ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/8
                                 ᠮᠧᠩ ᠰᠢᠶᠠᠨ ᠳ᠋ᠦᠩ  ᠴᠢ᠊ · ᠳᠠᠯᠠᠨᠲᠠᠢ ᠲᠤᠰ ᠲᠤᠰ ᠶᠠᠷᠢᠶ᠎ᠠ ᠲᠠᠯᠪᠢᠪᠠ      2 ᠳ᠋ᠤᠭᠠᠷ ᠰᠠᠷ᠎ᠠ ᠶᠢᠨ 6 ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ 2025 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠶᠢ ᠳᠠᠶᠢᠴᠢᠯᠠᠵᠤ᠂ ᠴᠢᠨᠠᠷ ᠰᠠᠶᠢᠲᠠᠶ ᠳᠠᠪᠠᠯᠲᠠ ᠲᠠᠢ ᠨᠡᠬᠡᠯᠲᠡ ᠳᠤ ᠰᠠᠶᠢᠨ ᠰᠠᠶᠢᠬᠠᠨ ᠡᠬᠢᠯᠡᠯᠲᠡ ᠲᠠᠢ ᠪᠣᠯᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠲᠣᠰ ᠲᠣᠰ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠴᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠶ ᠶᠦᠩ ᠴᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠢᠶᠠᠨ ᠴᠧᠨ ᠭᠤᠸᠠᠩ ᠡᠷᠭᠢᠯᠡᠪᠡ᠃      ᠮᠧᠩ ᠰᠢᠶᠠᠨ ᠳ᠋ᠦᠩ᠂ ᠬᠤᠳᠠᠯᠳᠤᠭᠠᠴᠢᠨ ᠤᠷᠢᠬᠤ ᠬᠤᠳᠠᠯᠳᠤᠭ᠎ᠠ ᠡᠵᠡᠩᠨᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠳᠠᠪᠠᠯᠲᠠ ᠲᠠᠢ ᠨᠡᠬᠡᠯᠲᠡ ᠶᠢᠨ ᠬᠥᠳᠡᠯᠭᠡᠬᠦ ᠬᠦᠴᠦᠨ ᠤ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠬᠤᠳᠠᠯᠳᠤᠭᠠᠴᠢᠨ ᠤᠷᠢᠬᠤ ᠬᠤᠳᠠᠯᠳᠤᠭ᠎ᠠ ᠡᠵᠡᠩᠨᠡᠬᠦ ᠠᠵᠢᠯ ᠤᠨ ᠵᠠᠩᠭᠢᠯᠠᠭ᠎ᠠ ᠶᠢᠨ ᠠᠯᠬᠤᠮ  ᠨᠢ᠂ ᠶᠠᠭ ᠰᠠᠶᠢᠬᠠᠨ ᠲᠦᠩᠯᠢᠶᠣᠤ ᠶᠢᠨ ᠠᠵᠤ ᠠᠬᠤᠢ ᠶᠢᠨ ᠬᠥᠭᠵᠢᠯᠲᠡ ᠳᠤ ᠪᠦᠬᠦ ᠲᠠᠯ᠎ᠠ ᠶᠢᠨ ᠰᠠᠨᠠᠭᠠᠴᠢᠯᠠᠭᠠᠲᠤ ᠡᠷᠬᠡ ᠶᠢ ᠠᠪᠴᠢᠷᠠᠵᠤ ᠥᠭᠴᠡᠢ︔ ᠪᠦᠬᠦ ᠬᠤᠳᠠ ᠶᠢᠨ ᠴᠢᠨᠠᠷ ᠰᠠᠶᠢᠲᠠᠢ ᠳᠠᠪᠠᠯᠲᠠ ᠲᠠᠢ ᠨᠡᠬᠡᠯᠲᠡ ᠶᠢᠨ ᠬᠠᠨᠳᠤᠰᠢ ᠶᠢ ᠲᠦᠷᠭᠡᠳᠬᠡᠨ ᠪᠦᠷᠢᠯᠳᠦᠭᠦᠯᠬᠦ ᠳᠤ᠂ ᠮᠠᠰᠢ ᠶᠡᠭᠡ ᠬᠡᠮᠵᠢᠶᠡᠨ ᠳᠡᠭᠡᠷ᠎ᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠨᠡᠩ ᠯᠠᠪᠳᠠᠭᠤᠨ ᠪᠠᠲᠤᠲᠠᠢ ᠬᠦᠴᠦᠲᠡᠢ᠂ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ ᠳᠡᠶᠢᠯᠬᠦ ᠡᠰᠡᠬᠦ ᠪᠠᠷ ᠲᠣᠭᠲᠠᠭᠠᠭᠳᠠᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠤᠷᠳᠤ ᠬᠤᠭᠤᠴᠠᠭ᠎ᠠ ᠪᠠᠷ ᠴᠢᠷᠮᠠᠶᠢᠬᠤ ᠶᠢᠨ ᠬᠠᠮᠲᠤ ᠲᠠᠰᠤᠷᠠᠯᠲᠠ ᠦᠭᠡᠢ ᠤᠷᠤᠭᠰᠢᠯᠠᠨ ᠳᠠᠪᠰᠢᠮᠠᠨᠵᠢᠨ᠂ ᠠᠵᠤ ᠠᠬᠤᠢ ᠶᠢᠨ ᠨᠡᠮᠡᠭᠳᠡᠯ ᠰᠠᠶ᠋ᠢ ᠦᠷᠭᠦᠯᠵᠢᠯᠡᠨ ᠬᠥᠳᠡᠯᠭᠡᠬᠦ ᠬᠦᠴᠦᠨ ᠢ ᠣᠯᠵᠤ ᠴᠢᠳᠠᠨ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠥᠪᠡᠷ ᠤᠨ ᠪᠡᠶ᠎ᠡ ᠳᠡᠭᠡᠨ ᠲᠠᠰᠤᠷᠠᠯᠲᠠ ᠦᠭᠡᠢ ᠬᠤᠪᠢᠰᠬᠠᠯ ᠬᠢᠮᠡᠨᠵᠢᠨ᠂ ︽ᠬᠤᠯᠠ ᠣᠶᠢᠷ᠎ᠠ ᠶᠢ ᠪᠠᠶᠠᠰᠬᠠᠨᠠᠮ︾ ᠬᠡᠮᠡᠬᠦ ᠭᠠᠵᠠᠷ ᠣᠷᠣᠨ ᠤ ᠲᠦᠷᠢ ᠲᠥᠷᠬᠦ ᠰᠠᠶ᠋ᠢ ᠦᠨᠡᠨ ᠬᠦ ᠪᠤᠢ ᠪᠣᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠨᠡᠩ ᠰᠠᠶᠢᠨ ᠦᠷ᠎ᠡ ᠪᠦᠲᠦᠮᠵᠢ ᠣᠯᠵᠤ ᠴᠢᠳᠠᠨ᠎ᠠ᠃ ᠪᠦᠬᠦ ᠬᠤᠳᠠ ᠪᠠᠷ ᠢᠶᠠᠨ ᠡᠷᠬᠡᠪᠰᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠪᠦᠬᠦ ᠲᠠᠯ᠎ᠠ ᠶᠢᠨ ᠠᠵᠢᠯ ᠳᠤ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠭᠦᠢᠴᠡᠳ ᠲᠠᠨᠢᠵᠤ᠂ ᠬᠦᠴᠦ ᠪᠠᠨ ᠲᠥᠪᠯᠡᠷᠡᠭᠦᠯᠦᠨ ᠰᠢᠨ᠎ᠡ ᠨᠢᠭᠡ ᠵᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠶᠡᠭᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠧᠩ ᠰᠢᠶᠠᠨ ᠳ᠋ᠦᠩ᠂ ᠲᠣᠮᠣ ᠶᠢ ᠤᠷᠢᠵᠤ ᠬᠦᠴᠦᠷᠬᠡᠭ ᠢ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ᠃ ᠰᠡᠳᠬᠢᠴᠡ ᠶᠢᠨ ᠲᠠᠯ᠎ᠠ ᠪᠠᠷ ᠲᠥᠷᠥᠯ ᠵᠦᠢᠯ ᠢ ᠲᠥᠰᠥᠪᠯᠡᠬᠦ ᠲᠤᠰᠬᠠᠶᠢᠵᠢᠭᠰᠠᠨ ᠬᠡᠮᠵᠢᠶ᠎ᠡ ᠨᠠᠷᠢᠯᠢᠭᠵᠢᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ︽ᠣᠶᠤᠨ ᠤ ᠬᠥᠮᠥᠷᠭᠡ︾ ︽ᠭᠠᠳᠠᠨᠠᠬᠢ ᠴᠢᠳᠠᠪᠤᠷᠢᠲᠠᠳ︾ ᠢ ᠦᠨᠡᠨ ᠬᠦ ᠪᠠᠶᠢᠭᠤᠯᠵᠤ᠂ ᠬᠡᠷᠡᠭᠯᠡᠬᠦ ᠬᠡᠷᠡᠭᠲᠡᠢ︔ ᠠᠷᠭ᠎ᠠ ᠵᠠᠮ ᠤᠨ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠲᠤᠰᠠᠲᠠᠶ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠬᠡᠷᠡᠭᠵᠢᠭᠦᠯᠦᠨ᠂ ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ᠂ ᠬᠦᠷᠢᠶᠡᠯᠡᠩ ᠲᠣᠭᠤᠷᠢᠭ ᠲᠤ ᠬᠤᠳᠠᠯᠳᠤᠭᠠᠴᠢᠨ ᠤᠷᠢᠬᠤ᠂ ᠣᠷᠣᠨ ᠠᠯᠤᠰᠯᠠᠵᠤ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠰᠦᠪᠡᠭᠴᠢᠯᠡᠨ ᠬᠡᠷᠡᠭᠵᠢᠭᠦᠯᠵᠦ᠂ ᠴᠢᠬᠤᠯᠠ ᠬᠦᠴᠦᠨ ᠵᠦᠢᠯ ᠤᠨ ᠢᠵᠢ ᠪᠥᠷᠢᠳᠦᠭᠦᠯᠬᠦ ᠴᠢᠳᠠᠪᠤᠷᠢ ᠳᠤ ᠲᠦᠰᠢᠭᠯᠡᠨ ᠬᠤᠳᠠᠯᠳᠤᠭᠠᠴᠢᠨ ᠤᠷᠢᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠤᠳᠠᠯᠳᠤᠭᠠᠴᠢᠨ ᠤᠷᠢᠬᠤ᠂ ᠬᠤᠯᠢᠮᠠᠭ ᠥᠮᠴᠢᠯᠡᠯ ᠤᠨ ᠲᠦᠷᠢᠮ ᠤᠨ ᠬᠠᠮᠲᠤᠷᠠᠯᠴᠠᠭ᠎ᠠ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠦᠭᠡᠢ ᠴᠠᠬᠢᠯᠭᠠᠨ ᠬᠢᠭᠡᠳ ᠠᠵᠤ ᠦᠢᠯᠡᠰ ᠢ ᠬᠠᠮᠵᠢᠯᠴᠠᠭᠤᠯᠤᠨ ᠨᠡᠭᠡᠭᠡᠨ ᠬᠥᠭᠵᠢᠭᠦᠯᠵᠦ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠪᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ᠎ᠡ︔ ᠦᠷ᠎ᠡ ᠳ᠋ᠦᠩ ᠤᠨ ᠲᠠᠯ᠎ᠠ ᠪᠠᠷ ᠲᠣᠮᠣ ᠶᠢ ᠤᠷᠢᠵᠤ ᠬᠦᠴᠦᠷᠬᠡᠭ ᠢ ᠣᠷᠣᠭᠤᠯᠬᠤ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠠᠩᠬᠠᠷᠴᠤ᠂ ᠲᠣᠮᠣ ᠲᠥᠷᠥᠯ ᠵᠦᠢᠯ ᠢᠶᠠᠷ ︽ᠲᠤᠯᠭᠠᠭᠤᠷᠢᠯᠠᠯ︾ ᠪᠣᠯᠭᠠᠵᠤ᠂ ᠵᠢᠵᠢᠭ ᠲᠥᠷᠥᠯ ᠵᠦᠢᠯ ᠤᠨ ︽ᠬᠥᠭᠵᠢᠯᠲᠡ︾ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠮᠧᠩ ᠰᠢᠶᠠᠨ ᠳ᠋ᠦᠩ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠦᠯᠲᠡ ᠡᠮᠬᠢ ᠵᠢᠷᠤᠮ ᠦᠭᠡᠢ ᠦᠵᠡᠭᠳᠡᠯ᠂ ᠠᠵᠤ ᠠᠬᠤᠶᠢᠯᠠᠯ ᠳᠤ ᠬᠤᠯᠪᠣᠭᠳᠠᠭᠰᠠᠨ ᠢᠯᠵᠠᠷᠠᠯ ᠤᠨ ᠦᠵᠡᠭᠳᠡᠯ᠂ ᠬᠠᠤᠯᠢ ᠴᠠᠭᠠᠵᠠ ᠶᠢᠨ ᠭᠤᠣᠯᠴᠢ ᠪᠤᠰᠤ ᠦᠵᠡᠭᠳᠡᠯ᠂ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠦᠵᠡᠭᠳᠡᠯ ᠵᠡᠷᠭᠡ ᠳᠤ ᠡᠷᠡᠰ ︽ᠴᠣᠬᠢᠯᠲᠠ ᠥᠭᠴᠦ︾᠂ ︽ᠭᠡᠷ᠎ᠡ ᠶᠢᠨ ᠵᠣᠷᠢᠭ ᠰᠠᠨᠠᠭ᠎ᠠ︾ ᠶᠢ ᠵᠣᠷᠢᠭᠲᠠᠢ ᠬᠠᠮᠠᠭᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠦᠨᠡᠨ ᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠧᠩ ᠰᠢᠶᠠᠨ ᠳ᠋ᠦᠩ᠂ ᠦᠷ᠎ᠡ ᠳ᠋ᠦᠩ ᠤᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠶ ᠥᠷᠨᠢᠯᠲᠡ ᠶᠢ ᠪᠣᠶ ᠪᠣᠯᠭᠠᠬᠤ ᠬᠡᠷᠡᠭᠲᠡᠶ᠃ ᠡᠯ᠎ᠡ ᠲᠥᠷᠥᠯ ᠤᠨ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ᠂ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠪᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠦᠷ᠎ᠡ ᠪᠦᠲᠦᠮᠵᠢ ᠶᠢ ᠦᠨᠡᠯᠡᠨ᠎ᠡ᠃ ᠪᠦᠬᠦ ᠬᠤᠳᠠ ᠪᠠᠷ ᠢᠶᠠᠨ ︽ᠪᠦᠬᠦ ᠬᠦᠴᠦᠨ ᠢᠶᠠᠷ ᠢᠶᠠᠨ ᠲᠡᠮᠡᠴᠡᠬᠦ︾ ᠡᠷᠴᠢ ᠵᠣᠷᠢᠭ ᠢᠶᠠᠷ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠳᠬᠤᠵᠤ᠂ ᠴᠠᠭ ᠮᠥᠴᠡ ᠶᠢ ᠠᠮᠵᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠴᠢ᠊ · ᠳᠠᠯᠠᠨᠲᠠᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ᠂ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠭᠤᠷᠪᠠᠨ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠦᠢᠯᠡᠰ ᠢ ᠪᠤᠶᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠡᠭᠦᠷᠭᠡ᠂ ᠦᠨᠡᠯᠡᠨ ᠵᠢᠱᠢᠬᠦ ᠪᠠᠷᠢᠮᠵᠢᠶ᠎ᠠ᠂ ᠬᠢᠯᠠᠰ ᠴᠡᠭ ᠢ ᠳᠠᠪᠲᠠᠨ ᠬᠡᠷᠡᠭᠯᠡᠬᠦ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ︽ᠠᠵᠢᠯᠯᠠᠭᠠᠨ ᠤ ᠲᠥᠰᠦᠯ︾ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ᠂ ᠲᠥᠷᠥᠯ ᠵᠦᠢᠯ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠣᠭᠲᠠᠴᠠ ᠶᠢ ᠲᠡᠭᠦᠯᠳᠡᠷᠵᠢᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ︽ᠢᠯᠡ ᠲᠣᠳᠣ ᠠᠳᠠᠯᠢᠳᠬᠠᠨ ᠦᠨᠡᠯᠡᠬᠦ︾ ᠲᠣᠭᠲᠠᠴᠠ ᠶᠢ ᠴᠢᠩᠭᠠᠳᠬᠠᠵᠤ᠂ ︽ᠭᠤᠷᠪᠠᠨ ᠬᠠᠭᠤᠳᠠᠰᠤ ᠨᠢᠭᠡ ᠵᠠᠬᠢᠳᠠᠯ︾ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤᠨ ᠤ ᠤᠷᠮ᠎ᠠ ᠵᠣᠷᠢᠭ ᠢ ᠭᠦᠢᠴᠡᠳ ᠲᠠᠶᠢᠴᠢᠯᠠᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠶᠦᠩ 2024 ᠣᠨ ᠤ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠷᠯᠠᠭᠰᠠᠨ ᠪᠥᠭᠡᠳ ︽ᠲᠦᠩᠯᠢᠶᠣᠤ ᠬᠤᠲᠠ ᠶᠢᠨ 2025 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭᠠᠨ ᠤ ᠲᠥᠰᠦᠯ︾ ᠳᠤ ᠲᠠᠶᠢᠯᠤᠮᠵᠢ ᠬᠢᠪᠠ ︔ ᠬᠤᠲᠠ ᠶᠢᠨ ᠳᠡᠳ᠋ ᠳᠠᠷᠤᠭ᠎ᠠ ᠪᠠᠢ ᠯᠢ ᠵᠦ 2024 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠷᠯᠠᠭᠰᠠᠨ ᠪᠥᠭᠡᠳ ︽ᠲᠦᠩᠯᠢᠶᠣᠤ ᠬᠤᠲᠠ ᠶᠢᠨ ︿ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ᠰᠠᠨᠠᠯ ᠬᠤᠷᠢᠶᠠᠬᠤ ᠨᠣᠣᠷᠠᠭ︶︾ ᠳᠤ ᠲᠠᠶᠢᠯᠤᠮᠵᠢ ᠬᠢᠪᠡ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ