ᠪᠦᠭᠦ ᠬᠤᠲᠠ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 2280.54 ᠳ᠋ᠦᠩᠰᠢᠭᠤᠷ ᠲᠥᠭᠦᠷᠢᠭ ᠪᠠ 1734.86 ᠳ᠋ᠦᠩᠰᠢᠭᠤᠷ ᠲᠥᠭᠦᠷᠢᠭ ᠲᠤ ᠬᠦᠷᠴᠦ ᠴᠥᠮ ᠪᠦᠭᠦ ᠣᠷᠣᠨ ᠤ ᠬᠤᠶᠠᠳᠤᠭᠠᠷ ᠲᠤ ᠣᠷᠣᠪᠠ
ᠨᠡᠶᠢᠲᠡᠯᠡᠭᠰᠡᠨ ᠴᠠᠭ᠄
2025/3/12
      ᠡᠮᠦᠨᠡᠬᠡᠨ ᠬᠤᠷᠠᠯᠳᠤᠭᠰᠠᠨ 2024 ᠣᠨ ᠤ ᠪᠦᠭᠦ ᠬᠤᠲᠠ ᠶᠢᠨ ᠮᠥᠩᠭᠦᠨ ᠭᠦᠢᠯᠭᠡᠭᠡᠨ ᠤ ᠡᠷᠭᠢᠯᠲᠡ ᠶᠢᠨ ᠪᠠᠶᠢᠳᠠᠯ ᠵᠢᠴᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠦᠭᠦ ᠬᠤᠲᠠ ᠶᠢᠨ ᠬᠥᠭᠵᠢᠯᠲᠡ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠬᠦᠷᠢᠶᠡᠨ ᠳᠤ ᠣᠯᠣᠭᠰᠠᠨ ᠦᠷ᠎ᠡ ᠪᠦᠲᠦᠭᠡᠯ ᠢ ᠨᠡᠶᠢᠲᠡᠯᠡᠪᠡ᠃      ᠮᠥᠩᠭᠦᠨ ᠭᠦᠢᠯᠭᠡᠭᠡᠨ ᠤ ᠠᠵᠢᠯᠯᠠᠭᠠᠨ ᠤ ᠲᠠᠯ᠎ᠠ ᠪᠠᠷ᠂ ᠬᠠᠳᠠᠭᠠᠯᠠᠮᠵᠢ ᠪᠠ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ 2024 ᠣᠨ ᠳᠤ᠂ ᠪᠦᠭᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 2280.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.89% ᠪᠠᠷ ᠨᠡᠮᠡᠭᠳᠡᠨ᠂ ᠪᠦᠭᠦ ᠣᠷᠣᠨ ᠳᠤ ᠬᠤᠶᠠᠳᠤᠭᠠᠷ ᠲᠤ ᠵᠢᠭᠰᠠᠭᠠᠭᠳᠠᠵᠠᠢ᠃ ᠪᠦᠭᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 1734.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.23% ᠪᠠᠷ ᠨᠡᠮᠡᠭᠳᠡᠨ᠂ ᠪᠦᠭᠦ ᠣᠷᠣᠨ ᠳᠤ ᠬᠤᠶᠠᠳᠤᠭᠠᠷ  ᠲᠤ ᠣᠷᠣᠪᠠ᠃ ᠪᠦᠭᠦ ᠬᠤᠲᠠ ᠶᠢᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠲᠠᠯᠪᠢᠭᠰᠠᠨ ᠠᠷᠠᠳ ᠤᠨ ᠵᠣᠭᠤᠰ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠨᠢ 5.81% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.59 ᠵᠠᠭᠤᠨ ᠤ ᠨᠢᠭᠡᠴᠢ ᠳᠣᠷᠣᠭᠰᠢᠯᠠᠪᠠ᠃      ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠷᠠᠳ ᠤᠨ ᠠᠮᠢᠳᠤᠷᠠᠯ ᠤᠨ ᠬᠦᠷᠢᠶᠡᠨ ᠳᠤ ᠦᠵᠡᠭᠦᠯᠭᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠪᠠ᠃ 2024 ᠣᠨ ᠤ 12 ᠰᠠᠷ᠎ᠠ ᠶᠢᠨ ᠡᠴᠦᠰ ᠪᠤᠯᠲᠠᠯ᠎ᠠ᠂ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ ᠦᠯᠡᠳᠡᠪᠦᠷᠢ ᠲᠤᠭ᠎ᠠ  ᠨᠢ ᠪᠦᠭᠦ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ 42.44% ᠶᠢ ᠡᠵᠡᠯᠡᠵᠦ᠂ 736.21 ᠳ᠋ᠦᠩᠰᠢᠭᠤᠷ ᠲᠥᠭᠦᠷᠢᠭ ᠲᠤ ᠬᠦᠷᠴᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 372.20 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 30.35% ᠪᠠᠷ ᠨᠡᠮᠡᠭᠳᠡᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 255.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.76% ᠪᠠᠷ ᠨᠡᠮᠡᠭᠳᠡᠵᠡᠢ᠃ ᠪᠣᠬᠢᠷᠳᠤᠯ ᠦᠭᠡᠢ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ ᠢᠯᠡᠳᠲᠡ ᠪᠠᠶᠢᠵᠤ᠂ ᠦᠯᠡᠳᠡᠪᠦᠷᠢ ᠲᠤᠭ᠎ᠠ ᠨᠢ 232.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.51%  ᠪᠠᠷ ᠨᠡᠮᠡᠭᠳᠡᠪᠡ᠃      ︽ᠲᠠᠪᠤᠨ ᠶᠡᠭᠡ ᠠᠵᠢᠯ︾ ᠢ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠦᠩᠯᠢᠶᠣᠣ ᠬᠤᠲᠠ ᠳᠠᠬᠢ ᠬᠤᠪᠢᠶᠠᠷᠢ ᠪᠠᠩᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠬᠤᠲᠠ ᠶᠢᠨ 188 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠡᠯᠡ ᠲᠣᠬᠢᠷᠠᠭᠤᠯᠭ᠎ᠠ ᠶᠢᠨ ᠵᠣᠯᠭᠠᠭᠤᠯᠬᠤ ᠬᠥᠮᠥᠷᠭᠡ ᠳᠤ ᠣᠷᠣᠭᠤᠯᠪᠠ᠃ 2024 ᠣᠨ ᠳᠤ᠂ ᠪᠦᠭᠦ ᠬᠤᠲᠠ ᠳᠤ ᠨᠡᠶᠢᠲᠡ 7015.71 ᠲᠦᠮᠡᠨ ᠲᠥᠭᠦᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠲᠤ ᠵᠢᠭᠡᠯᠡᠯᠭᠡ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 152.89% ᠪᠠᠷ ᠨᠡᠮᠡᠭᠳᠡᠪᠡ᠃ ᠭᠦᠩᠭᠡᠨᠴᠠᠭᠠᠨ ᠤ ᠠᠵᠤ ᠦᠢᠯᠡᠰ ᠤᠨ ᠬᠠᠮᠢᠶ᠎ᠠ ᠪᠦᠬᠦᠢ 14 ᠠᠵᠤ ᠠᠬᠤᠶᠢᠯᠠᠯ ᠳᠤ 15.51 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠪᠣᠬᠢᠷᠳᠤᠯ ᠦᠭᠡᠢ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 39.99% ᠨᠡᠮᠡᠭᠳᠡᠭᠦᠯᠬᠦ ᠶᠢ ᠳᠠᠶᠢᠴᠢᠯᠠᠪᠠ᠃ ᠪᠦᠭᠦ ᠬᠤᠲᠠ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠭᠢᠨ ᠵᠢᠭᠡᠯᠡᠯᠭᠡ ᠶᠢᠨ ᠬᠢᠵᠠᠭᠠᠷᠲᠤ ᠲᠤᠭ᠎ᠠ ᠶᠢᠨ ᠬᠡᠷᠡᠭᠯᠡᠯᠲᠡ ᠶᠢᠨ ᠨᠣᠷᠮ᠎ᠠ 100% ᠳᠤ ᠬᠦᠷᠴᠦ᠂ ᠳᠠᠭᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 26.14 ᠳ᠋ᠦᠩᠰᠢᠭᠤᠷ ᠲᠥᠭᠦᠷᠢᠭ ᠲᠤ ᠬᠦᠷᠴᠦ᠂ ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠪᠡ᠃ ᠪᠠᠩᠬᠢ ᠶᠢᠨ ᠲᠣᠣᠷ ᠴᠡᠭ ᠤᠨ ︽1 ᠴᠣᠩᠬᠤᠪᠴᠢ + 1 ᠥᠷᠲᠡᠭᠡ + 1 ᠬᠤᠷᠭᠤ︾ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ︽ᠣᠶᠤᠨᠴᠢ ᠮᠠᠯ ᠠᠵᠤ ᠠᠬᠤᠢ ᠶᠢᠨ ᠠᠷᠠᠯᠵᠢᠶᠠᠨ ᠤ ᠰᠢᠰᠲ᠋ᠧᠮ︾ ᠢ ᠰᠤᠳᠤᠯᠤᠨ ᠨᠡᠭᠡᠭᠡᠵᠦ᠂ ᠲᠣᠭᠠᠴᠢᠯᠠᠯᠲᠠ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃      2024 ᠣᠨ ᠳᠤ᠂ ᠪᠦᠭᠦ ᠬᠤᠲᠠ ᠶᠢᠨ ᠭᠠᠳᠠᠭᠠᠳᠤ ᠲᠠᠢ ᠬᠤᠯᠪᠣᠭᠳᠠᠭᠰᠠᠨ ᠣᠷᠣᠯᠭ᠎ᠠ ᠵᠠᠷᠤᠯᠭ᠎ᠠ ᠶᠢᠨ ᠪᠦᠭᠦ ᠲᠤᠭ᠎ᠠ 5.77 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠂ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠩᠬᠢ ᠶᠢᠨ ᠲᠠᠩᠰᠠᠨ ᠡᠷᠦᠭᠡ ᠶᠢᠨ ᠬᠠᠮᠢᠶᠠᠷᠤᠯᠲᠠ ᠶᠢᠨ ᠵᠠᠷᠤᠳᠠᠯ᠂ ᠲᠠᠩᠰᠠ ᠪᠠᠶᠢᠭᠤᠯᠤᠭᠰᠠᠨ ᠭᠠᠷ ᠭᠦᠢᠴᠡᠳᠬᠡᠯ ᠤᠨ ᠵᠠᠷᠤᠳᠠᠯ ᠵᠡᠷᠭᠡ ᠡᠯ᠎ᠡ ᠵᠦᠢᠯ ᠤᠨ ᠲᠥᠯᠥᠬᠦ ᠭᠠᠷ ᠭᠦᠢᠴᠡᠳᠬᠡᠯ ᠤᠨ ᠵᠠᠷᠤᠳᠠᠯ ᠢ ᠨᠡᠶᠢᠲᠡ 5071.44 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠭᠡᠳ᠂ 15.65 ᠲᠦᠮᠡᠨ ᠡᠷᠦᠭᠡ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠠᠰᠢᠭ ᠬᠦᠷᠲᠡᠭᠡᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ