠᠯ ᠢ ᠡᠷᠭᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 4 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ | ᠬᠤᠤᠯᠢᠩᠭᠤᠤᠯ ᠬᠤᠲᠠ᠂ ᠵᠠᠷᠤᠳ ᠬᠤᠰᠢᠭᠤᠨ ᠳᠤ ᠬᠦᠷᠴᠦ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | 12 ᠳ᠋ᠤᠭᠠᠷ ᠰᠠᠷ᠎ᠠ ᠶᠢᠨ 5 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠯᠢ ᠵᠦ ᠭᠤᠸᠠᠩᠳᠦ᠋ᠩ ᠮᠤᠵᠢ ᠶᠢᠨ ᠱᠠᠨᠲ᠋ᠧᠦ ᠬᠤᠲᠠ ᠳᠤ | 2024 ᠱᠠᠨᠲ᠋ᠧᠦ ᠬᠤᠲᠠ ᠶᠢᠨ ᠣᠯᠠᠨ ᠤᠯᠤᠰ ᠤᠨ ᠰᠠᠯᠬᠢᠨ ᠬᠦᠴᠦᠨ ᠤ ᠴᠠᠬᠢᠯᠭᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 6 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠲᠤᠰᠬᠠᠶ | ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠢᠯᠭᠠᠷᠠᠭᠤᠯᠬᠤ᠂ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠵᠠᠰᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠣᠷᠣᠯᠴᠠᠵᠠᠶ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠡᠭᠡᠭᠡᠯᠲᠡ ᠶᠢᠨ | ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | 12 ᠳ᠋ᠤᠭᠠᠷ ᠰᠠᠷ᠎ᠠ ᠶᠢᠨ 8 ᠤ ᠡᠳᠦᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ | ᠪᠦᠬᠦ ᠬᠤᠳᠠ ᠶᠢᠨ ᠥᠷᠢ ᠰᠢᠷᠢ ᠶᠢ ᠠᠷᠢᠯᠭᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 9 ᠤ ᠡᠳᠦᠷ ᠠᠴᠠ 11 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠯᠢ ᠵᠦ ᠰᠧᠴᠤᠸᠠᠨ ᠮᠤᠵᠢ ᠶᠢᠨ | ᠴᠧᠩᠳᠦ᠋ ᠬᠤᠲᠠ ᠳᠤ ᠳᠤᠤᠷ᠎ᠠ ᠤᠭᠲᠠᠷᠭᠤᠢ ᠶᠢᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠡ᠃ | 12 ᠳ᠋ᠤᠭᠠᠷ ᠰᠠᠷ᠎ᠠ ᠶᠢᠨ 10 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠶᠦᠩ ᠪᠥᠬᠦ ᠬᠤᠲᠠ ᠶᠢᠨ ᠴᠠᠯᠢᠩ ᠥᠷᠢᠲᠦᠬᠦ ᠶᠢ ᠵᠠᠰᠠᠬᠤ ᠡᠪᠦᠯ ᠤᠨ ᠤᠯᠠᠷᠢᠯ ᠤᠨ ᠠᠵᠢᠯᠯᠠᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠤᠳᠠᠰᠤᠳᠤ | ᠬᠤᠷᠠᠯ ᠢ ᠡᠷᠭᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 11 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ | ᠲᠦᠩᠯᠢᠶᠣᠤ ᠬᠤᠲᠠ ᠬᠢᠭᠡᠳ ᠳᠤᠮᠳᠠᠳᠤ ᠤᠯᠤᠰ ᠤᠨ ᠳᠠᠪᠤᠰᠤᠨ ᠤ ᠦᠢᠯᠡᠰ ᠤᠨ ᠪᠦᠯᠦᠭᠯᠡᠯ ᠤᠨ ᠰᠠᠭᠤᠳᠠᠯ ᠤᠨ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 11 ᠤ ᠡᠳᠦᠷ ᠠᠴᠠ 13 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠪᠡᠭᠡᠵᠢᠩ ᠬᠤᠲᠠ ᠳᠤ | ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠪᠠ᠃ | 12 ᠳ᠋ᠤᠭᠠᠷ ᠰᠠᠷ᠎ᠠ ᠶᠢᠨ 12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ | ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠰᠢᠶᠠᠩᠭᠠᠩ ᠤᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠬᠤᠯᠪᠣᠭᠠᠲᠤ | ᠴᠣᠭᠴᠠ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠠᠩ ᠬᠤᠸᠠᠨ ᡁᠢ ᠪᠠᠶᠠᠨᠨᠠᠭᠤᠷ ᠬᠤᠲᠠ ᠶᠢᠨ ᠳᠡᠳ᠋ | ᠳᠠᠷᠤᠭ᠎ᠠ ᠪᠢᠶᠠᠨ ᠰᠢᠤᠢ ᠳ᠋ᠦᠩ ᠨᠡᠷ ᠲᠤ ᠪᠠᠷ᠎ᠠ ᠪᠣᠯᠵᠤ ᠬᠤᠲᠠ ᠶᠢᠨ ᠮᠦᠽᠧᠶ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠪᠠᠷᠠᠭᠤᠨ | ᠯᠢᠶᠣᠤ ᠾᠧ ᠭᠤᠤᠯ ᠤᠨ ᠪᠣᠯᠪᠠᠰᠤᠨ ᠤ ᠦᠵᠡᠭᠦᠯᠦᠯᠭᠡ ᠪᠣᠯᠤᠨ ᠲᠦᠩᠯᠢᠶᠣᠤ ᠬᠤᠲᠠ ᠶᠢᠨ ᠲᠠᠢ ᠯᠠᠶ ᠠᠯᠲᠠ ᠮᠦᠩᠬᠦ ᠮᠥᠩᠭᠦᠨ ᠰᠤᠪᠤᠳ ᠡᠷᠳᠡᠨᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ | 12 ᠳ᠋ᠤᠭᠠᠷ ᠰᠠᠷ᠎ᠠ ᠶᠢᠨ 13 ᠤ ᠡᠳᠦᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠲᠤᠭᠤᠶᠢᠯᠠᠩ ᠤᠨ ᠱᠦᠵᠢ᠂ ᠬᠤᠳᠠ ᠶᠢᠨ ᠲᠠᠷᠤᠭ᠎ᠠ ᠴᠢ᠊ · ᠳᠠᠯᠠᠨᠲᠠᠢ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ︵ | ᠦᠷᠭᠡᠳᠭᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠤᠬᠢᠶᠠᠯ | ᠪᠠ ᠪᠠᠶᠠᠷ ᠤᠨ ᠴᠠᠬᠢᠯᠭᠠᠨ ᠴᠢᠮᠡᠭᠡ ᠶᠢᠨ ᠵᠤᠷᠢᠭ ᠰᠠᠨᠠᠭ᠎ᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠬᠤᠷᠠᠯ ᠤᠨ | ᠵᠤᠷᠢᠭ ᠰᠠᠨᠠᠭ᠎ᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠦᠷᠢᠮ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ | 12 ᠳ᠋ᠤᠭᠠᠷ ᠰᠠᠷ᠎ᠠ ᠶᠢᠨ 14 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠠᠩ ᠬᠤᠸᠠᠨ ᡁᠢ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ | ᠃ | 12 ᠳ᠋ᠤᠭᠠᠷ ᠰᠠᠷ᠎ᠠ ᠶᠢᠨ 15 ᠤ ᠡᠳᠦᠷ ᠬᠤᠳᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠴᠢ᠊ · ᠳᠠᠯᠠᠨᠲᠠᠢ᠂ ᠶᠠᠩ ᠬᠤᠸᠠᠨ ᡁᠢ ᠲᠦᠩᠯᠢᠶᠤᠤ | ᠬᠤᠳᠠ ᠶᠢᠨ ᠵᠠᠰᠠᠭ ᠤᠨ ᠤᠷᠳᠤᠨ ᠬᠢᠭᠡᠳ ᠵᠧᠵᠢᠶᠠᠩ ᠴᠢᠩᠬᠤᠸᠠ ᠶᠢᠨ ᠬᠦᠬᠡ ᠮᠦᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ ᠤᠨ ᠦᠪᠦᠷ | ᠮᠤᠩᠭᠤᠯ ᠤᠨ ᠰᠢᠨ᠎ᠠ ᠶᠢ ᠡᠬᠦᠳᠬᠦ ᠬᠦᠭᠵᠢᠯᠳᠡ ᠶᠢᠨ ᠰᠤᠳᠤᠯᠭᠠᠨ ᠤ ᠲᠦᠪ ᠤᠨ ᠶᠠᠷᠢᠯᠴᠠᠬᠤ ᠬᠤᠷᠠᠯ ᠳᠤ ᠤᠷᠤᠯᠴᠠᠪᠠ᠃ | 12 ᠳ᠋ᠤᠭᠠᠷ ᠰᠠᠷ᠎ᠠ ᠶᠢᠨ 16 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠭᠤᠤᠯ ᠪᠣᠯᠬᠤ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ | ᠶᠠᠷᠢᠯᠴᠠᠬᠤ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 17 ᠤ ᠡᠳᠦᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠶᠦᠩ 2024 ᠣᠨ ᠤ ᠬᠤᠳᠠ ᠶᠢᠨ ᠰᠢᠭᠤᠳ ᠬᠠᠷᠢᠶ᠎ᠠ ᠠᠵᠢᠯ ᠠᠴᠠ ᠪᠠᠨ ᠰᠠᠯᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠪᠠᠶᠢᠳᠠᠯ ᠤᠨ ᠲᠤᠬᠠᠢ | ᠮᠡᠳᠡᠭᠳᠡᠬᠦ ᠬᠤᠷᠠᠯ ᠳᠤ ᠣᠷᠣᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠠᠩ ᠬᠤᠸᠠᠨ ᡁᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠳ᠋ᠦᠩ ᠷᠤᠸᠠᠨ ᠪᠦᠯᠦᠭᠯᠡᠯ ᠤᠨ ᠠᠷᠠᠳ ᠤᠨ ᠳᠠᠭᠠᠳᠬᠠᠯ᠂ ᠬᠤᠷᠴᠢᠨ ᠤᠷᠠᠯᠢᠭ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ᠃ | 12 ᠳ᠋ᠤᠭᠠᠷ ᠰᠠᠷ᠎ᠠ ᠶᠢᠨ 18 ᠤ ᠡᠳᠦᠷ ᠬᠤᠳᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠴᠢ᠊ · ᠳᠠᠯᠠᠨᠲᠠᠢ᠂ ᠸᠠᠩ ᠶᠦᠩ᠂ ᠶᠠᠩ ᠬᠤᠸᠠᠨ ᡁᠢ ᠪᠦᠬᠦ | ᠬᠤᠳᠠ ᠶᠢᠨ ᠭᠤᠤᠯ ᠪᠤᠯᠬᠤ ᠬᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠶᠢᠨ ᠰᠠᠭᠤᠳᠠᠯ ᠤᠨ ᠬᠤᠷᠠᠯ ᠳᠤ | ᠤᠷᠤᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠪᠥᠬᠦ ᠬᠤᠲᠠ ᠶᠢᠨ ︽ | ᠶᠢᠰᠦᠨ ᠪᠠᠭ᠎ᠠ ᠲᠠᠯᠠᠪᠤᠷ︾ ᠤᠨ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠵᠠᠭᠪᠤᠷ ᠤᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠬᠤᠷᠠᠯ᠂ ᠭᠤᠤᠯ | ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠰᠢᠯᠢᠳᠡᠭᠵᠢᠭᠦᠯᠦᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 19 ᠤ ᠡᠳᠦᠷ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠢ ᠭᠦᠸᠧ ᠬᠤᠸᠠ ᠥᠪᠥᠷ ᠮᠣᠩᠭᠤᠯ ᠤᠨ ᠴᠢᠨᠠᠷ ᠰᠠᠶᠢᠲᠠᠢ | ᠠᠮᠤ ᠲᠤᠰᠤᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠤᠯᠭᠠᠭᠤᠯᠬᠤ ᠬᠤᠷᠠᠯ ᠳᠤ ᠣᠷᠣᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠯᠢ ᠵᠦ ᠬᠥᠬᠡᠬᠤᠲᠠ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠴᠠᠬᠢᠯᠭᠠᠨ | ᠲᠣᠤᠷ ᠤᠨ ᠲᠣᠨᠤᠭ ᠲᠥᠬᠦᠭᠡᠷᠦᠮᠵᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠮᠤᠤ ᠵᠧᠨ ᠬᠠᠶ ᠬᠥᠬᠡᠬᠤᠲᠠ ᠳᠤ ᠬᠦᠷᠴᠦ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ | ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 20 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ︽ᠥᠪᠥᠷ ᠮᠣᠩᠭᠤᠯ ᠤᠨ ᠤᠯᠤᠰ ᠤᠨ | ᠭᠠᠵᠠᠷ ᠰᠢᠷᠣᠶ ᠶᠢᠨ ᠪᠠᠶᠢᠴᠠᠭᠠᠯᠲᠠ ᠶᠢᠨ ᠡᠭᠦᠯᠡᠨᠴᠡᠷ︾ ᠤᠨ ᠲᠦᠩᠯᠢᠶᠣᠤ ᠶᠢᠨ ᠬᠤᠪᠢᠶᠠᠷᠢ ᠲᠥᠪ ᠢ ᠰᠦᠯᠵᠢᠶᠡᠨ ᠳᠤ ᠣᠷᠣᠭᠤᠯᠬᠤ ᠶᠣᠰᠣᠯᠠᠯ ᠳᠤ ᠣᠷᠣᠯᠴᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠯᠢ ᠵᠦ ᠾᠧᠨᠠᠨ ᠮᠤᠵᠢ ᠶᠢᠨ ᠯᠦᠸᠧ ᠶᠠᠩ ᠬᠤᠲᠠ ᠳᠤ ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠲᠥᠷᠥᠯ ᠵᠦᠢᠯ ᠢ ᠵᠣᠯᠭᠠᠭᠤᠯᠪᠠ᠃ | 12 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠠᠩ ᠬᠤᠸᠠᠨ ᡁᠢ | ᠲᠦᠩᠯᠢᠶᠣᠤ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ᠂ ᠲᠦᠩᠯᠢᠶᠣᠤ ᠶᠢᠨ | ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ 2025 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠠᠵᠢᠯ ᠤᠨ | ᠪᠠᠶᠢᠳᠠᠯ ᠢ ᠲᠣᠭᠤᠷᠢᠨ ᠪᠠᠶᠢᠴᠠᠭᠠᠪᠠ︔ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠵᠢᠴᠢ | ᠳᠣᠯᠣᠳᠤᠭᠠᠷ ᠬᠤᠭᠤᠴᠠᠭᠠᠨ ᠤ ᠬᠤᠷᠴᠢᠨ ᠤ ᠪᠡᠶ᠎ᠡ ᠶᠢᠨ ᠲᠠᠮᠢᠷ ᠤᠨ ᠶᠡᠭᠡ ᠬᠤᠷᠠᠯ ᠤᠨ ᠮᠥᠰᠥ ᠴᠠᠰᠤᠨ ᠤ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | 12 ᠳ᠋ᠤᠭᠠᠷ ᠰᠠᠷ᠎ᠠ ᠶᠢᠨ 24 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦᠶ ᠭᠦᠸᠧ ᠬᠤᠸᠠ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠰᠠᠨᠠᠯ ᠬᠤᠷᠢᠶᠠᠬᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 25 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠶᠦᠩ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠠᠯᠠ ᠮᠥᠩᠭᠦ ᠶᠢ ᠰᠠᠯᠭᠠᠨ ᠥᠭᠬᠦ ᠵᠢᠴᠢ ︽ᠬᠤᠶᠠᠷ ᠴᠢᠬᠤᠯᠠ︾ ︽ | ᠬᠤᠶᠠᠷ ᠰᠢᠨ᠎ᠡ︾ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠤᠤ ᠵᠧᠨ ᠬᠠᠶ ᠪᠥᠬᠦ ᠬᠤᠲᠠ ᠶᠢᠨ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 12 ᠳ᠋ᠤᠭᠠᠷ ᠰᠠᠷ᠎ᠠ ᠶᠢᠨ 26 ᠤ ᠡᠳᠦᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠯᠢ ᠵᠦ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 27 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ | ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠪᠠ ᠪᠠᠶᠠᠷ ᠤᠨ | ᠵᠠᠬᠢᠳᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠲᠦᠷᠢᠮ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ | ᠰᠤᠳᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 2025 ᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠲᠣᠬᠢᠷᠠᠭᠤᠯᠤᠯᠲᠠ᠂ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾᠂ ︽ᠲᠦᠩᠯᠢᠶᠣᠤ ᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ ︵ᠬᠢᠨᠠᠭᠤᠯᠬᠤ ᠨᠣᠤᠷᠠᠭ︶︾ ᠪᠠ ︽ᠲᠦᠩᠯᠢᠶᠣᠤ ᠬᠤᠲᠠ ᠶᠢᠨ 2024 ᠣᠨ ᠤ | ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ ︵ᠬᠢᠨᠠᠭᠤᠯᠬᠤ ᠨᠣᠤᠷᠠᠭ︶︾ ᠶᠢ ᠰᠤᠳᠤᠯᠪᠠ᠃ | ᠬᠤᠷᠠᠯ ᠠᠴᠠ ᠪᠠᠰᠠ ︽ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠳᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾᠂ ᠪᠦᠬᠦ ᠬᠤᠳᠠ ᠶᠢᠨ | 2024 ᠣᠨ ᠤ ᠭᠠᠮᠰᠢᠭᠳᠠᠭᠰᠠᠨ ᠤᠯᠠᠨ ᠲᠦᠮᠡᠨ ᠢ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠤᠨ ᠶᠠᠪᠤᠳᠠᠯ ᠵᠢᠴᠢ ᠪᠤᠰᠤᠳ ᠵᠦᠢᠯᠡᠰ ᠢ ᠰᠤᠳᠤᠯᠵᠠᠢ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠮᠢᠩ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠢᠨ ᠳᠤ ᠪᠠᠷ᠎ᠠ ᠪᠣᠯᠵᠤ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ | 12 ᠳ᠋ᠤᠭᠠᠷ ᠰᠠᠷ᠎ᠠ ᠶᠢᠨ 28 ᠤ ᠡᠳᠦᠷ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠪᠠᠢ ᠯᠢ ᠵᠤ᠋ ᠬᠤᠪᠸᠢ ᠶᠢᠨ ᠬᠤᠸᠠᠩ ᠱᠢ ᠬᠤᠳᠠ ᠪᠤᠯᠤᠨ | ᠲᠦᠩᠯᠢᠶᠤᠤ ᠬᠤᠳᠠ ᠶᠢᠨ ᠬᠠᠮᠳᠤᠷᠠᠨ ᠡᠷᠬᠢᠯᠡᠭᠰᠡᠨ ︽ᠬᠤᠸᠠᠩ ᠱᠢ ᠠᠩᠬᠠᠳᠤᠭᠠᠷ ᠬᠤᠭᠤᠴᠠᠭᠠᠨ ᠤ ᠡᠪᠦᠯ ᠤᠨ ᠨᠦᠬᠦᠪᠤᠷᠢ ᠴᠤᠭᠯᠠᠭᠠᠨ︾ ᠳᠤ ᠤᠷᠤᠯᠴᠠᠪᠠ᠃ | 12 ᠳ᠋ᠤᠭᠠᠷ ᠰᠠᠷ᠎ᠠ ᠶᠢᠨ 29 ᠤ ᠡᠳᠦᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠴᠢ᠊ · ᠳᠠᠯᠠᠨᠲᠠᠢ᠂ ᠶᠠᠩ ᠬᠤᠸᠠᠨ ᡁᠢ ᠲᠦᠩᠯᠢᠶᠣᠤ | ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ | 12 ᠳ᠋ᠤᠭᠠᠷ ᠰᠠᠷ᠎ᠠ ᠶᠢᠨ 30 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠶᠦᠩ ᠭᠤᠤᠯ ᠬᠤᠲᠠ ᠲᠣᠭᠤᠷᠢᠭ ᠲᠤ ᠬᠦᠷᠴᠦ᠂ ᠬᠤᠲᠠ ᠪᠠᠯᠭᠠᠰᠤ ᠶᠢᠨ ᠢᠯᠴᠢ ᠬᠠᠩᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ 2025 ᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ᠂ | ᠦᠵᠡᠯ ᠤᠬᠠᠮᠰᠠᠷ ᠤᠨ ᠬᠡᠯᠪᠡᠷᠢ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ | ᠪᠠᠶᠢᠴᠠᠭᠠᠨ ᠰᠤᠳᠤᠯᠤᠯᠲᠠ ᠬᠢᠪᠠ᠃ | 12 ᠳ᠋ᠤᠭᠠᠷ ᠰᠠᠷ᠎ᠠ ᠶᠢᠨ 31 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ᠊ · ᠳᠠᠯᠠᠨᠲᠠᠢ ᠪᠥᠬᠦ | ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠶᠠᠩ ᠬᠤᠸᠠᠨ ᡁᠢ ᠣᠷᠣᠯᠴᠠᠵᠠᠶ᠃ | |