ᠪᠠᠶᠠᠨᠲᠠᠯ᠎ᠠ ᠲᠠᠷᠢᠶᠠᠯᠠᠩ ᠤᠨ ᠲᠠᠯᠠᠪᠠᠢ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠵᠢᠷᠤᠭᠯᠠᠨ᠎ᠠ
ᠨᠡᠶᠢᠲᠡᠯᠡᠭᠰᠡᠨ ᠴᠠᠭ᠄
2025/2/8
      ᠥᠷᠯᠥᠭᠡ ᠪᠦᠷᠢ᠂ ᠬᠤᠭ ᠨᠣᠪᠰᠢ ᠵᠥᠭᠡᠭᠡᠪᠦᠷᠢᠯᠡᠬᠦ ᠲᠡᠷᠭᠡ ᠪᠠᠶᠠᠨᠲᠠᠯ᠎ᠠ ᠲᠠᠷᠢᠶᠠᠯᠠᠩ ᠤᠨ ᠲᠠᠯᠠᠪᠠᠶ ᠶᠢᠨ ᠵᠢᠷᠭᠤᠳᠤᠭᠠᠷ ᠬᠤᠪᠢᠶᠠᠷᠢ ᠲᠠᠯᠠᠪᠠᠶ ᠶᠢᠨ ᠲᠣᠰᠬᠤᠨ ᠤ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠨᠢᠭᠡᠳᠦᠯᠲᠡᠢ ᠪᠠᠷ ᠴᠡᠪᠡᠷᠯᠡᠨ ᠭᠠᠷᠭᠠᠵᠤ ᠲᠣᠰᠬᠤᠨ ᠠᠴᠠ ᠲᠥᠪᠯᠡᠷᠡᠭᠦᠯᠦᠨ ᠰᠢᠢᠳᠪᠦᠷᠢᠯᠡᠳᠡᠭ᠃ ᠲᠣᠰᠬᠤᠨ ᠤ ᠠᠷᠠᠳ ᠸᠠᠩ ᠢᠦᠢ ᠱᠠᠨ᠄ ︽ᠮᠠᠨ ᠤ ᠬᠢᠨ ᠵᠡᠭᠡᠯᠢ ᠲᠠᠢ ᠨᠢᠭᠤᠷᠯᠠᠳᠠᠭ ᠠᠴᠠ ᠡᠭᠦᠳᠡᠨ ᠳᠤ ᠬᠤᠭ ᠤᠨ ᠬᠠᠶᠢᠷᠴᠠᠭ ᠲᠠᠯᠪᠢᠵᠠᠢ᠂ ᠳᠦᠭᠦᠷᠪᠡᠯ ᠥᠪᠡᠷ ᠢᠶᠠᠨ ᠭᠡᠭᠡᠴᠢᠭᠡᠨ᠎ᠠ᠂ ᠵᠠᠷᠢᠮ ᠳᠠᠭᠠᠨ ᠴᠠᠭ ᠲᠤᠬᠠᠢ ᠳᠤᠨᠢ ᠭᠡᠭᠡᠵᠤ ᠳᠡᠶᠢᠯᠭᠦ ᠦᠭᠡᠢ ᠪᠣᠯ ᠮᠠᠭᠤᠬᠠᠢ ᠦᠨᠦᠷ ᠭᠠᠷᠤᠨ᠎ᠠ᠂ ᠤᠳᠤ ᠲᠣᠰᠬᠤᠨ ᠤ ᠣᠷᠴᠢᠨ ᠲᠣᠭᠤᠷᠢᠨ ᠶᠡᠭᠡ ᠪᠠᠷ ᠬᠤᠪᠢᠷᠠᠵᠤ᠂ ᠵᠠᠮ ᠳᠡᠭᠡᠷ᠎ᠡ ᠬᠤᠭ ᠨᠣᠪᠰᠢ ᠳᠤᠷ᠎ᠠ ᠪᠠᠷ ᠬᠡᠶᠢᠰᠬᠦ ᠦᠭᠡᠢ᠂ ᠶᠠᠪᠤᠬᠤ ᠳᠤᠳᠤᠮ ᠴᠡᠪᠡᠷᠰᠢᠵᠦ᠂ ᠭᠡᠷ ᠪᠠᠶᠢᠰᠢᠩ ᠢ ᠲᠣᠭᠤᠷᠢᠨ ᠪᠦᠷ ᠴᠡᠪᠡᠷ ᠴᠡᠮᠴᠡᠭᠡᠷ ᠪᠣᠯᠵᠤ᠂ ᠮᠠᠨ ᠤ ᠲᠣᠰᠬᠤᠨ ᠶᠠᠪᠤᠬᠤ ᠳᠤᠳᠤᠮ ᠭᠤᠶᠤ ᠰᠠᠶᠢᠬᠠᠨ ᠪᠣᠯᠵᠠᠢ︾ ᠭᠡᠵᠦ ᠰᠡᠳᠬᠢᠯ ᠳᠣᠭᠳᠣᠯᠤᠨ ᠬᠡᠯᠡᠪᠡ᠃      ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠣᠨ᠎ᠠ᠂ ᠮᠥᠨ ᠴᠤ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠯᠳᠤᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠨᠡ ᠵᠢᠯ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠲᠣᠰᠬᠤᠨ ᠤ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠶᠢᠨ ᠲᠥᠯᠥᠭᠡ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠤᠯᠠᠨ ᠲᠠᠯ᠎ᠠ ᠶᠢᠨ ᠬᠦᠴᠦᠨ ᠢ ᠭᠦᠢᠴᠡᠳ ᠪᠠᠳᠠᠷᠠᠭᠤᠯᠪᠠ᠃      ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠨᠢ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ ᠪᠣᠯᠣᠨ ᠲᠠᠯᠠᠪᠠᠢ ᠶᠢᠨ ᠳᠠᠷᠤᠭ᠎ᠠ ᠶᠡᠷᠦᠩᠬᠡᠢ ᠬᠠᠷᠢᠭᠤᠴᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠠᠯᠠᠪᠠᠢ ᠶᠢᠨ ᠳᠠᠷᠤᠭ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠭᠰᠠᠨ᠂ ᠡᠯ᠎ᠡ ᠬᠤᠪᠢᠶᠠᠷᠢ ᠲᠠᠯᠠᠪᠠᠢ ᠶᠢᠨ ᠨᠠᠮ ᠤᠨ ᠡᠭᠦᠷ ᠤᠨ ᠱᠦᠵᠢ ᠬᠠᠷᠢᠭᠤᠴᠠᠯᠭᠠᠲᠠᠨ ᠪᠣᠯᠤᠭᠰᠠᠨ ︽ᠭᠤᠷᠪᠠᠨ ᠳᠡᠰ︾ ᠤᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠨ ᠬᠡᠷᠡᠭᠵᠢᠭᠦᠯᠪᠡ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠠᠬᠤᠢ ᠶᠢ ᠴᠡᠭᠴᠡᠯᠡᠨ ᠵᠠᠰᠠᠬᠤ 26 ᠲᠣᠣᠷ ᠢ ᠵᠠᠭᠠᠭᠯᠠᠨ ᠲᠣᠭᠲᠠᠭᠠᠵᠤ᠂ 104 ᠬᠥᠮᠥᠨ ᠢ ᠡᠮᠬᠢᠯᠡᠨ ᠨᠡᠶᠢᠯᠡᠭᠦᠯᠵᠦ ᠲᠠᠶᠢᠴᠢᠯᠠᠨ᠂ ᠳᠦᠷᠢᠮ ᠲᠠᠢ᠂ ᠪᠠᠷᠢᠮᠵᠢᠶ᠎ᠠ ᠲᠠᠢ᠂ ᠡᠩᠨᠡᠭᠡ ᠲᠠᠢ᠂ ᠦᠷ᠎ᠡ ᠪᠦᠲᠦᠮᠵᠢ ᠲᠠᠢ ᠪᠠᠷ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠤᠨ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠭᠦ ᠲᠠᠯ᠎ᠠ ᠪᠠᠷ ᠲᠣᠭᠲᠠᠭᠠᠨ ᠬᠡᠷᠡᠭᠵᠢᠭᠦᠯᠪᠡ᠃      ᠪᠠᠶᠠᠨᠲᠠᠯ᠎ᠠ ᠲᠠᠷᠢᠶᠠᠯᠠᠩ ᠤᠨ ᠲᠠᠯᠠᠪᠠᠢ ︽ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠶᠢ ᠪᠠᠷᠢᠮᠲᠠᠯᠠᠵᠤ᠂ ︽ᠴᠡᠭ ᠱᠤᠭᠤᠮ ᠤᠨ ᠬᠡᠪᠴᠢᠶ᠎ᠡ︾ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠠᠷᠢᠶᠠᠴᠢᠨ ᠡᠷᠦᠭᠡ ᠣᠷᠤᠯᠴᠠᠬᠤ᠂ ᠲᠣᠰᠬᠤᠨ ᠤ ᠨᠠᠮ ᠤᠨ ᠡᠭᠦᠷ ᠴᠤᠭᠯᠠᠭᠤᠯᠬᠤ᠂ ᠲᠠᠷᠢᠶᠠᠯᠠᠩ ᠤᠨ ᠲᠠᠯᠠᠪᠠᠢ ᠶᠢᠨ ᠨᠠᠮ ᠤᠨ ᠬᠤᠷᠢᠶ᠎ᠠ ᠰᠢᠯᠵᠢᠭᠦᠯᠦᠨ ᠵᠥᠭᠡᠭᠡᠪᠦᠷᠢᠯᠡᠬᠦ ᠪᠠᠷ ᠬᠡᠪ ᠵᠠᠭᠪᠤᠷ ᠪᠣᠯᠭᠠᠨ᠂ ᠵᠠᠰᠠᠭ ᠤᠨ ᠣᠷᠳᠣᠨ᠂ ᠲᠣᠰᠬᠤᠨ ᠤ ᠬᠠᠮᠲᠤ ᠨᠡᠶᠢᠳᠡ᠂ ᠲᠣᠰᠬᠤᠨ ᠤ ᠠᠷᠠᠳ ᠤᠯᠠᠨ ᠲᠠᠯ᠎ᠠ ᠪᠠᠷ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ ᠪᠠᠶᠢᠷᠢᠰᠢᠯ ᠢ ᠪᠠᠶᠢᠭᠤᠯᠵᠤ᠂ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠣᠷᠣᠨ ᠪᠦᠰᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠬᠠᠷᠢᠶ᠎ᠠ ᠣᠷᠣᠨ ᠳᠤ ᠢᠯᠡᠷᠡᠭᠰᠡᠨ ᠬᠤᠭ ᠨᠣᠪᠰᠢ ᠪᠦᠭᠦᠨ ᠢ ᠰᠠᠶᠢᠲᠤᠷ ᠴᠡᠪᠡᠷᠯᠡᠭᠦᠯᠪᠡ᠃      ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠳᠤ ᠨᠠᠮ ᠵᠠᠰᠠᠭ ᠤᠨ ᠺᠠᠳ᠋ᠷ᠂ ᠨᠠᠮ ᠤᠨ ᠭᠡᠰᠢᠭᠦᠨ ᠵᠢᠴᠢ ᠰᠠᠶᠢᠨ ᠳᠤᠷᠠᠴᠤᠳ ᠤᠨ ᠡᠩᠨᠡᠭᠡ ᠶᠢᠨ ᠬᠦᠴᠦᠨ ᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠤᠯᠴᠠᠬᠤ ᠤᠬᠠᠮᠰᠠᠷ ᠢ ᠳᠡᠭᠡᠭᠰᠢᠯᠡᠭᠦᠯᠪᠡ᠃ ᠲᠣᠰᠬᠤᠨ ᠤ ᠠᠷᠠᠳ ᠲᠠᠢ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠱᠠᠭᠠᠷᠳᠠᠯᠭ᠎ᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠠᠶᠢᠯ ᠲᠣᠰᠬᠤᠨ ᠤ ᠠᠬ᠎ᠠ ᠳᠡᠭᠦᠦ ᠨᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠠᠮᠲᠤ ᠪᠠᠷ ᠣᠷᠤᠯᠴᠠᠬᠤ ᠶᠢ ᠬᠥᠲᠥᠯᠥᠨ ᠵᠢᠯᠤᠭᠤᠳᠴᠤ᠂ ᠥᠪᠡᠷ ᠤᠨ ᠭᠡᠷ ᠤᠨ ᠢᠶᠠᠨ ᠡᠷᠭᠢᠨ ᠲᠣᠭᠤᠷᠢᠨ ᠢ ᠰᠠᠨᠠᠭᠠᠴᠢᠯᠠᠭ᠎ᠠ ᠠᠴᠠ ᠪᠠᠨ ᠴᠡᠪᠡᠷᠯᠡᠬᠦ ᠶᠢᠨ ᠬᠠᠮᠲᠤ ᠲᠣᠰᠬᠤᠨ ᠤ ᠠᠷᠠᠳ ᠤᠨ ︽ᠠᠷᠪᠠᠨ ᠤᠳᠤᠨ ᠳᠡᠰ ᠤᠨ ᠪᠣᠯᠪᠠᠰᠤᠨ ᠡᠷᠦᠭᠡ︾ ᠶᠢᠨ ᠰᠢᠯᠭᠠᠷᠠᠭᠤᠯᠤᠯᠲᠠ ᠳᠤ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠵᠤ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠡᠭᠦᠯ ᠬᠠᠮᠠᠭᠠᠯᠠᠯ ᠤᠨ ᠤᠳᠤᠨ︾ ᠢᠶᠠᠷ ᠰᠣᠩᠭᠤᠭᠳᠠᠭᠰᠠᠨ ᠨᠡᠶᠢᠲᠡᠯᠢᠭ ᠡᠷᠦᠭᠡ ᠶᠢ ᠰᠠᠶᠢᠰᠢᠶᠠᠨ ᠬᠥᠬᠢᠭᠦᠯᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ ᠪᠣᠯᠣᠨ ᠬᠥᠳᠡᠭᠡ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠪᠠ᠃      ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠠᠴᠠ ᠡᠳᠦᠷ ᠪᠦᠷᠢ 2 ᠬᠤᠭ ᠨᠣᠪᠰᠢ ᠵᠥᠭᠡᠭᠡᠪᠦᠷᠢᠯᠡᠬᠦ ᠲᠡᠷᠭᠡ ᠲᠣᠮᠢᠯᠠᠵᠤ᠂ 8 ᠬᠤᠭ ᠨᠣᠪᠰᠢ ᠴᠡᠪᠡᠷᠯᠡᠨ ᠬᠤᠷᠢᠶᠠᠬᠤ ᠲᠡᠷᠭᠡ ᠶᠢ ᠥᠷᠯᠥᠭᠡ ᠶᠢᠨ 6 ᠴᠠᠭ ᠲᠤ ᠡᠯ᠎ᠡ ᠬᠤᠪᠢᠶᠠᠷᠢ ᠲᠠᠯᠠᠪᠠᠢ ᠳᠤ ᠣᠴᠢᠭᠤᠯᠵᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠬᠤᠷᠢᠶᠠᠵᠤ ᠳᠠᠮᠵᠢᠭᠤᠯᠬᠤ ᠦᠷᠳᠡᠭᠡ ᠳᠤ ᠲᠥᠪᠯᠡᠷᠡᠭᠦᠯᠦᠨ ᠰᠢᠯᠵᠢᠭᠦᠯᠵᠦ ᠪᠤᠢ᠃ ᠡᠳᠦᠷ ᠪᠦᠷᠢ ᠳᠤᠮᠳᠠᠴᠢ ᠪᠠᠷ ᠪᠠᠷᠤᠭ 2 ᠲᠣᠨ ᠴᠡᠪᠡᠷᠯᠡᠨ ᠲᠡᠭᠡᠭᠡᠪᠦᠷᠢᠯᠡᠬᠦ ᠬᠡᠮᠵᠢᠶ᠎ᠡ ᠪᠠᠷ ᠬᠠᠷᠢᠶ᠎ᠠ ᠣᠷᠣᠨ ᠤ ᠪᠤᠶ ᠪᠦᠬᠦᠢ ᠬᠤᠭ ᠨᠣᠪᠰᠢ ᠶᠢ ᠬᠤᠷᠢᠶᠠᠨ ᠴᠤᠭᠯᠠᠭᠤᠯᠬᠤ ᠶᠢ ᠪᠠᠲᠤᠯᠠᠵᠤ᠂ ᠠᠶᠢᠯ ᠲᠣᠰᠬᠤᠨ ᠤ ᠡᠳᠦᠷ ᠤᠨ ᠬᠤᠭ ᠨᠣᠪᠰᠢ ᠶᠢ ᠡᠳᠦᠷ ᠲᠤᠨᠢ ᠴᠡᠪᠡᠷᠯᠡᠬᠦ ᠶᠢ ᠪᠠᠲᠤᠯᠠᠵᠤ ᠪᠤᠢ᠃      ︽ᠪᠢᠳᠠ ᠪᠠᠶᠢᠩᠭᠤᠵᠢᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠴᠢᠨᠠᠭᠰᠢᠳᠠ ᠠᠬᠢᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠵᠠᠰᠠᠯᠲᠠ ᠶᠢ ᠪᠦᠭᠦᠨ ᠢ ᠪᠦᠷᠬᠦᠭᠦᠯᠬᠦ ᠬᠢᠨᠠᠯᠲᠠ ᠬᠠᠮᠢᠶᠠᠷᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠤᠯᠠᠨ ᠲᠦᠮᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠦᠭᠦ ᠠᠷᠠᠳ ᠢᠶᠠᠷ ᠢᠶᠠᠨ ᠬᠥᠳᠡᠯᠦᠯᠴᠡᠬᠦ᠂ ᠬᠥᠮᠥᠨ ᠪᠦᠭᠦᠨ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠂ ᠠᠷᠢᠭᠤᠨ ᠴᠡᠪᠡᠷ᠂ ᠲᠡᠷᠢ ᠲᠡᠭᠰᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠡᠭᠦᠳᠦᠨ᠎ᠡ︾ ᠭᠡᠵᠦ ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠨᠠᠰᠤᠨ ᠬᠡᠯᠡᠨ᠎ᠡ᠃      ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠨᠢ ᠬᠥᠳᠡᠭᠡ ᠲᠣᠰᠬᠤᠨ ᠤ ᠣᠷᠴᠢᠨ ᠲᠣᠭᠤᠷᠢᠨ ᠤ ᠶᠡᠭᠡ ᠠᠰᠠᠭᠤᠳᠠᠯ ᠪᠤᠯᠬᠤ ᠪᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠤ ᠪᠣᠯᠪᠠᠰᠤᠨ ᠤ ᠪᠣᠳᠠᠲᠤ ᠢᠯᠡᠷᠡᠯ ᠪᠤᠯᠬᠤ ᠶᠤᠮ᠃ ᠪᠠᠶᠠᠨᠲᠠᠯ᠎ᠠ ᠲᠠᠷᠢᠶᠠᠯᠠᠩ ᠤᠨ ᠲᠠᠯᠠᠪᠠᠢ ᠶᠢᠨ ᠬᠢᠨ ᠬᠥᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠭᠦ  ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠲᠣᠰᠬᠤᠨ ᠤ ᠠᠷᠠᠳ ᠤᠨ ᠠᠮᠢᠳᠤᠷᠠᠯ ᠤᠨ ᠠᠷᠭ᠎ᠠ ᠭᠡᠯᠪᠡᠷᠢ ᠶᠢ ᠨᠡᠩ ᠡᠷᠡᠭᠦᠯ ᠴᠢᠭᠢᠷᠠᠭ ᠪᠣᠯᠭᠠᠨ᠂ ᠠᠮᠢᠳᠤᠷᠠᠯ ᠤᠨ ᠣᠷᠴᠢᠨ ᠲᠣᠭᠤᠷᠢᠨ ᠢ ᠨᠡᠩ ᠰᠢᠯᠢᠳᠡᠭᠵᠢᠭᠦᠯᠵᠦ ᠪᠤᠢ᠃                                  ︵ᠯᠢᠦ ᠵᠢᠶᠦ᠋ᠨ ᠸᠠᠩ ᠶᠢᠩ ᠲᠤᠷᠤᠨ᠎ᠠ︶
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ