ᠲᠦᠩᠯᠢᠶᠣᠣ ᠬᠤᠲᠠ᠄ ᠪᠦᠯᠬᠦᠮᠳᠡᠯ ᠲᠠᠪᠰᠢᠯᠳᠠ ᠶᠢ ᠴᠢᠩᠭᠠᠳᠬᠠᠵᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/3/12
    ︽ᠬᠤᠷᠴᠢᠨ ᠤ ᠬᠡᠷᠡᠯᠳᠦ ᠰᠤᠪᠤᠳ︾ ᠬᠡᠮᠡᠭᠳᠡᠭᠰᠡᠨ ᠲᠦᠩᠯᠢᠶᠣᠣ ᠬᠤᠲᠠ ᠪᠣᠯ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠨᠢᠭᠡ ᠪᠤᠯᠬᠤ ︽ᠪᠠᠷᠠᠭᠤᠨ ᠯᠢᠶᠣᠤ ᠾᠧ ᠶᠢᠨ ᠪᠣᠯᠪᠠᠰᠤᠨ︾ ᠤ ᠭᠤᠣᠯ ᠣᠷᠣᠨ ᠮᠥᠨ᠃ ᠬᠤᠷᠴᠢᠨ ᠤ ᠲᠠᠯ᠎ᠠ ᠨᠤᠲᠤᠭ ᠤᠨ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠷᠲᠡᠨ ᠠᠴᠠ ᠡᠳᠦᠭᠡ ᠪᠤᠯᠲᠠᠯ᠎ᠠ ᠦᠨᠳᠦᠰᠦᠲᠡᠨ ᠨᠦᠭᠦᠳ ᠤᠨ ᠬᠥᠪᠡᠭᠦᠳ ᠥᠬᠢᠳ ᠪᠦᠯᠬᠦᠮᠳᠡᠯ ᠢᠶᠠᠷ ᠪᠢᠷ ᠪᠤᠯᠭᠠᠵᠤ ᠨᠥᠬᠦᠷᠯᠡᠯ ᠢᠶᠠᠷ ᠪᠡᠭᠡ ᠪᠣᠯᠭᠠᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠭᠰᠡᠭᠡᠷ ᠢᠷᠡᠵᠠᠢ ᠁    ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠴᠣᠭᠴᠠᠯᠠᠨ᠎ᠠ    ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠭᠠᠳᠤᠮ ᠤᠨ ᠵᠠᠩ ᠦᠢᠯᠡ ᠶᠢᠨ ᠬᠦᠷᠢᠶᠡᠯᠡᠩ ᠤᠨ ᠭᠤᠪᠢ ᠶᠢᠨ ᠰᠦᠯᠳᠡ ᠠᠷᠠᠰᠤᠨ ᠰᠡᠶᠢᠯᠦᠮᠡᠯ ᠤᠨ ᠠᠵᠢᠯᠯᠠᠬᠤ ᠦᠷᠦᠭᠡ ᠳᠤ ᠠᠯᠬᠤᠨ ᠣᠷᠣᠪᠠᠯ ᠶᠠᠭ ᠯᠠ ᠤᠷᠠᠯᠢᠭ ᠤᠨ ᠡᠷᠳᠡᠨᠢᠰ ᠤᠨ ᠰᠠᠩ ᠳᠤ ᠣᠷᠣᠭᠰᠠᠨ ᠭᠡᠮᠡᠷ ᠰᠠᠨᠠᠭᠳᠠᠭᠤᠯᠤᠨ᠎ᠠ᠃ ᠠᠯᠳᠠᠷᠲᠤ ᠠᠷᠠᠰᠤᠨ ᠰᠡᠶᠢᠯᠦᠮᠡᠯ ᠤᠨ ᠤᠷᠠᠯᠢᠭᠴᠢᠨ ᠭᠠᠸᠠ ᠠᠷᠠᠰᠤ ᠰᠢᠷᠢ ᠶᠢᠨ ᠳᠤᠮᠳᠠ ᠲᠣᠯᠣᠭᠠᠢ ᠥᠨᠳᠡᠶᠢᠬᠦ ᠵᠠᠪ ᠦᠭᠡᠢ ᠰᠡᠳᠬᠢᠯ ᠲᠠᠯᠪᠢᠨ ᠤᠷᠠᠯᠠᠨ ᠰᠡᠶᠢᠯᠦᠨ᠎ᠡ᠃    ᠲᠡᠷᠡ ᠪᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠤᠶᠠᠯᠳᠤᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠤᠯᠠᠮᠵᠢᠯᠠᠯᠲᠤ ᠭᠠᠷ ᠤᠷᠠᠯᠠᠯ ᠢ ᠲᠠᠰᠤᠷᠠᠯᠲᠠ ᠦᠭᠡᠢ ᠠᠭᠤᠳᠠᠯᠵᠤ ᠶᠡᠭᠡ ᠬᠡᠮᠵᠢᠶᠡᠨ ᠤ ᠦᠨᠳᠦᠰᠦᠲᠡᠨ ᠨᠦᠭᠦᠳ ᠤᠨ ᠭᠠᠷ ᠤᠷᠠᠯᠢᠭᠴᠢᠨ ᠢ ᠬᠥᠮᠥᠵᠢᠭᠦᠯᠵᠦ᠂ ᠤᠯᠠᠮᠵᠢᠯᠠᠯᠲᠤ ᠭᠠᠷ ᠤᠷᠠᠯᠠᠯ ᠢ ᠣᠯᠠᠨ ᠲᠦᠮᠡᠨ ᠤ ᠬᠠᠷᠠᠭᠠᠨ ᠳᠤ ᠣᠷᠣᠭᠤᠯᠵᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠴᠢᠳᠠᠪᠤᠷᠢ ᠪᠠ ᠠᠷᠭ᠎ᠠ ᠵᠠᠮ ᠢ ᠥᠷᠭᠡᠳᠬᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠠᠬᠢᠭᠤᠯᠪᠠ᠃    ︽ᠪᠠᠷᠠᠭᠤᠨ ᠯᠢᠶᠣᠤᠾᠧ ᠶᠢᠨ ᠪᠣᠯᠪᠠᠰᠤᠨ︾ — ᠳᠤᠮᠳᠠᠳᠤ ᠶᠢᠨ ᠣᠯᠠᠨ ᠡᠰᠢᠲᠦ ᠨᠢᠭᠡ ᠴᠣᠭᠴᠠᠵᠢᠭᠰᠠᠨ ︽ᠰᠢᠵᠢᠷ ᠠᠯᠲᠠᠨ ᠨᠡᠷ᠎ᠡ ᠶᠢᠨ ᠬᠠᠭᠤᠳᠠᠰᠤ︾ ᠶᠢ ᠲᠠᠰᠤᠷᠠᠯᠲᠠ ᠦᠭᠡᠢ ᠱᠤᠭᠤᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠮᠠᠲ᠋ᠧᠷᠢᠶᠠᠯ ᠤᠨ ᠡᠮᠬᠢᠳᠬᠡᠯ︾ ᠢ ᠨᠠᠶᠢᠷᠠᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ︽ᠬᠤᠷᠴᠢᠨ ᠤ ᠲᠤᠤᠯᠢᠰ︾ ᠢ ᠡᠮᠬᠢᠳᠬᠡᠪᠡ᠃ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠯᠦᠭᠡ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠦᠩᠯᠢᠶᠣᠣ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠯᠤᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠬᠦᠷᠢᠶᠡᠯᠡᠩ᠂ ᠲᠦᠩᠯᠢᠶᠣᠣ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠤᠳᠤᠯᠭᠠᠨ ᠤ ᠲᠥᠪ ᠢ ᠬᠠᠮᠲᠤ ᠪᠠᠷ ᠪᠠᠶᠢᠭᠤᠯᠵᠤ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠵᠤ᠂ ︽ᠪᠠᠷᠠᠭᠤᠨ ᠯᠢᠶᠣᠤ ᠾᠧ ᠭᠤᠣᠯ︾ ᠤᠨ ᠰᠣᠶᠣᠯ ᠳᠤ ᠠᠭᠤᠯᠤᠭᠳᠠᠵᠤ ᠪᠦᠬᠦᠢ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠠᠭᠤᠳᠠᠯᠤᠨ ᠲᠣᠳᠣᠷᠬᠠᠶᠢᠯᠠᠵᠠᠢ ; ︽ᠠᠨᠠᠷ ᠤᠨ ᠦᠷ᠎ᠡ︾ ᠶᠢᠨ ᠰᠣᠶᠣᠯ ᠢᠶᠠᠷ ᠨᠡᠷᠡᠲᠦ ᠲᠡᠮᠳᠡᠭ ᠪᠤᠯᠭᠠᠬᠤ᠂ ᠬᠤᠲᠠ ᠪᠠ ᠬᠤᠰᠢᠭᠤ ᠰᠢᠶᠠᠨ ᠬᠤᠶᠠᠷ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠢ 28 ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ 289 ᠪᠠᠶᠢᠭᠤᠯᠪᠠ᠃    ᠡᠶ᠎ᠡ ᠵᠣᠬᠢᠴᠠᠯᠳᠤ ᠠᠮᠢᠳᠤᠷᠠᠯ ᠢ ᠬᠠᠮᠲᠤ ᠪᠠᠷ ᠵᠢᠷᠤᠭᠯᠠᠨ᠎ᠠ    ᠣᠶᠢᠷ᠎ᠠ ᠶᠢᠨ ᠵᠢᠯ ᠤᠳ ᠲᠤ ᠲᠦᠩᠯᠢᠶᠣᠣ ᠬᠤᠲᠠ ᠪᠦᠭᠦ ᠲᠠᠯ᠎ᠠ ᠶᠢᠨ᠂ ᠭᠦᠨ ᠳᠠᠪᠬᠤᠷᠭ᠎ᠠ ᠶᠢᠨ᠂ ᠣᠯᠠᠨ ᠲᠠᠯᠠᠲᠤ ᠦᠢᠯᠡᠳᠦᠯᠭᠡ ᠪᠠᠷ ᠳᠠᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠦᠢᠯ ᠪᠦᠷᠢ ᠶᠢᠨ ᠠᠵᠢᠯ ᠤᠨ ᠳᠤᠮᠳᠠ ᠪᠠᠨ ᠠᠭᠤᠰᠬᠠᠨ ᠣᠷᠣᠭᠤᠯᠵᠠᠢ᠃    ᠲᠦᠩᠯᠢᠶᠣᠣ ᠬᠤᠳᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠢ ᠭᠦᠢ ᠶᠤᠸᠠᠨ ᠨᠡᠶᠢᠭᠡᠮ ᠲᠣᠭᠤᠷᠢᠭ ᠲᠤ ᠬᠢᠲᠠᠳ᠂ ᠮᠣᠩᠭᠤᠯ᠂ ᠬᠤᠲᠣᠩ᠂ ᠰᠣᠯᠣᠩᠭᠤᠰ ᠵᠡᠷᠭᠡ 7 ᠦᠨᠳᠦᠰᠦᠲᠡᠨ ᠤ 4819 ᠡᠷᠦᠭᠡ᠂ 11561 ᠰᠠᠭᠤᠭᠠᠯᠢ ᠠᠷᠠᠳ ᠰᠠᠭᠤᠷᠢᠰᠢᠵᠤ ᠪᠤᠢ᠃ ᠣᠶᠢᠷ᠎ᠠ ᠶᠢᠨ ᠵᠢᠯ ᠠᠴᠠ ᠪᠢ ᠭᠦᠢ ᠶᠤᠸᠠᠨ ᠨᠡᠶᠢᠭᠡᠮ ᠲᠣᠭᠤᠷᠢᠭ ︽ᠰᠡᠳᠬᠢᠯ ᠨᠢᠭᠡᠳᠦᠨ ᠠᠨᠠᠷ ᠤᠨ ᠦᠷ᠎ᠡ ᠶᠢᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ︾ ᠪᠠᠷ ᠭᠤᠣᠯ ᠲᠦᠷᠦᠯ ᠲᠡᠮᠳᠡᠭ ᠪᠤᠯᠭᠠᠵᠤ᠂ ︽ᠠᠨᠠᠷ ᠤᠨ ᠦᠷ᠎ᠡ ᠶᠢᠨ ᠭᠡᠷ ᠣᠷᠣᠨ︾ ᠤ ᠭᠤᠣᠯ ᠵᠢᠭᠰᠠᠭᠠᠯ ᠤᠨ ᠭᠠᠵᠠᠷ ᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ︽ᠰᠢᠭᠢᠳᠭᠡᠯᠳᠦ ᠮᠠᠶ᠋ᠢᠭ︾ ᠤᠨ ᠨᠡᠶᠢᠭᠡᠮ ᠲᠣᠭᠤᠷᠢᠭ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠦᠯᠢᠭᠡᠷ ᠳᠠᠭᠤᠷᠢᠶᠠᠯ ᠪᠣᠯᠵᠠᠢ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠦᠨ ᠥᠭᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠡᠳᠬᠢᠯ ᠤᠨ ᠨᠠᠶᠢᠵᠢ ᠲᠠᠢ᠂ ᠡᠶᠡᠯᠳᠡᠭ ᠬᠥᠷᠰᠢ ᠲᠠᠢ᠂ ᠰᠠᠶᠢᠨ ᠰᠠᠶᠢᠬᠠᠨ ᠤᠷᠤᠭ ᠪᠠᠷᠢᠯᠳᠤᠯᠭ᠎ᠠ ᠲᠠᠢ ᠪᠣᠯᠭᠠᠪᠠ᠃    ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠠᠭᠤᠰᠤᠯᠴᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ 22 ᠰᠢᠭᠢᠳᠭᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠠᠬᠤᠢ ᠶᠢᠨ ᠲᠤᠷᠰᠢᠯᠲᠠ ᠶᠢᠨ ᠴᠡᠭ ᠢ ᠪᠤᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ 4 ᠵᠤᠷᠪᠤᠰ ᠰᠣᠳᠣᠨ ᠱᠤᠭᠤᠮ ᠢ ᠭᠠᠷᠭᠠᠵᠠᠢ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠡᠯᠡᠯᠴᠡᠭᠡᠷ ᠲᠤ ᠲᠦᠰᠢᠭᠯᠡᠨ ᠣᠯᠠᠨ ᠭᠠᠵᠠᠷ ᠲᠠᠢ ᠬᠠᠮᠲᠤᠷᠠᠨ ᠮᠤᠵᠢ ᠬᠤᠲᠠ ᠵᠢᠴᠢ ᠬᠤᠲᠠ ᠶᠢᠨ ᠬᠡᠪᠴᠢᠶᠡᠨ ᠳᠠᠬᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠦᠢᠯᠡᠳᠦᠯᠭᠡ ᠶᠢᠨ ᠠᠵᠢᠯᠯᠠᠭ᠎ᠠ ᠶᠢ 3900 ᠭᠠᠷᠤᠢ ᠲᠠᠯᠠᠪᠠᠶ ︵ᠤᠳᠠᠭ᠎ᠠ︶ ᠥᠷᠨᠢᠭᠦᠯᠵᠦ᠂ ᠭᠤᠣᠯ ᠰᠢᠵᠢᠮ ᠤᠨ ᠱᠠᠭᠠᠷᠳᠠᠯᠭ᠎ᠠ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠵᠠᠰᠠᠬᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠪᠦᠭᠦ ᠶᠠᠪᠤᠴᠠ ᠳᠤ ᠠᠭᠤᠰᠬᠠᠨ ᠣᠷᠣᠭᠤᠯᠵᠤ᠂ ᠵᠡᠭᠦᠨ ᠬᠤᠶᠢᠲᠤ ᠶᠢᠨ ᠪᠠᠭᠰᠢ ᠶᠢᠨ ᠰᠤᠷᠭᠠᠭᠤᠯᠢ᠂ ᠭᠢᠷᠢᠨ ᠤ ᠪᠠᠭᠰᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠶᠢᠨ ᠪᠣᠯᠪᠠᠰᠤᠷᠠᠯ ᠤᠨ ᠠᠩᠭᠢ ᠶᠢ 12 ᠬᠤᠭᠤᠴᠠᠭ᠎ᠠ ᠡᠷᠭᠢᠯᠡᠵᠦ᠂ ᠦᠨᠳᠦᠰᠦᠲᠡᠨ ᠨᠦᠭᠦᠳ ᠤᠨ ᠰᠤᠷᠤᠬᠴᠢᠳ ᠤᠨ ᠬᠠᠮᠲᠤ ᠪᠠᠷ ᠰᠤᠷᠬᠤ ᠶᠢ ᠠᠬᠢᠭᠤᠯᠵᠠᠢ᠃    ᠣᠳᠣᠬᠢᠴᠢᠯᠠᠭᠰᠠᠨ ᠠᠮᠢᠳᠤᠷᠠᠯ ᠢ ᠬᠠᠮᠲᠤ ᠪᠠᠷ ᠡᠳ᠋ᠯᠡᠨ᠎ᠡ    ᠦᠷ ᠤᠨ ᠲᠤᠶᠠᠭ᠎ᠠ ᠭᠡᠶᠢᠵᠦ ᠦᠬᠡᠷ ᠬᠤᠨᠢᠨ ᠤ ᠳᠠᠭᠤᠨ ᠪᠠᠬᠢ ᠨᠦᠢᠷᠰᠤᠭᠰᠠᠨ ᠲᠣᠰᠬᠤᠨ ᠢ ᠰᠡᠷᠢᠭᠡᠪᠡ᠃ 32 ᠨᠠᠰᠤᠲᠠᠢ ᠲᠣᠰᠬᠤᠨ ᠤ ᠠᠷᠠᠳ ᠵᠠᠩ ᠸᠧᠢ ᠵᠢᠶᠠᠨ ᠥᠷᠯᠥᠭᠡ ᠡᠷᠲᠡ ᠪᠣᠰᠴᠤ ᠬᠠᠰᠢᠶ᠎ᠠ ᠰᠠᠷᠠᠪᠴᠢᠨ ᠳᠠᠬᠢ ᠦᠬᠡᠷ ᠬᠤᠨᠢ ᠪᠠᠨ ᠪᠠᠶᠢᠴᠠᠭᠠᠨ ᠦᠵᠡᠬᠦ ᠳᠤ ᠨᠢᠭᠡᠨ ᠲᠤᠭᠤᠯ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡ᠃ ᠲᠡᠷᠡ ᠳᠠᠷᠦ᠋ᠢᠬᠠᠨ ᠭᠠᠷ ᠤᠲᠠᠰᠤ ᠪᠠᠨ ᠭᠠᠷᠭᠠᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠰᠤᠳᠤᠯᠤᠨ ᠨᠡᠭᠡᠭᠡᠭᠰᠡᠨ ︽ᠮᠠᠯ ᠬᠠᠮᠢᠶᠠᠷᠤᠭᠴᠢ︾ APP ᠶᠢ ᠨᠡᠭᠡᠭᠡᠵᠦ᠂ ︽AI ᠡᠪᠡᠳᠴᠢᠨ ᠡᠮᠭᠡᠭ ᠢ ᠣᠨᠣᠰᠢᠯᠠᠬᠤ︾ ᠪᠤᠯᠤᠩ ᠳᠤ ᠣᠷᠣᠵᠤ ᠡᠪᠡᠳᠴᠢᠯᠡᠭᠰᠡᠨ ᠲᠤᠭᠤᠯ ᠢ ᠡᠮᠨᠡᠨ ᠵᠠᠰᠠᠬᠤ ᠠᠭᠤᠯᠭ᠎ᠠ ᠶᠢ ᠳᠠᠷᠤᠪᠠ᠃ ᠤᠳᠠᠯ ᠦᠭᠡᠢ ᠭᠠᠷ ᠤᠲᠠᠰᠤᠨ ᠤ ᠳᠡᠯᠭᠡᠴᠡ ᠳᠡᠭᠡᠷ᠎ᠡ ᠣᠨᠣᠰᠢᠯᠠᠯᠲᠠ ᠶᠢᠨ ᠦᠷ᠎ᠡ ᠳ᠋ᠦᠩ᠂ ᠡᠮᠨᠡᠨ ᠵᠠᠰᠠᠬᠤ ᠲᠥᠰᠥᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠢᠯᠡᠷᠡᠵᠡᠢ᠃    ︽ᠮᠠᠨ ᠤ ᠠᠳᠡᠬᠢ ᠬᠥᠮᠥᠰ ᠦᠶ᠎ᠡ ᠤᠯᠠᠷᠢᠨ ᠮᠠᠯ ᠮᠠᠯᠵᠢᠵᠤ ᠢᠷᠡᠵᠡᠢ᠃ ᠥᠨᠥᠳᠥᠷ ᠮᠠᠯ ᠤᠨ ᠡᠪᠡᠳᠴᠢᠨ ᠡᠮᠭᠡᠭ ᠢ ᠡᠮᠨᠡᠨ ᠵᠠᠰᠠᠬᠤ ᠳᠤ ᠡᠶᠢᠮᠦ ᠠᠮᠠᠷᠬᠠᠨ ᠪᠣᠯᠣᠨ᠎ᠠ ᠭᠡᠵᠦ ᠪᠤᠳᠣᠵᠤ ᠣᠯᠣᠭᠰᠠᠨ ᠦᠭᠡᠢ︾ ᠭᠡᠵᠦ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠤᠪᠠᠷᠲᠤ ᠪᠠᠯᠭᠠᠰᠤᠨ ᠤ ᠮᠣᠳᠣᠨ ᠭᠠᠴᠠᠭ᠎ᠠ ᠶᠢᠨ ᠵᠠᠩ ᠸᠧᠢ ᠵᠢᠶᠠᠨ ᠬᠡᠯᠡᠯ᠎ᠡ᠃ ᠣᠳᠣᠬᠠᠨ ᠮᠠᠯᠵᠢᠬᠤ ᠦᠢᠯᠡᠳᠪᠦᠷᠢᠯᠡᠯ ᠳᠤᠮᠳᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠯᠧᠮᠧᠨ᠋ᠲ ᠶᠠᠪᠤᠬᠤ ᠲᠤᠲᠤᠮ ᠣᠯᠠᠰᠢᠷᠠᠵᠤ᠂ ᠬᠡᠭᠡᠯᠲᠦᠭᠦᠯᠬᠦ᠂ ᠬᠢᠵᠢᠭ ᠢ ᠰᠡᠷᠭᠡᠶᠢᠯᠡᠬᠦ᠂ ᠠᠷᠠᠯᠵᠢᠶᠠᠯᠠᠬᠤ ᠵᠡᠷᠭᠡ ᠭᠤᠭᠴᠤᠭ᠎ᠠ ᠶᠢ ᠴᠥᠮ ᠭᠠᠷ ᠤᠲᠠᠰᠤᠨ ᠤ APP ᠳᠡᠭᠡᠷ᠎ᠡ ᠠᠵᠢᠯᠯᠠᠭᠤᠯᠤᠨ ᠬᠠᠮᠢᠶᠠᠷᠴᠤ ᠪᠤᠯᠳᠠᠭ ᠪᠣᠯᠪᠠ᠃ ᠢᠴᠡᠭᠡᠯ ᠦᠷ᠎ᠡ᠂ ᠡᠮ ᠤᠨ ᠵᠦᠢᠯ ᠵᠡᠷᠭᠡ ᠶᠢᠨ ᠴᠢᠨᠠᠷ ᠴᠢᠨᠰᠠᠭ᠎ᠠ ᠶᠢ ᠴᠥᠮ ᠲᠤᠰ ᠰᠢᠰᠲ᠋ᠧᠮ ᠠᠴᠠ ᠪᠠᠶᠢᠴᠠᠭᠠᠨ ᠯᠠᠪᠯᠠᠵᠤ ᠢᠯᠭᠠᠨ ᠲᠠᠨᠢᠵᠤ ᠪᠤᠯᠳᠠᠭ ᠠᠵᠢ᠃    ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠪᠦᠯᠬᠦᠮᠳᠡᠯ ᠢ ᠴᠢᠩᠭᠠᠳᠬᠠᠬᠤ ᠶᠢᠨ ᠰᠠᠭᠤᠷᠢ ᠮᠥᠨ᠃ ᠲᠦᠩᠯᠢᠶᠣᠣ ᠬᠤᠲᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠷᠢᠯᠲᠠ ᠪᠠ ᠲᠤᠰᠤᠯᠲᠠ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠡᠷᠬᠡ ᠲᠡᠭᠰᠢ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠦᠷᠲᠡᠭᠡᠬᠦ ᠶᠢ ᠠᠬᠢᠭᠤᠯᠵᠤ ᠂ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ