3 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ︽ᠭᠠᠷᠮᠠᠭᠠᠶᠢᠯᠠᠨ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠳᠥᠷᠪᠡᠳᠦᠭᠡᠷ ᠲᠠᠯᠠᠪᠠᠢ ᠬᠤᠷᠠᠯ ᠳᠡᠭᠡᠷ᠎ᠡ ᠨᠡᠶᠢᠲᠡᠯᠡᠭᠰᠡᠨ ᠢᠶᠠᠷ᠂ ᠡᠨᠡ ᠵᠢᠯ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠢᠶᠠᠷ ᠤᠳᠤᠷᠢᠳᠤᠮᠵᠢ ᠪᠤᠯᠭᠠᠵᠤ᠂ ︽ᠵᠢᠷᠭᠤᠭᠠᠨ ᠶᠡᠭᠡ ᠲᠣᠭᠲᠠᠴᠠ︾ ᠪᠠᠷ ᠰᠢᠨ᠎ᠡ ᠶᠢ ᠡᠭᠦᠳᠴᠦ᠂ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠡᠶᠡᠳᠡᠭᠦᠯᠦᠨ᠂ ᠠᠵᠢᠯ ᠲᠥᠷᠥᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠵᠣᠬᠢᠶᠠᠨ | ᠪᠠᠶᠢᠭᠤᠯᠤᠯᠲᠠ ᠶᠢᠨ ᠣᠷᠣᠵᠤ ᠰᠠᠭᠤᠬᠤ ᠶᠢ ᠲᠦᠯᠬᠢᠨ ᠠᠬᠢᠭᠤᠯᠵᠤ᠂ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠵᠥᠷᠢᠴᠡᠯ | ᠠᠶᠤᠯ ᠲᠦᠭᠰᠢᠭᠦᠷᠢ ᠶᠢ ᠨᠠᠮᠳᠠᠭᠤᠯᠤᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠢ ᠵᠠᠰᠠᠯᠲᠠ ᠶᠢ ᠲᠦᠯᠬᠢᠨ ᠠᠬᠢᠭᠤᠯᠵᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠨ᠎ᠠ᠃ | ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠵᠠᠮ ᠬᠠᠷᠢᠯᠴᠠᠭᠠᠨ ᠤ | ᠭᠤᠣᠯᠳᠠᠯᠭ᠎ᠠ ᠲᠠᠢ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠪᠡᠰᠦᠪᠡᠨ ᠪᠠᠷᠢᠭᠰᠠᠨ ᠭᠡᠷ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ | ᠬᠤᠭᠤᠯᠠᠢ ᠵᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮ ᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠦ ᠡᠷᠢᠵᠦ ᠬᠡᠷᠡᠭ ᠡᠳᠦᠭᠦ᠂ ᠫᠤᠤ ᠵᠡᠪᠰᠡᠭ | ᠳᠡᠯᠪᠡᠷᠡᠯᠲᠡ ᠳᠤ ᠬᠤᠯᠪᠣᠭᠳᠠᠬᠤ᠂ ᠴᠠᠭᠢᠯᠭᠠᠨ ᠬᠤᠯᠪᠤᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠥᠷᠢᠴᠡᠯ ᠵᠢᠭᠤᠷᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠨ᠎ᠡ᠃ ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ ᠲᠥᠪᠬᠢᠨᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠢ ᠪᠠᠲᠤᠯᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ | ᠬᠥᠮᠦᠵᠢᠯ ᠤᠬᠠᠭᠤᠯᠭ᠎ᠠ ᠶᠢ ᠴᠢᠩᠭᠠᠳᠬᠠᠵᠤ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠠᠭᠤᠳᠠᠯᠤᠨ ᠬᠠᠮᠠᠭᠠᠯᠠᠬᠤ ᠪᠠ ᠳᠡᠯᠭᠡᠷᠡᠭᠦᠯᠵᠦ᠂ ︽ᠭᠤᠷᠪᠠᠨ | ᠵᠦᠢᠯ ᠤᠨ ᠲᠥᠯᠥᠪᠯᠡᠭᠡ︾ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ᠃ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠬᠤ ᠳᠤ ᠬᠦᠴᠢᠷᠲᠡᠢ ᠬᠥᠮᠥᠰ ᠤᠨ ᠬᠢᠵᠠᠭᠠᠷ ᠱᠤᠭᠤᠮ ᠢ ᠪᠠᠲᠤ ᠰᠠᠬᠢᠵᠤ᠂ | ︽ᠲᠠᠪᠤᠨ ᠵᠦᠢᠯ ᠤᠨ ᠠᠵᠢᠯᠯᠠᠭ᠎ᠠ︾ ᠶᠢ ᠬᠡᠷᠡᠭᠵᠢᠭᠦᠯᠦᠨ ᠰᠤᠷᠤᠬᠴᠢᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠬᠡᠦᠬᠡᠳ ᠪᠠᠭᠠᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠤᠳᠠ ᠪᠠᠯᠭᠠᠰᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | |