ᠨᠠᠨᠦᠮᠧᠲᠷ ᠤᠨ ᠮᠡᠷᠭᠡᠵᠢᠯ ᠨᠢ ᠰᠢᠨ᠎ᠡ ᠵᠠᠭᠤᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠠᠵᠤ ᠦᠢᠯᠡᠰ ᠤᠨ ᠬᠢᠨ ᠤ ︽ᠰᠢᠨ᠎ᠡ ᠬᠥᠳᠡᠯᠭᠡᠬᠦ ᠬᠦᠴᠦᠨ︾ | ᠪᠣᠯᠤᠭᠰᠠᠨ ᠤ ᠬᠤᠪᠢ ᠳᠤ᠂ ᠨᠢᠭᠡᠨᠲᠡ ᠰᠢᠨ᠎ᠡ ᠮᠠᠲ᠋ᠧᠷᠢᠶᠠᠯ᠂ ᠣᠷᠴᠢᠨ ᠠᠬᠤᠢ ᠶᠢᠨ ᠬᠠᠮᠠᠭᠠᠯᠠᠯᠲᠠ᠂ ᠡᠯᠧᠺᠲᠷᠣᠨ ᠮᠡᠳᠡᠭᠡ ᠵᠠᠩᠭᠢ᠂ ᠡᠨᠧᠷᠭᠢ ᠶᠢᠨ ᠰᠤᠷᠪᠤᠯᠵᠢ ᠵᠡᠷᠭᠡ | ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠢᠯᠠᠩᠭᠤᠶ᠎ᠠ ᠡᠮᠴᠢᠯᠡᠭᠡᠨ ᠤ ᠴᠢᠭᠯᠡᠯ ᠳᠤ ᠴᠢᠬᠤᠯᠠ ᠬᠡᠷᠡᠭᠯᠡᠭᠡᠨ ᠤ ᠦᠨ᠎ᠡ ᠥᠷᠲᠡᠭ ᠢ ᠢᠯᠡᠷᠡᠭᠦᠯᠦᠭᠰᠡᠨ ᠪᠠᠶᠢᠨ᠎ᠠ᠃ | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠮ ᠤᠨ ᠬᠦᠴᠦᠨ ᠤ ᠪᠣᠳᠠᠰ ᠤᠨ ᠨᠠᠨᠦᠮᠧᠲᠷ ᠤᠨ ᠠᠮᠢᠳᠤ ᠪᠣᠳᠠᠰ ᠤᠨ ᠰᠡᠷᠡᠭᠳᠡᠯ ᠤᠨ | ᠰᠢᠨ᠎ᠡ ᠶᠢ ᠡᠭᠦᠳᠬᠦ ᠪᠦᠯᠭᠦᠮ ᠤᠨ ᠬᠢᠨ ᠣᠷᠳᠣ ᠬᠤᠭᠤᠴᠠᠭ᠎ᠠ ᠪᠠᠷ ᠮᠣᠩᠭᠤᠯ ᠡᠮ ᠤᠨ ᠬᠦᠴᠦᠨ ᠤ ᠪᠣᠳᠠᠰ ᠤᠨ ᠰᠠᠭᠤᠷᠢ᠂ ᠨᠠᠨᠦᠮᠧᠲᠷ ᠤᠨ ᠠᠮᠢᠳᠤ ᠪᠣᠳᠠᠰ ᠤᠨ | ᠰᠡᠷᠡᠭᠳᠡᠯ᠂ ᠠᠮᠢᠳᠤ ᠪᠣᠳᠠᠰ ᠤᠨ ᠮᠡᠳᠡᠭᠡ ᠵᠠᠩᠭᠢ ᠶᠢᠨ ᠤᠬᠠᠭᠠᠨ ᠬᠢᠭᠡᠳ ᠠᠨᠠᠭᠠᠬᠤ ᠤᠬᠠᠭᠠᠨ ᠤ ᠰᠣᠯᠪᠢᠴᠠᠯ ᠰᠢᠨᠵᠢᠯᠡᠭᠡᠨ ᠤ ᠰᠤᠳᠤᠯᠤᠯ ᠳᠤ ᠬᠦᠴᠦᠯᠡᠵᠦ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠢᠮᠢ ᠶᠢᠨ ᠤᠬᠠᠭᠠᠨ ᠬᠢᠭᠡᠳ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠲᠤ | ᠲᠦᠰᠢᠭᠯᠡᠨ᠂ ᠰᠢᠨ᠎ᠡ ᠶᠢ ᠡᠭᠦᠳᠬᠦ ᠴᠢᠨᠠᠷᠲᠠᠢ ᠰᠤᠳᠤᠯᠭᠠᠨ ᠢ ᠥᠷᠨᠢᠭᠦᠯᠵᠦ᠂ ᠠᠯᠢ ᠣᠯᠠᠨ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠣᠯᠵᠤ᠂ ᠮᠠᠨ ᠤ ᠤᠯᠤᠰ ᠤᠨ ᠨᠠᠨᠦᠮᠧᠲᠷ ᠤᠨ ᠠᠮᠢᠳᠤ ᠪᠣᠳᠠᠰ ᠤᠨ ᠰᠡᠷᠡᠯ ᠳᠠᠮᠵᠢᠭᠤᠯᠬᠤ ᠬᠦᠷᠢᠶᠡᠨ ᠳᠤ ᠴᠣ᠋ ᠰᠢᠨ᠎ᠡ ᠬᠥᠭᠵᠢᠯᠲᠡ ᠶᠢᠨ ᠰᠡᠳᠬᠢᠴᠡ ᠪᠠ | ᠬᠥᠭᠵᠢᠯᠲᠡ ᠶᠢᠨ ᠴᠢᠭᠯᠡᠯ ᠢ ᠬᠠᠩᠭᠠᠭᠰᠠᠨ ᠪᠠᠶᠢᠨ᠎ᠠ᠃ | ᠭᠡᠲᠦ ᠰᠣᠷᠭᠤᠭ ᠬᠡᠮᠵᠢᠶᠡᠨ ᠤ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠲᠠᠪᠴᠠᠩ ᠨᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠡᠷᠲᠡ | ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠲᠤᠬᠠᠶᠢᠯᠠᠭᠰᠠᠨ ᠰᠢᠨᠵᠢᠯᠡᠭᠡᠨ ᠳᠣᠲᠣᠷ᠎ᠠ ᠪᠠᠨ ᠲᠦᠷᠦᠭᠦᠯᠡᠬᠦ ᠪᠠᠶᠢᠷᠢᠨ ᠳᠤ ᠣᠷᠣᠵᠤ ᠪᠤᠢ᠃ ᠹᠣᠰᠹᠣᠷ | ᠬᠦᠴᠢᠯᠳᠦ ᠫᠧᠫᠲ᠋ᠢᠳ᠋ ᠤᠨ ᠥᠨᠳᠥᠷ ᠠᠰᠢᠭᠲᠤ ᠴᠤᠭᠯᠠᠷᠠᠯ ᠨᠢ ᠨᠢᠭᠡ ᠵᠦᠢᠯ ᠤᠨ ᠰᠢᠨ᠎ᠡ ᠰᠣᠷᠢᠨᠵᠢᠨ ᠴᠢᠨᠠᠷ ᠲᠠᠢ ᠡᠭᠡᠭᠦᠯᠦᠨ ᠬᠤᠷᠢᠶᠠᠵᠤ ᠪᠤᠯᠬᠤ ᠲᠡᠮᠦᠷᠯᠢᠭ ᠤᠨ | ᠣᠷᠭᠠᠨᠢᠭ ᠪᠣᠷᠣ ᠲᠥᠯᠥᠪ ᠤᠨ ᠮᠠᠲ᠋ᠧᠷᠢᠶᠠᠯ ᠢ ᠪᠦᠲᠦᠭᠡᠵᠦ᠂ ᠹᠣᠰᠹᠣᠷ ᠬᠦᠴᠢᠯᠳᠦ ᠫᠧᠫᠲ᠋ᠢᠳ᠋ ᠤᠨ ᠰᠣᠩᠭᠤᠯᠲᠠ ᠶᠢᠨ ᠴᠢᠨᠠᠷ ᠲᠠᠢ ᠴᠤᠭᠯᠠᠷᠠᠯ ᠢ ᠪᠡᠶᠡᠯᠡᠭᠦᠯᠵᠦ᠂ ᠭᠡᠳᠦ | ᠰᠣᠷᠢᠨᠵᠢᠨ ᠡᠶᠡᠷᠭᠦ ᠴᠢᠨᠠᠷ ᠲᠠᠢ ᠭᠤᠷᠪᠠᠨ ᠲᠡᠮᠦᠷ ᠤᠨ ᠳᠥᠷᠪᠡᠴᠢ ᠢᠰᠦᠯ ᠢᠶᠠᠷ ᠰᠣᠷᠢᠨᠵᠢᠨ ᠭᠤᠣᠯ ᠪᠤᠯᠭᠠᠵᠤ᠂ ᠦᠯᠢᠭᠡᠷ ᠡᠳ᠋ ᠤᠨ ᠪᠠᠶᠠᠯᠢᠭᠵᠢᠬᠤ ᠶᠠᠪᠤᠴᠠ ᠶᠢ | ᠳᠥᠭᠦᠮᠴᠢᠯᠡᠪᠡ᠃ ᠰᠢᠨ᠎ᠡ ᠭᠡᠯᠪᠡᠷᠢ ᠶᠢᠨ ᠪᠣᠬᠢᠷᠳᠤᠯ ᠢ ᠡᠰᠡᠷᠭᠦᠴᠡᠬᠦ ᠴᠠᠭᠢᠯᠭᠠᠨ ᠳᠠᠮᠵᠢᠭᠤᠯᠬᠤ ᠪᠥᠭᠡᠭᠡᠨᠡᠪᠦᠷᠢ ᠶᠢᠨ ᠱᠤᠸᠠᠰᠠ ᠨᠢ ᠠᠮᠢᠳᠤ ᠪᠣᠳᠠᠰ ᠤᠨ ᠰᠡᠷᠡᠯ | ᠳᠠᠮᠵᠢᠭᠤᠯᠬᠤ ᠬᠦᠷᠢᠶᠡᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠰᠢᠨᠵᠢᠯᠡᠭᠡᠨ ᠤ ᠰᠤᠳᠤᠯᠭᠠᠨ ᠳᠣᠲᠣᠷ᠎ᠠ ᠪᠠᠨ ᠲᠦᠷᠦᠭᠦᠯᠡᠬᠦ | ᠪᠠᠶᠢᠷᠢᠨ ᠳᠤ ᠪᠤᠢ᠃ ᠠᠽᠣᠲ ᠤᠨ ᠬᠤᠯᠢᠮᠠᠭ ᠦᠨᠦᠷᠲᠦ ᠨᠡᠭᠦᠷᠦᠭᠴᠢ ᠶᠢ ᠪᠠᠶᠢᠭᠤᠯᠬᠤ ᠰᠢᠨ᠎ᠡ ᠠᠷᠭ᠎ᠠ ᠨᠢ ᠠᠽᠣᠲ ᠤᠨ ᠬᠤᠯᠢᠮᠠᠭ ᠦᠨᠦᠷᠲᠦ ᠨᠡᠭᠦᠷᠦᠭᠴᠢ ᠶᠢᠨ | ᠭᠠᠷᠤᠯᠲᠠ ᠶᠢᠨ ᠨᠤᠷᠮ᠎ᠠ ᠪᠠ ᠴᠡᠪᠡᠷᠴᠡ ᠶᠢ ᠢᠯᠡᠳᠲᠡ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠮᠠᠰᠢ ᠰᠠᠶᠢᠨ ᠲᠦᠭᠡᠮᠡᠯ ᠴᠢᠨᠠᠷ ᠪᠠ ᠣᠷᠴᠢᠨ ᠠᠬᠤᠢ ᠶᠢ | ᠬᠠᠮᠠᠭᠠᠯᠠᠬᠤ ᠴᠢᠨᠠᠷ ᠲᠠᠢ ᠪᠠᠶᠢᠵᠤ᠂ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠪᠡᠶ᠎ᠡ ᠶᠢᠨ ᠨᠡᠶᠢᠯᠡᠯᠭᠡ ᠳᠤ ᠰᠢᠨ᠎ᠡ ᠠᠷᠭ᠎ᠠ ᠶᠢ ᠬᠠᠩᠭᠠᠵᠤ᠂ ᠬᠦᠷᠢᠶ᠎ᠡ ᠴᠠᠷᠠᠭᠠᠨ | ᠳᠣᠲᠣᠷ᠎ᠠ ᠪᠠᠨ ᠲᠦᠷᠦᠭᠦᠯᠡᠬᠦ ᠪᠠᠶᠢᠷᠢᠨ ᠳᠤ ᠣᠷᠣᠪᠠ᠃ | 2024 ᠣᠨ ᠳᠤ᠂ ᠲᠤᠰ ᠰᠢᠨ᠎ᠡ ᠶᠢ ᠡᠭᠦᠳᠬᠦ ᠪᠦᠯᠭᠦᠮ ᠨᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ 3 ᠵᠦᠢᠯ᠂ ᠥᠪᠥᠷ | ᠮᠣᠩᠭᠤᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ 3 ᠵᠦᠢᠯ ᠳᠤ ᠵᠥᠪᠰᠢᠶᠡᠷᠡᠭᠳᠡᠵᠡᠢ᠃ | |