ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠄ ᠠᠷᠪᠠᠨ ᠵᠦᠢᠯ ᠤᠨ ᠠᠵᠢᠯᠯᠠᠭ᠎ᠠ ᠥᠷᠨᠢᠭᠦᠯᠵᠦ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠨᠡᠪᠲᠡᠷᠡᠯᠴᠡᠭᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/11
      3 ᠰᠠᠷ᠎ᠠ ᠶᠢᠨ 7 ᠤ ᠡᠳᠦᠷ᠂ ︽ᠭᠠᠷᠮᠠᠭᠠᠶᠢᠯᠠᠨ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠥᠷᠪᠡᠳᠦᠭᠡᠷ ᠲᠠᠯᠠᠪᠠᠢ ᠬᠤᠷᠠᠯ ᠬᠤᠷᠠᠯᠳᠤᠪᠠ᠃ ᠬᠤᠷᠠᠯ ᠳᠡᠭᠡᠷ᠎ᠡ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠷᠪᠠᠨ ᠵᠦᠢᠯ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠨᠡᠶᠢᠲᠡᠯᠡᠪᠡ᠃      ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︽ᠦᠵᠡᠯ ᠰᠠᠨᠠᠭ᠎ᠠ ᠶᠢ ᠰᠤᠷᠤᠯᠴᠠᠬᠤ᠂ ᠴᠢᠭᠯᠡᠯ ᠢ ᠲᠣᠳᠣᠷᠬᠠᠶᠢᠯᠠᠬᠤ᠂ ᠢᠲᠡᠭᠡᠯ ᠵᠣᠷᠢᠭ ᠢ ᠴᠢᠩᠭᠠᠳᠬᠠᠬᠤ᠂ ᠰᠢᠨ᠎ᠡ ᠭᠠᠪᠢᠶ᠎ᠠ ᠪᠠᠶᠢᠭᠤᠯᠬᠤ︾ ᠪᠠᠷ ᠭᠤᠣᠯ ᠰᠡᠳᠦᠪ ᠪᠤᠯᠭᠠᠬᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠭᠦ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠩᠨᠡᠭᠡ ᠶᠢ ᠬᠥᠮᠥᠵᠢᠭᠦᠯᠦᠨ᠎ᠡ᠃      ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠰᠠᠷ᠎ᠠ ᠪᠦᠷᠢ ︽ᠲᠥᠷᠥ ᠶᠢᠨ ᠪᠣᠳᠣᠯᠭ᠎ᠠ ᠶᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠤᠳᠤᠷᠢᠳᠤᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ︽ᠲᠥᠷᠥ ᠶᠢᠨ ᠪᠣᠳᠣᠯᠭ᠎ᠠ ᠶᠢᠨ ᠰᠢᠭᠤᠳ ᠨᠡᠪᠲᠡᠷᠡᠬᠦ ᠲᠡᠷᠭᠡ︾ ᠲᠤᠰᠬᠠᠢ ᠪᠤᠯᠤᠩ ᠭᠠᠷᠭᠠᠵᠤ᠂ ᠠᠵᠤ ᠠᠬᠤᠶᠢᠯᠠᠯ ᠳᠤ ᠵᠠᠬ᠎ᠠ ᠳᠡᠯᠭᠡᠭᠦᠷ ᠤᠨ ᠬᠤᠳᠠᠯᠳᠤᠭᠠᠨ ᠤ ᠲᠣᠭᠢᠶᠠᠯ ᠢ ᠡᠵᠡᠮᠰᠢᠭᠦᠯᠦᠨ᠎ᠡ᠃      ᠲᠦᠭᠰᠢᠭᠦᠷᠢ ᠶᠢ ᠰᠡᠷᠭᠡᠶᠢᠯᠡᠬᠦ ᠠᠵᠢᠯᠯᠠᠭ᠎ᠠ ᠶᠢ ᠥᠷᠨᠢᠭᠦᠯᠵᠦ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠴᠢᠶᠡᠯ ᠤᠨ ᠲᠠᠩᠬᠢᠮ︾ ᠵᠡᠷᠭᠡ ᠲᠠᠪᠴᠠᠩ ᠢ ᠠᠰᠢᠭᠯᠠᠨ ᠪᠣᠯᠪᠠᠰᠤᠷᠠᠯ ᠥᠷᠨᠢᠭᠦᠯᠵᠦ᠂ ᠠᠵᠤ ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠢᠲᠡᠭᠡᠮᠵᠢ ᠶᠢ ᠰᠡᠷᠭᠦᠭᠡᠬᠦ ᠶᠢ ᠠᠬᠢᠭᠤᠯᠵᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠲᠡᠭᠦᠯᠳᠡᠷᠵᠢᠭᠦᠯᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠣᠯᠣᠨ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃      ᠠᠵᠤ ᠠᠬᠤᠶᠢᠯᠠᠯ ᠳᠤ ᠦᠢᠯᠡᠴᠢᠯᠡᠬᠦ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠠᠷ᠎ᠠ ᠪᠦᠷᠢ ᠶᠢᠨ 20 ᠤ ᠡᠳᠦᠷ ᠢ ︽ᠠᠵᠤ ᠠᠬᠤᠶᠢᠯᠠᠯ ᠳᠤ ᠦᠢᠯᠡᠴᠢᠯᠡᠬᠦ ᠡᠳᠦᠷ︾ ᠪᠤᠯᠭᠠᠵᠤ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠪᠠ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠤᠷᠢᠶᠠᠨ ᠴᠤᠭᠯᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠢᠲᠡᠭᠦᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃      ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠵᠠᠰᠠᠭ ᠤᠨ ᠣᠷᠳᠣᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ︽ᠵᠠᠰᠠᠭ ᠤᠨ ᠣᠷᠳᠣᠨ ᠤ ᠨᠡᠭᠡᠭᠡᠯᠲᠡᠲᠤ ᠡᠳᠦᠷ︾ ᠢ ᠠᠰᠢᠭᠯᠠᠨ᠂ ᠰᠠᠷ᠎ᠠ ᠪᠦᠷᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠣᠴᠢᠭᠤᠯᠵᠤ ᠵᠠᠰᠠᠭ ᠤᠨ ᠶᠠᠪᠤᠳᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃      ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠵᠡᠷᠭᠡ ᠠᠵᠢᠯᠯᠠᠭ᠎ᠠ ᠶᠢ ᠥᠷᠨᠢᠭᠦᠯᠦᠨ᠂ ︽ᠬᠤᠳᠠᠯᠳᠤᠭᠠᠴᠢᠳ ᠤᠨ ᠡᠪᠯᠡᠯ ᠤᠨ ᠡᠶᠡᠳᠡᠭᠦᠯᠭᠡ + ᠠᠪᠴᠠᠭᠠᠨ ᠤ ᠪᠢᠴᠢᠭ ᠲᠤ ᠠᠯᠪᠠᠳᠠᠯᠭ᠎ᠠ ᠪᠠᠷ ᠬᠡᠷᠡᠭᠵᠢᠭᠦᠯᠬᠦ ᠬᠦᠴᠦᠨ ᠣᠯᠭᠤᠭᠰᠠᠨ ᠠᠯᠪᠠᠨ ᠭᠡᠷᠡᠴᠢᠯᠡᠭᠡ︾ ᠶᠢᠨ ᠵᠠᠷᠭᠤ ᠶᠢᠨ ᠪᠤᠰᠤ ᠮᠠᠷᠭᠤᠯᠳᠤᠭᠠᠨ ᠢ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ᠃      ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠤᠯᠠᠷᠢᠯ ᠪᠦᠷᠢ ᠳᠤ ︽ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ︾ ᠢ ᠡᠷᠭᠢᠯᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠢ ᠲᠣᠭᠲᠠᠭᠠᠨ ᠦᠢᠯᠡᠳᠬᠦ ᠶᠢ ᠠᠬᠢᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠨᠠᠮᠳᠠᠭᠤᠯᠤᠨ᠎ᠠ᠃      ᠴᠢᠳᠠᠪᠤᠷᠢᠲᠠᠨ ᠪᠠ ᠠᠵᠢᠯᠲᠠᠨ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ᠂ ︽ᠠᠵᠤ ᠠᠬᠤᠶᠢᠯᠠᠯᠲᠠᠨ ᠰᠤᠷᠭᠠᠭᠤᠯᠢ ᠶᠢᠨ ᠬᠦᠷᠢᠶᠡᠨ ᠳᠤ ᠣᠷᠣᠬᠤ︾ ᠶᠢ ᠠᠬᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ ᠪᠠ ᠴᠢᠳᠠᠪᠤᠷᠢᠲᠠᠨ ᠨᠥᠭᠡᠴᠡᠯᠡᠬᠦ ᠠᠰᠠᠭᠤᠳᠠᠯ ᠢ ᠰᠢᠢᠳᠪᠦᠷᠢᠯᠡᠨ᠎ᠡ᠃      ᠬᠠᠮᠲᠤᠷᠠᠯᠴᠠᠭᠠᠨ ᠤ ᠲᠠᠪᠴᠠᠩ ᠤᠨ ᠴᠢᠳᠠᠮᠵᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠤ ᠣᠷᠣᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠭᠠᠳᠠᠨ᠎ᠠ ᠣᠷᠣᠨ ᠤ ᠬᠤᠳᠠᠯᠳᠤᠭᠠᠴᠢᠳ ᠤᠨ ᠡᠪᠯᠡᠯ ᠲᠠᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠳᠤ ᠬᠦᠴᠦᠨ ᠨᠡᠮᠡᠷᠢᠯᠡᠨ᠎ᠡ᠃      ︽ᠮᠢᠩᠭᠠᠨ ᠠᠵᠤ ᠠᠬᠤᠶᠢᠯᠠᠯ ᠲᠦᠮᠡᠨ ᠡᠷᠦᠭᠡ ᠬᠤᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ︾ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠠᠵᠤ ᠦᠢᠯᠡᠰ ᠤᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠤᠨ᠎ᠠ᠃       ᠳᠠᠷᠠᠭᠠᠴᠢ ᠶᠢᠨ ᠠᠯᠬᠤᠮ ᠳᠤ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠦᠷᠭᠦᠯᠵᠢᠯᠡᠨ ︽ᠬᠤᠶᠠᠷ ᠡᠷᠡᠭᠦᠯ ᠮᠡᠨᠳᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠡᠷᠬᠡ ᠲᠡᠭᠰᠢ ᠨᠡᠭᠡᠭᠡᠯᠲᠡᠲᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ