ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤᠨ ᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/3/11
      ᠦᠵᠡᠰᠬᠦᠯᠡᠩᠲᠦ ᠰᠠᠶᠢᠬᠠᠨ ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠰᠢᠪᠲᠤᠯᠤᠯᠲᠠ ᠶᠢ ᠡᠷᠡᠰ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠤᠬᠠᠶ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠤᠰ ᠡᠳᠦᠷ ᠠᠴᠠ ᠡᠬᠢᠯᠡᠨ ᠪᠦᠬᠦ ᠬᠤᠲᠠ ᠶᠢᠨ ᠬᠡᠪᠴᠢᠶᠡᠨ ᠳᠤ ᠠᠮᠢ ᠠᠬᠤᠢ ᠶᠢᠨ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠬᠤ ᠪᠠᠷ ᠰᠤᠳᠤᠯᠤᠨ ᠲᠣᠭᠲᠠᠭᠠᠪᠠ᠂ ᠪᠣᠳᠠᠲᠠᠶ ᠶᠠᠪᠤᠳᠠᠯ ᠨᠢ ᠳᠠᠷᠠᠭᠠᠬᠢ ᠮᠡᠲᠦ᠄      ᠴᠠᠭ ᠬᠤᠭᠤᠴᠠᠭ᠎ᠠ᠄ ᠲᠣᠰ ᠡᠳᠦᠷ ᠠᠴᠠ ᠡᠬᠢᠯᠡᠨ 2025 ᠣᠨ ᠤ 5 ᠳ᠋ᠤᠭᠠᠷ ᠰᠠᠷ᠎ᠠ ᠶᠢᠨ 7 ᠪᠣᠯᠲᠠᠯ᠎ᠠ᠂ ᠬᠤᠶᠠᠷ ᠰᠠᠷ᠎ᠠ ᠶᠢᠨ ᠬᠤᠭᠤᠴᠠᠭ᠎ᠠ ᠲᠠᠢ      ᠢᠯᠡᠴᠢᠯᠡᠨ ᠮᠡᠳᠡᠭᠦᠯᠬᠦ ᠤᠲᠠᠰᠤ᠄ 0475 — 8833822      ᠢᠯᠡᠴᠢᠯᠡᠨ ᠮᠡᠳᠡᠭᠦᠯᠬᠦ ᠢᠮᠧᠯ᠄ tlstdc@163.com      ᠵᠠᠬᠢᠳᠠᠯ ᠤᠨ ᠬᠠᠶ᠋ᠢᠭ᠄ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ 809 ᠱᠠᠭᠠᠷᠳᠠᠨ ᠪᠠᠶᠢᠴᠠᠭᠠᠬᠤ ᠪᠠ ᠬᠠᠤᠯᠢ ᠲᠣᠭᠲᠠᠭᠠᠯ ᠤᠨ ᠰᠠᠯᠠᠭ᠎ᠠ ︵ᠠᠭᠤᠯᠠ ᠵᠡᠭᠡᠯᠢ ᠬᠢᠭᠡᠳ ᠮᠡᠨᠳᠦ ᠵᠠᠮ ᠤᠨ ᠠᠭᠤᠯᠵᠠᠷ︶      ᠬᠦᠯᠢᠶᠡᠨ ᠠᠪᠴᠤ ᠰᠢᠢᠳᠪᠦᠷᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 2᠄ 30 — 5᠄ 00 ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠬᠤ ᠦᠭᠡᠢ᠃      ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠭᠤᠤᠯᠳᠠᠭᠤ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠤᠨ ᠲᠤᠬᠠᠢ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠡᠭᠦᠨ ᠳᠤ ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ ᠰᠢᠷᠣᠶ ᠶᠢᠨ ᠪᠣᠬᠢᠷᠲᠤᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠵᠢᠷᠤᠮᠵᠢᠯ ᠥᠬᠡᠶ᠂ ᠠᠮᠢ ᠠᠬᠤᠶ ᠶᠢ ᠡᠪᠳᠡᠬᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠡᠯ᠎ᠡ ᠲᠥᠷᠥᠯ ᠤᠨ ᠠᠰᠠᠭᠤᠳᠠᠯ ᠢ ᠪᠠᠭᠲᠠᠭᠠᠭᠰᠠᠨ ᠮᠥᠷᠲᠡᠭᠡᠨ ᠬᠢᠵᠠᠭᠠᠷᠯᠠᠭᠳᠠᠬᠤ ᠥᠬᠡᠶ᠃ ᠥᠷᠭᠡᠨ ᠣᠯᠠᠨ ᠬᠤᠲᠠ ᠶᠢᠨ ᠠᠷᠠᠳ ᠢᠳᠡᠪᠬᠢᠲᠡᠢ ᠣᠷᠣᠯᠴᠠᠵᠤ᠂ ᠳᠡᠷᠭᠡᠳᠡᠬᠢ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠵᠡᠭᠳᠡᠯ ᠢ ᠪᠢᠳᠡᠨ ᠳᠤ ᠮᠡᠳᠡᠭᠳᠡᠵᠦ᠂ ᠦᠵᠡᠰᠬᠦᠯᠡᠩᠲᠦ ᠰᠠᠶᠢᠬᠠᠨ ᠲᠦᠩᠯᠢᠶᠣᠤ ᠶᠢ ᠪᠦᠲᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃                     ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ                     2025 ᠣᠨ ᠤ 3 ᠳ᠋ᠤᠭᠠᠷ ᠰᠠᠷ᠎ᠠ ᠶᠢᠨ 7 
ᠢᠷᠡᠯᠲᠡ᠄ ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ