ᠲᠦᠩᠯᠢᠶᠣᠣ ᠬᠤᠲᠠ ᠶᠢᠨ ︽ᠰᠠᠶᠢᠨ ᠳᠤᠷᠠᠴᠤᠤᠯ ᠤᠮᠠᠷᠠᠲᠤ ᠬᠢᠯᠢ ᠶᠢ ᠭᠡᠶᠢᠭᠦᠯᠬᠦ︾ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠭᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/3/12
      ᠡᠮᠦᠨᠡᠬᠡᠨ᠂ ᠲᠦᠩᠯᠢᠶᠣᠣ ᠬᠤᠳᠠ ᠶᠢᠨ 2025 ᠣᠨ ᠤ ︽ᠰᠠᠶᠢᠨ ᠳᠤᠷᠠᠴᠤᠤᠯ ᠤᠮᠠᠷᠠᠲᠤ ᠬᠢᠯᠢ ᠶᠢ ᠭᠡᠶᠢᠭᠦᠯᠬᠦ︾ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠵᠢᠱᠢᠶ᠎ᠡ ᠦᠵᠡᠭᠦᠯᠭᠦ ᠠᠵᠢᠯᠯᠠᠭ᠎ᠠ ᠵᠢᠴᠢ ︽ᠢᠲᠡᠭᠡᠯᠲᠦ ᠨᠤᠲᠤᠭ ᠨᠢᠭᠡᠳᠦᠯᠲᠦ ᠰᠡᠳᠬᠢᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠰᠢᠷᠠᠮᠥ᠋ᠷᠡᠨ ᠴᠡᠴᠡᠷᠯᠢᠭ ᠲᠤ ᠶᠠᠪᠤᠭᠳᠠᠪᠠ᠃      ᠡᠭᠢᠯᠡᠯᠲᠡ ᠶᠢᠨ ᠶᠣᠰᠣᠯᠠᠯ ᠳᠡᠭᠡᠷ᠎ᠡ ︽ᠪᠦᠭᠦ ᠬᠤᠲᠠ ᠶᠢᠨ ᠥᠷᠭᠡᠨ ᠣᠯᠠᠨ ᠬᠤᠲᠠ ᠶᠢᠨ ᠠᠷᠠᠳ ᠲᠤ ᠥᠭᠭᠦᠭᠰᠡᠨ ︿ᠯᠧᠢ ᠹᠧᠩ ᠠᠴᠠ ᠰᠤᠷᠤᠯᠴᠠᠬᠤ﹀ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠲᠤᠬᠠᠢ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠢ ᠪᠠᠷ ᠦᠢᠯᠡᠳᠦᠯᠭᠡᠵᠢᠭᠦᠯᠬᠦ ᠶᠢ ᠣᠯᠠᠨ ᠳᠤ ᠤᠷᠢᠶᠠᠯᠠᠵᠠᠢ;ᠬᠤᠷᠴᠢᠨ ᠲᠣᠭᠤᠷᠢᠭ ᠤᠨ ᠰᠢᠨ᠎ᠡ ᠪᠠᠷ ᠠᠵᠢᠯ ᠣᠯᠭᠤᠭᠰᠠᠨ ᠬᠠᠮᠲᠤᠯᠢᠭ ᠲᠤ ᠦᠢᠯᠡᠴᠢᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ 2024 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 15 ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠤᠭ ᠣᠯᠭᠤᠪᠠ;ᠬᠤᠷᠴᠢᠨ ᠲᠣᠭᠤᠷᠢᠭ ᠤᠨ ᠤᠯᠠᠭᠠᠨᠮᠥ᠋ᠴᠢᠷ ᠵᠡᠷᠭᠡ ᠤᠳᠬ᠎ᠠ ᠤᠷᠠᠯᠢᠭ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠬᠯᠠᠯᠲᠠ ᠳᠡᠪᠰᠢᠭᠦᠯᠪᠡ᠃      ︽ᠰᠢᠨ᠎ᠡ ᠪᠠᠷ ᠮᠠᠨᠳᠤᠭᠰᠠᠨ ᠠᠵᠢᠯ ᠣᠯᠭᠤᠯᠲᠠ ᠶᠢᠨ ᠬᠠᠮᠲᠤᠯᠢᠭ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠭᠦᠮ ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠪᠣᠳᠠᠲᠠᠢ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠲᠠᠯ᠎ᠠ ᠪᠠᠷ ᠬᠤᠭᠤᠯᠠ ᠬᠦᠷᠭᠡᠭᠴᠢ᠂ ᠲᠦᠷᠭᠡᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ ᠵᠡᠷᠭᠡ ᠳᠤ ᠠᠮᠠᠷᠠᠯᠲᠠ ᠶᠢᠨ ᠥᠷᠲᠡᠭᠡ ᠪᠠᠶᠢᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠤᠤᠭᠤᠬᠤ ᠤᠰᠤ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠴᠠᠭᠢᠯᠭᠠᠨ ᠴᠡᠨᠡᠭᠯᠡᠬᠦ ᠵᠡᠷᠭᠡ ᠦᠢᠯᠡᠴᠢᠯᠡᠭᠡ ᠬᠠᠩᠭᠠᠨ᠎ᠠ᠃ ᠨᠥᠭᠦᠭᠡ ᠲᠠᠯ᠎ᠠ ᠪᠠᠷ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢᠴᠢ ᠶᠢ ᠤᠷᠢᠵᠤ ᠭᠦᠳᠡᠯᠮᠦᠷᠢ ᠶᠢᠨ ᠪᠠᠲᠤᠯᠠᠭ᠎ᠠ᠂ ᠭᠡᠷ᠎ᠡ ᠶᠢᠨ ᠵᠢᠭᠤᠷᠠᠯᠳᠤᠭᠠᠨ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠭᠤᠯᠵᠤ᠂ ᠲᠡᠳᠡᠨ ᠳᠤ ᠬᠠᠪᠰᠤᠷᠤᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ︾ ᠭᠡᠵᠦ ᠬᠤᠷᠴᠢᠨ ᠲᠣᠭᠤᠷᠢᠭ ᠤᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠭᠠᠭᠤᠯᠤᠭᠴᠢ ᠴᠧᠨ ᠶᠦᠩ ᠵᠢᠶᠦ᠋ᠨ ᠶᠠᠷᠢᠵᠤ ᠪᠠᠶᠢᠯ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠪᠦᠭᠦ ᠬᠤᠲᠠ ᠶᠢᠨ 90 ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠲᠦᠭᠡᠮᠡᠯᠵᠢᠭᠦᠯᠦᠨ ᠤᠬᠠᠭᠤᠯᠬᠤ᠂ ᠠᠯᠪᠠᠨ ᠵᠢᠷᠤᠮ ᠤᠨ ᠦᠰᠦ ᠵᠠᠰᠠᠬᠤ᠂ ᠪᠠᠷ ᠵᠢᠷᠤᠭ ᠤᠷᠠᠨ ᠪᠢᠴᠢᠯᠭᠡ ᠶᠢᠨ ᠪᠦᠲᠦᠭᠡᠯ ᠬᠦᠷᠭᠡᠬᠦ᠂ ᠠᠪᠤᠷᠠᠨ ᠲᠤᠰᠠᠯᠠᠬᠤ ᠤᠷ᠎ᠠ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠵᠡᠷᠭᠡ ᠣᠯᠠᠨ ᠭᠡᠯᠪᠡᠷᠢ ᠶᠢᠨ ︽ᠯᠧᠢ ᠹᠧᠩ ᠠᠴᠠ ᠰᠤᠷᠤᠯᠴᠠᠬᠤ︾ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠃      ᠬᠤᠷᠴᠢᠨ ᠤ ᠰᠠᠶᠢᠨ ᠳᠤᠷᠠᠴᠤᠤᠯ ᠤᠨ ᠨᠡᠶᠢᠭᠡᠮᠯᠢᠭ ᠤᠨ ᠳᠠᠷᠤᠭ᠎ᠠ ᠾᠧᠦ ᠸᠧᠢ ᠰᠢᠶᠠ ᠬᠡᠯᠡᠭᠰᠡᠨ ᠨᠢ᠂ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠭᠠᠰᠢᠬᠢ ᠠᠷᠪᠠ ᠭᠠᠷᠤᠢ ᠵᠢᠯ ᠤᠨ ᠲᠤᠷᠰᠢ ᠶᠠᠫᠤᠨ ᠢ ᠡᠰᠡᠷᠭᠦᠴᠡᠭᠰᠡᠨ ᠠᠬᠠᠮᠠᠳ ᠴᠡᠷᠢᠭ ᠢ ᠬᠠᠯᠠᠮᠵᠢᠯᠠᠬᠤ᠂ ᠡᠵᠢ ᠭᠤᠣᠯ ᠢ ᠬᠠᠯᠠᠮᠵᠢᠯᠠᠬᠤ᠂ ᠵᠣᠵᠢᠭ ᠡᠪᠡᠳᠴᠢᠨ ᠲᠠᠢ ᠬᠡᠦᠬᠡᠳ ᠪᠣᠯᠣᠨ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠬᠤ ᠵᠡᠷᠭᠡ ᠶᠢ ᠪᠠᠭᠲᠠᠭᠠᠭᠰᠠᠨ ᠮᠢᠩᠭ᠎ᠠ ᠭᠠᠷᠤᠢ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠷᠡᠭᠡᠳᠦᠢ ᠳᠤ ᠨᠡᠶᠢᠲᠡ ᠶᠢᠨ ᠠᠰᠠᠷᠠᠮᠵᠢ ᠶᠢᠨ ᠵᠠᠮ ᠢ ᠥᠩᠭᠡᠷᠡᠭᠰᠡᠨ ᠲᠠᠢ ᠪᠠᠨ ᠠᠳᠠᠯᠢ ᠪᠠᠷ ᠪᠠᠲᠤ ᠰᠠᠬᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ ᠭᠡᠵᠡᠢ᠃      2024 ᠣᠨ ᠳᠤ᠂ ᠮᠠᠨ ᠤ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠰᠢᠨ᠎ᠡ ᠪᠠᠶᠢᠷᠢᠰᠢᠯ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ 4860 ᠭᠠᠷᠤᠢ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ᠂ 20 ᠭᠠᠷᠤᠢ ᠲᠦᠮᠡᠨ ᠰᠠᠶᠢᠨ ᠳᠤᠷᠠᠴᠤᠤᠯ ᠡᠯ᠎ᠡ ᠲᠥᠷᠥᠯ ᠤᠨ ᠰᠠᠶᠢᠨ ᠳᠤᠷ᠎ᠠ ᠶᠢᠨ ᠠᠵᠢᠯᠯᠠᠭ᠎ᠠ ᠶᠢ 3.32 ᠲᠦᠮᠡ ᠭᠠᠷᠤᠢ ᠤᠳᠠᠭ᠎ᠠ ᠥᠷᠨᠢᠭᠦᠯᠵᠦ᠂ ᠣᠯᠠᠨ ᠲᠦᠮᠡᠨ ᠳᠤ 124 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠠᠰᠤᠷᠠᠯᠲᠠ ᠦᠭᠡᠢ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠪᠠ᠃ 2025 ᠣᠨ ᠳᠤ᠂ ᠮᠠᠨ ᠤ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠪᠠᠨ ᠦᠷᠭᠦᠯᠵᠢᠯᠡᠨ ᠴᠢᠩᠭᠠᠳᠬᠠᠵᠤ᠂ ︽ᠯᠧᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ︽ᠯᠧᠢ ᠹᠧᠩ ᠠᠴᠠ ᠰᠤᠷᠤᠯᠴᠠᠬᠤ︾ ᠠᠵᠢᠯᠯᠠᠭ᠎ᠠ ᠶᠢ ᠠᠷᠠᠳ ᠣᠯᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ᠂ ︽ᠯᠧᠢ ᠹᠧᠩ ᠠᠴᠠ ᠰᠤᠷᠤᠯᠴᠠᠬᠤ︾ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠦᠷᠭᠦᠯᠵᠢ ᠶᠢᠨ ᠴᠢᠨᠠᠷᠲᠠᠢ ᠥᠷᠨᠢᠭᠦᠯᠵᠦ᠂ ︽ᠯᠧᠢ ᠹᠧᠩ ᠤᠨ ᠵᠣᠷᠢᠭ ᠰᠠᠨᠠᠭ᠎ᠠ︾ ᠶᠢ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠬᠤ ᠪᠣᠯᠣᠨ᠎ᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ