2025 ᠣᠨ ᠠᠴᠠ ᠨᠠᠭᠠᠰᠢ᠂ ᠬᠤᠷᠴᠢᠨ ᠲᠣᠭᠤᠷᠢᠭ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠪᠠᠷ ᠭᠠᠷᠳᠠᠴᠠ ᠪᠤᠯᠭᠠᠵᠤ᠂ ᠲᠦᠷᠦ ᠶᠢᠨ | ᠪᠣᠳᠣᠯᠭ᠎ᠠ ᠪᠠᠷ ᠲᠡᠳᠬᠦᠬᠦ᠂ ᠡᠬᠢ ᠪᠠᠶᠠᠯᠢᠭ ᠢ ᠨᠡᠶᠢᠳᠬᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠤᠯᠠᠨ ᠲᠠᠯ᠎ᠠ ᠪᠠᠷ ᠬᠦᠴᠦᠯᠡᠵᠦ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠬᠡᠷᠡᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ | ᠪᠠᠲᠤᠯᠠᠭ᠎ᠠ ᠶᠢᠨ ᠲᠤᠰᠬᠠᠢ ᠲᠥᠯᠥᠪᠯᠡᠭᠡ ᠶᠢ ᠨᠠᠷᠢᠨ ᠨᠢᠮᠪᠠᠢ ᠲᠣᠭᠲᠠᠭᠠᠬᠤ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠬᠡᠷᠡᠭᠯᠡᠬᠦ ᠡᠭᠦᠷᠭᠡ ᠶᠢ ᠤᠯᠠᠷᠢᠯ ᠢᠶᠠᠷ | ᠨᠠᠶᠢᠳᠠᠪᠤᠷᠢᠵᠢᠭᠤᠯᠵᠤ᠂ ᠵᠢᠱᠢᠯᠲᠡ ᠪᠠᠷ ᠪᠦᠭᠦ ᠵᠢᠯ ᠳᠤ 1720 ᠬᠥᠮᠥᠨ ᠤ ᠠᠵᠢᠯᠲᠠᠨ ᠠᠵᠢᠯᠴᠢᠨ ᠬᠡᠷᠡᠭᠯᠡᠬᠦ ᠳᠤᠲᠠᠭᠤᠳᠠᠯ ᠢ ᠰᠢᠢᠳᠪᠦᠷᠢᠯᠡᠬᠦ ᠪᠣᠯᠣᠨ᠎ᠠ᠃ | ︽ᠴᠠᠭᠠᠨ ᠰᠠᠷ᠎ᠠ ᠶᠢᠨ ᠳᠠᠷᠠᠭᠠᠬᠢ︾ ᠡᠨᠡ ᠬᠦ ᠴᠢᠬᠤᠯᠠ ᠬᠥᠯᠥᠰᠦᠨ ᠠᠵᠢᠯᠴᠢᠨ ᠤ ᠠᠵᠢᠯ ᠬᠢᠬᠦ᠂ ᠠᠵᠢᠯ ᠤᠨ ᠪᠠᠶᠢᠷᠢ ᠳᠠᠭᠠᠨ ᠪᠤᠴᠠᠬᠤ ᠣᠷᠭᠢᠯ ᠤᠨ | ᠬᠤᠭᠤᠴᠠᠭ᠎ᠠ ᠶᠢ ᠵᠠᠪᠳᠤᠨ ᠠᠳᠬᠤᠵᠤ᠂ ᠡᠭᠦᠨ ᠤ ᠬᠠᠮᠲᠤ ᠡᠯ᠎ᠡ ᠲᠥᠷᠥᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠠᠵᠢᠯ | ᠡᠬᠢᠯᠡᠭᠦᠯᠬᠦ ᠠᠰᠢᠭᠲᠠᠢ ᠲᠣᠭᠢᠶᠠᠯ ᠢ ᠠᠮᠵᠢᠨ ᠠᠳᠬᠤᠵᠤ᠂ ᠬᠤᠷᠴᠢᠨ ᠲᠣᠭᠤᠷᠢᠭ ᠤᠨ ᠬᠢᠨ ᠤᠷᠢᠳ ᠢᠶᠠᠷ ᠬᠦᠴᠦᠯᠡᠵᠦ᠂ ᠤᠬᠠᠭᠤᠯᠭ᠎ᠠ ᠶᠢᠨ ᠪᠤᠯᠤᠩ᠂ ᠷᠠᠳᠢᠣ᠋ | ᠨᠡᠪᠲᠡᠷᠡᠭᠦᠯᠭᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ | 467 ᠨᠡᠷᠡᠰ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠲᠠᠨ ᠢ ᠲᠣᠮᠢᠯᠠᠨ ᠠᠶᠢᠯ ᠡᠷᠦᠭᠡ ᠳᠤ ᠣᠴᠢᠭᠤᠯᠵᠤ᠂ ᠭᠦᠳᠡᠯᠮᠦᠷᠢ ᠬᠦᠴᠦᠨ ᠤ ᠡᠬᠢ ᠪᠠᠶᠠᠯᠢᠭ ᠤᠨ | ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠨ᠂ ᠭᠦᠳᠡᠯᠮᠦᠷᠢ ᠬᠦᠴᠦᠨ ᠤ ᠲᠤᠭ᠎ᠠ ᠬᠡᠮᠵᠢᠶ᠎ᠡ᠂ ᠮᠡᠷᠭᠡᠵᠢᠯ ᠴᠢᠳᠠᠪᠤᠷᠢ ᠪᠠ ᠠᠵᠢᠯ ᠣᠯᠬᠤ ᠰᠠᠨᠠᠮᠵᠢ ᠵᠡᠷᠭᠡ ᠮᠠᠲ᠋ᠧᠷᠢᠶᠠᠯ ᠢ | ᠡᠵᠡᠮᠰᠢᠬᠦ ᠶᠢᠨ ᠬᠠᠮᠲᠤ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠶᠢ 1000 ᠭᠠᠷᠤᠢ ᠵᠤᠷᠪᠤᠰ ᠳᠠᠮᠵᠢᠭᠤᠯᠤᠨ ᠲᠠᠷᠬᠠᠭᠠᠭᠰᠠᠨ ᠪᠠᠶᠢᠨ᠎ᠠ᠃ | ︽ᠤᠳᠤ ᠤᠯᠠᠨ ᠢᠶᠠᠷ ᠢᠶᠠᠨ ᠦᠵᠡᠵᠦ ᠪᠠᠶᠢᠭ᠎ᠠ ᠨᠢ ᠯᠦᠩ ᠮᠠ ᠪᠦᠯᠦᠭᠯᠡᠯ ᠤᠨ ᠦᠢᠯᠡᠳᠪᠦᠷᠢᠯᠡᠯ ᠤᠨ ᠲᠠᠰᠤᠭ ᠪᠣᠯᠣᠨ᠎ᠠ᠂ ᠤᠳᠠᠰᠬᠢᠭᠡᠳ ᠪᠢ ᠪᠠᠰᠠ ᠤᠯᠠᠨ ᠢ | ᠳᠠᠭᠠᠭᠤᠯᠵᠤ ᠠᠮᠢᠳᠤᠷᠠᠯ ᠤᠨ ᠲᠣᠭᠤᠷᠢᠭ ᠢᠶᠠᠷ ᠲᠣᠭᠤᠷᠢᠨ ᠦᠵᠡᠭᠦᠯᠦᠨ᠎ᠡ︾ ᠭᠡᠬᠦ ᠭᠤᠣᠯ ᠨᠡᠪᠲᠡᠷᠡᠭᠦᠯᠭᠡ ᠶᠢᠨ ᠦᠵᠡᠭᠳᠡᠯ ᠢ ᠳᠠᠭᠠᠵᠤ᠂ ︽ᠰᠢᠭᠤᠳ ᠨᠡᠪᠲᠡᠷᠡᠭᠦᠯᠭᠡ | ᠪᠠᠷ ᠠᠵᠤ ᠠᠬᠤᠶᠢᠯᠠᠯ ᠢ ᠲᠠᠨᠢᠯᠴᠠᠭᠤᠯᠬᠤ︾ ᠠᠵᠢᠯᠯᠠᠭ᠎ᠠ ᠬᠤᠷᠴᠢᠨ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠪᠤᠯᠬᠤ ᠯᠦᠩ ᠮᠠ ᠪᠦᠯᠦᠭᠯᠡᠯ ᠳᠤ | ᠡᠬᠢᠯᠡᠪᠡ᠃ ᠰᠢᠭᠤᠳ ᠨᠡᠪᠲᠡᠷᠡᠭᠦᠯᠬᠦ ᠠᠵᠢᠯᠯᠠᠭ᠎ᠠ ᠨᠢ ᠠᠵᠢᠯ ᠡᠷᠢᠭᠰᠡᠳ ᠢ ᠳᠠᠭᠠᠭᠤᠯᠤᠨ ᠰᠦᠯᠵᠢᠶᠡᠨ ᠳᠡᠭᠡᠷ᠎ᠡ ᠠᠴᠠ ᠯᠦᠩ ᠮᠠ ᠪᠦᠯᠦᠭᠯᠡᠯ ᠤᠨ ᠣᠳᠣᠬᠢᠴᠢᠯᠠᠭᠰᠠᠨ | ᠦᠢᠯᠡᠳᠪᠦᠷᠢᠯᠡᠯ ᠤᠨ ᠲᠠᠰᠤᠭ ᠪᠣᠯᠣᠨ ᠪᠦᠷᠢᠨ ᠲᠡᠭᠦᠯᠳᠡᠷ ᠠᠮᠢᠳᠤᠷᠠᠯ ᠤᠨ ᠲᠥᠬᠦᠭᠡᠷᠦᠮᠵᠢ ᠶᠢ ᠲᠣᠭᠤᠷᠢᠨ ᠦᠵᠡᠭᠦᠯᠵᠦ᠂ ᠠᠵᠤ ᠠᠬᠤᠶᠢᠯᠠᠯ ᠤᠨ ᠬᠥᠮᠥᠨ ᠤ | ᠬᠦᠴᠦᠨ ᠤ ᠡᠬᠢ ᠪᠠᠶᠠᠯᠢᠭ ᠤᠨ ᠬᠠᠷᠢᠭᠤᠴᠠᠯᠭᠠᠲᠠᠳ ᠴᠠᠭ ᠲᠤᠬᠠᠢ ᠳᠤᠨᠢ ᠠᠰᠠᠭᠤᠯᠲᠠ ᠶᠢ ᠬᠠᠷᠢᠭᠤᠯᠵᠤ᠂ ᠲᠤᠰ ᠡᠳᠦᠷ ᠲᠤ 1.1 ᠲᠦᠮᠡ ᠭᠠᠷᠤᠢ ᠠᠵᠢᠯ | ᠡᠷᠢᠭᠰᠡᠳ ᠤᠨ ᠠᠩᠬᠠᠷᠤᠯ ᠢ ᠲᠠᠲᠠᠨ ᠦᠵᠡᠭᠦᠯᠵᠦ᠂ 400 ᠭᠠᠷᠤᠢ ᠠᠵᠢᠯ ᠤᠨ ᠪᠠᠶᠢᠷᠢ ᠬᠠᠩᠭᠠᠵᠠᠢ᠃ ᠴᠠᠭᠠᠨ ᠰᠠᠷ᠎ᠠ ᠠᠴᠠ ᠣᠲᠣ ᠪᠤᠯᠲᠠᠯ᠎ᠠ᠂ ︽ᠬᠤᠷᠴᠢᠨ ᠤ | ᠠᠵᠢᠯ ᠣᠯᠭᠤᠯᠲᠠ︾ ᠰᠢᠭᠤᠳ ᠨᠡᠪᠲᠡᠷᠡᠭᠦᠯᠭᠡ ᠪᠠᠷ 9 ᠤᠳᠠᠭ᠎ᠠ ᠠᠵᠢᠯ ᠤᠨ ᠪᠠᠶᠢᠷᠢ ᠳᠠᠭᠠᠭᠤᠯᠵᠤ᠂ ᠨᠡᠶᠢᠲᠡ 164 ᠠᠵᠢᠯᠲᠠᠨ ᠠᠵᠢᠯᠴᠢᠨ ᠬᠡᠷᠡᠭᠯᠡᠬᠦ ᠠᠵᠤ | ᠠᠬᠤᠶᠢᠯᠠᠯ ᠢ ᠤᠬᠠᠭᠤᠯᠵᠤ᠂ 3 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ 2.3 ᠲᠦᠮᠡᠨ ᠬᠥᠮᠥᠨ ᠤᠳᠠᠭ᠎ᠠ ᠶᠢᠨ ᠠᠩᠬᠠᠷᠤᠯ ᠢ ᠲᠠᠲᠠᠨ ᠦᠵᠡᠭᠦᠯᠦᠭᠰᠡᠨ | ᠪᠠᠶᠢᠨ᠎ᠠ᠃ | ᠰᠦᠯᠵᠢᠶᠡᠨ ᠳᠡᠭᠡᠷᠡᠬᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ︾ ᠠᠵᠢᠯᠯᠠᠭ᠎ᠠ ᠠᠴᠠ ᠭᠠᠳᠠᠨ᠎ᠠ᠂ ᠰᠦᠯᠵᠢᠶᠡᠨ ᠭᠠᠳᠠᠨᠠᠬᠢ ᠠᠵᠢᠯᠲᠠᠨ | ᠠᠵᠢᠯᠴᠢᠨ ᠡᠯᠰᠡᠬᠦ ᠬᠤᠷᠠᠯ ᠴᠤ ᠭᠦᠷ ᠬᠥᠭᠵᠢᠶᠡᠨ ᠲᠠᠢ ᠶᠠᠪᠤᠭᠳᠠᠪᠠ᠃ 2 ᠰᠠᠷ᠎ᠠ ᠶᠢᠨ 3 ᠤ ᠡᠳᠦᠷ᠂ ᠬᠤᠷᠴᠢᠨ ᠲᠣᠭᠤᠷᠢᠭ ᠤᠨ ᠴᠠᠭᠠᠨ ᠰᠠᠷ᠎ᠠ ᠶᠢᠨ ᠪᠠᠷᠠᠭᠠᠨ ᠤ | ᠪᠠᠶᠠᠷ ᠤᠨ ᠲᠤᠬᠠᠢ ᠶᠢᠨ ᠲᠠᠯᠠᠪᠠᠶ ᠳᠤ᠂ ︽ᠥᠪᠥᠷ ᠮᠣᠩᠭᠤᠯ ᠤᠨ ᠯᠦᠩ ᠮᠠ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠲᠤᠰᠬᠠᠢ ᠠᠵᠢᠯᠲᠠᠨ ᠠᠵᠢᠯᠴᠢᠨ | ᠡᠯᠰᠡᠬᠦ ᠴᠤᠭᠯᠠᠭᠠᠨ︾ ᠢ ᠠᠮᠵᠢᠯᠲᠠ ᠲᠠᠢ ᠡᠷᠭᠢᠯᠡᠵᠦ᠂ ᠲᠤᠬᠠᠢ ᠶᠢᠨ ᠲᠠᠯᠠᠪᠠᠶ ᠳᠤ 1750 ᠠᠵᠢᠯ ᠤᠨ ᠪᠠᠶᠢᠷᠢ ᠬᠠᠩᠭᠠᠵᠤ᠂ ᠰᠠᠷ᠎ᠠ ᠶᠢᠨ ᠴᠠᠯᠢᠩ 4500 ᠊᠊᠊᠊᠊᠊ | 15000 ᠲᠥᠭᠦᠷᠢᠭ ᠲᠤ ᠬᠦᠷᠴᠦ᠂ ᠦᠯᠡᠮᠵᠢ ᠶᠡᠭᠡ ᠬᠠᠷᠠᠭᠠᠯᠵᠠᠯ ᠨᠢ ᠮᠠᠰᠢ ᠣᠯᠠᠨ ᠠᠵᠢᠯ ᠡᠷᠢᠭᠰᠡᠳ ᠤᠨ ᠠᠩᠬᠠᠷᠤᠯ ᠢ ᠲᠠᠲᠠᠪᠠ᠃ ᠠᠵᠤ ᠠᠬᠤᠶᠢᠯᠠᠯ ᠤᠨ ᠬᠢᠨ | ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠨᠢᠭᠤᠷᠲᠠᠨ ᠰᠢᠯᠭᠠᠵᠤ ᠭᠡᠷ᠎ᠡ ᠲᠣᠭᠲᠠᠨ ᠠᠵᠢᠯ ᠤᠨ ᠪᠠᠶᠢᠷᠢ ᠳᠤ ᠭᠠᠷᠭᠠᠬᠤ ᠶᠢᠨ ᠬᠠᠮᠲᠤ ︽ᠲᠠᠪᠤᠨ ᠳᠠᠭᠠᠳᠬᠠᠯ︾ | ᠲᠤᠰᠢᠶᠠᠵᠤ ᠥᠭᠬᠦ ᠪᠠᠷ ᠠᠮᠠᠯᠳᠠᠪᠠ᠃ 2 ᠰᠠᠷ᠎ᠠ ᠶᠢᠨ 8 ᠤ ᠡᠳᠦᠷ᠂ ᠬᠤᠷᠴᠢᠨ ᠲᠣᠭᠤᠷᠢᠭ ᠤᠨ ︽ᠰᠤᠯᠠ ᠠᠵᠢᠯ ᠤᠨ ᠵᠠᠬ᠎ᠠ ᠳᠡᠯᠭᠡᠭᠦᠷ︾ ᠲᠤ ︽ᠯᠦᠩ ᠮᠠ | ᠪᠦᠯᠦᠭᠯᠡᠯ ᠤᠨ ᠠᠵᠢᠯᠲᠠᠨ ᠠᠵᠢᠯᠴᠢᠨ ᠬᠡᠷᠡᠭᠯᠡᠬᠦ ᠲᠤᠬᠠᠢ ᠶᠢᠨ ᠲᠠᠯᠠᠪᠤᠷ ᠤᠨ ᠨᠢᠭᠤᠷᠲᠠᠨ ᠰᠢᠯᠭᠠᠬᠤ ᠬᠤᠷᠠᠯ︾ ᠡᠷᠭᠢᠯᠡᠵᠦ᠂ ᠬᠠᠩᠭᠠᠯᠭ᠎ᠠ ᠬᠡᠷᠡᠭᠴᠡᠭᠡᠨ ᠤ ᠬᠤᠶᠠᠷ | ᠲᠠᠯ᠎ᠠ ᠳᠤ ᠨᠢᠭᠤᠷᠲᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ 84 ᠬᠥᠮᠥᠨ ᠤ ᠨᠢᠭᠤᠷᠲᠠᠨ ᠰᠢᠯᠭᠠᠯᠲᠠ ᠶᠢ ᠠᠮᠵᠢᠯᠲᠠ ᠲᠠᠢ ᠪᠡᠶᠡᠯᠡᠭᠦᠯᠪᠡ᠃ | ᠠᠯᠢ ᠣᠯᠠᠨ ᠠᠷᠭ᠎ᠠ ᠬᠡᠮᠵᠢᠶ᠎ᠡ ᠨᠢ ᠢᠯᠡᠳᠲᠡ ᠦᠷ᠎ᠡ ᠪᠦᠲᠦᠮᠵᠢ ᠣᠯᠵᠤ᠂ ᠴᠠᠭᠠᠨ ᠰᠠᠷ᠎ᠠ ᠠᠴᠠ ᠣᠲᠣ ᠪᠤᠯᠲᠠᠯ᠎ᠠ᠂ ᠬᠤᠷᠴᠢᠨ ᠲᠣᠭᠤᠷᠢᠭ ᠤᠨ ᠬᠢᠨ ᠰᠦᠯᠵᠢᠶᠡᠨ | ᠭᠠᠳᠠᠨᠠᠬᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ ᠨᠡᠶᠢᠲᠡ 3 ᠲᠠᠯᠠᠪᠤᠷ ᠡᠷᠭᠢᠯᠡᠵᠦ᠂ ᠲᠤᠬᠠᠢ ᠶᠢᠨ ᠲᠠᠯᠠᠪᠤᠷ ᠲᠤ ᠭᠦᠷᠦᠭᠰᠡᠨ ᠠᠵᠢᠯᠲᠠᠨ ᠠᠵᠢᠯᠴᠢᠨ ᠬᠡᠷᠡᠭᠯᠡᠬᠦ | ᠠᠵᠤ ᠠᠬᠤᠶᠢᠯᠠᠯ 20 ᠪᠠᠶᠢᠵᠤ᠂ 2312 ᠠᠵᠢᠯ ᠤᠨ ᠪᠠᠶᠢᠷᠢ ᠬᠠᠩᠭᠠᠵᠤ᠂ 2200 ᠭᠠᠷᠤᠢ ᠠᠵᠢᠯ ᠡᠷᠢᠭᠰᠡᠳ ᠢ ᠲᠠᠲᠠᠪᠠ᠃ | ᠣᠳᠣᠬᠠᠨ ᠳᠤ᠂ ᠬᠤᠷᠴᠢᠨ ᠲᠣᠭᠤᠷᠢᠭ ᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ ᠬᠦᠴᠢᠷ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠵᠦ᠂ ᠠᠷᠠᠳ ᠤᠯᠠᠨ ᠭᠡᠷ ᠤᠨ ᠡᠭᠦᠳᠡᠨ ᠳᠡᠭᠡᠷ᠎ᠡ ᠪᠠᠨ ᠠᠵᠢᠯ ᠣᠯᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ | ᠬᠦᠴᠦᠨ ᠢᠶᠠᠷ ᠪᠢᠯᠬᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ ᠶᠢ ᠬᠠᠪᠰᠤᠷᠤᠨ ᠳᠡᠮᠵᠢᠬᠦ ᠠᠵᠢᠯᠯᠠᠭ᠎ᠠ ᠨᠢ ᠠᠵᠢᠯ ᠣᠯᠭᠤᠯᠲᠠ ᠶᠢ ᠠᠬᠢᠭᠤᠯᠬᠤ | ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ ᠪᠠᠶᠢᠨ᠎ᠠ᠃ | ︵ᠸᠠᠩ ᠶᠢᠩ ᠺᠦᠩ ᠰᠢᠶᠠᠩ ᠨᠢᠩ︶ | |