ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2025 ᠣᠨ ᠤ ᠲᠦᠩᠯᠢᠶᠣᠤ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠲᠦᠩᠯᠢᠶᠣᠤ | ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ | ᠪᠠᠲᠤᠯᠠᠪᠠ᠂ ᠡᠳᠦᠭᠡ ᠪᠠᠭᠤᠯᠭᠠᠪᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | | | 2025 ᠣᠨ ᠤ 3 ᠳ᠋ᠤᠭᠠᠷ ᠰᠠᠷ᠎ᠠ ᠶᠢᠨ 9 | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | 2025 ᠣᠨ ᠤ ᠲᠦᠩᠯᠢᠶᠣᠤ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ᠂ ᠮᠥᠨ ᠴᠦ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠵᠢᠯ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ | ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2025 ᠣᠨ ᠳᠤ᠂ ᠪᠦᠬᠦ | ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠨᠢᠭᠡ ᠭᠤᠣᠯ ᠰᠢᠵᠢᠮ︾ ᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠶᠡᠭᠡ | ᠶᠠᠪᠤᠳᠠᠯ︾ ᠢ ᠬᠢᠨᠠᠮᠠᠭᠠᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ︽ᠬᠦᠴᠢᠷᠳᠡᠯ ᠢ ᠪᠦᠬᠦ ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠯᠲᠡ︾ ᠶᠢᠨ ᠠᠵᠢᠯ ᠤᠨ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠴᠢᠷᠮᠠᠶᠢᠵᠤ᠂ ᠴᠢᠷᠮᠠᠶᠢᠨ ᠲᠡᠮᠡᠴᠡᠬᠦ ᠶᠢ ᠲᠡᠷᠢᠭᠦᠨ ᠳᠤ ᠲᠠᠯᠪᠢᠵᠤ | ᠬᠥᠭᠵᠢᠯᠲᠡ ᠶᠢ ᠠᠳᠬᠤᠵᠤ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠣ ᠶᠢᠨ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠨ᠎ᠠ᠃ | 2025 ᠣᠨ ᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ | 7% ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 4% ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | ᠠᠳᠠᠯᠢ ᠪᠠᠷᠢᠮᠵᠢᠶ᠎ᠠ ᠪᠠᠷ 8% ᠨᠡᠮᠡᠭᠳᠡᠭᠦᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ | ᠲᠣᠰ 6% ᠪᠠ 6.5% ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠬᠢᠵᠠᠭᠠᠷᠯᠠᠯ ᠤᠨ ᠴᠢᠨᠠᠷᠲᠠᠢ ᠡᠭᠦᠷᠭᠡ ᠬᠠᠷᠠᠯᠲᠠ ᠶᠢ | ᠪᠡᠶᠡᠯᠡᠭᠦᠯᠦᠨ᠎ᠡ᠃ | ᠨᠢᠭᠡ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ | ᠡᠭᠦᠷᠭᠡ︾ ᠶᠢ ᠪᠥᠬᠦ ᠬᠦᠴᠦᠨ ᠢᠶᠠᠷ ᠨᠠᠶᠢᠳᠠᠪᠤᠷᠢᠵᠢᠭᠤᠯᠤᠨ᠎ᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠠᠵᠢᠯᠯᠠᠭᠠᠨ ᠢ ᠡᠷᠡᠰ | ᠰᠠᠶᠢᠲᠤᠷ ᠬᠢᠵᠦ᠂ ︽ᠲᠠᠪᠤᠨ ᠮᠢᠩᠭᠠᠨ ᠲᠦᠮᠡ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ | ᠬᠤᠭᠤᠴᠠᠭᠠᠨ ᠤ ᠣᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ 350 ᠲᠦᠮᠡᠨ ᠮᠦ ᠠᠴᠠ ᠳᠡᠭᠡᠭᠰᠢ ᠡᠯᠡᠰᠦ ᠶᠢ ᠶᠡᠷᠦᠩᠬᠡᠶᠢᠯᠡᠨ ᠵᠠᠰᠠᠨ᠎ᠠ᠃ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠬᠡᠯᠪᠡᠷᠢ | ᠪᠣᠯᠭᠠᠨ ᠬᠤᠪᠢᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠠᠴᠠ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠪᠠᠭ᠎ᠠ ᠭᠠᠳᠠᠭᠰᠢᠯᠠᠭᠤᠯᠬᠤ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ | ᠥᠷᠨᠢᠭᠦᠯᠦᠨ᠎ᠡ᠃ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠵᠡᠷᠭᠡ ᠲᠥᠷᠥᠯ ᠵᠦᠢᠯ ᠤᠨ | ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠭᠤᠣᠯ ᠤᠷᠤᠰᠬᠠᠯ ᠤᠨ ᠠᠮᠢ ᠠᠬᠤᠢ ᠶᠢᠨ ᠬᠤᠩᠭᠢᠯ᠂ ᠤᠷᠤᠰᠬᠠᠯ ᠤᠨ ᠵᠠᠮ᠂ ᠡᠷᠭᠢ ᠶᠢ ᠬᠠᠮᠠᠭᠠᠯᠠᠬᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠶᠢ ᠪᠦᠬᠦ | ᠲᠠᠯ᠎ᠠ ᠪᠠᠷ ᠠᠬᠢᠭᠤᠯᠵᠤ᠂ 8 ᠭᠤᠣᠯ ᠮᠥᠷᠡᠨ ᠤ ︽ᠤᠷᠤᠰᠬᠠᠯ ᠤᠨ ᠵᠠᠮ ᠢ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠦᠨ᠎ᠡ᠃ Ⅲ ᠳᠡᠰ ᠤᠨ ᠤᠰᠤᠨ ᠴᠣᠭᠴᠠ ᠶᠢᠨ | ᠬᠠᠷᠢᠴᠠᠯ ᠢ 60% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠵᠤ᠂ ᠤᠯᠤᠰ ᠤᠨ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠠᠨᠠᠢ Ⅴ ᠳᠡᠰ ᠤᠨ | ᠤᠰᠤᠨ ᠴᠣᠭᠴᠠ ᠶᠢ ︽ᠦᠭᠡᠢ︾ ᠪᠣᠯᠭᠠᠨ᠎ᠠ᠃ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ ᠢ 90% ᠠᠴᠠ ᠳᠠᠪᠠᠭᠤᠯᠤᠨ᠎ᠠ᠃ | ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠮᠠᠯ | ᠲᠠᠷᠢᠶᠠᠯᠠᠩ ᠤᠨ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ | ᠬᠢᠨᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠭᠡᠴᠡ ᠠᠮᠤ ᠶᠢᠨ ᠬᠡᠪᠴᠢᠶ᠎ᠡ | ᠪᠠ ᠬᠤᠲᠠ ᠶᠢᠨ ᠱᠠᠲᠤᠨ ᠤ ᠨᠥᠭᠡᠴᠡ ᠠᠮᠤ ᠶᠢᠨ ᠲᠤᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠨᠥᠭᠡᠴᠡ ᠠᠮᠤ | ᠪᠤᠳᠠᠭ᠎ᠠ ᠶᠢᠨ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠣᠬᠢᠷᠲᠤᠯ ᠦᠭᠡᠢ ᠬᠥᠮᠥᠷᠭᠡᠯᠡᠨ ᠨᠥᠭᠡᠴᠡᠯᠡᠬᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠠᠮᠤ ᠪᠤᠳᠠᠭᠠᠨ ᠤ ᠰᠦᠯᠵᠢᠶᠡᠨ ᠳᠡᠭᠡᠷᠡᠬᠢ ᠠᠷᠠᠯᠵᠢᠶᠠᠨ ᠤ ᠲᠠᠪᠴᠠᠩ ᠢ ᠪᠦᠷᠢᠨᠰᠢᠭᠦᠯᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ | ᠠᠪᠬᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠠᠵᠤ ᠦᠢᠯᠡᠳᠪᠦᠷᠢ | ᠠᠷᠠᠯᠵᠢᠶ᠎ᠠ ᠵᠡᠷᠭᠡ ᠬᠦᠷᠢᠶᠡᠨ ᠳᠠᠬᠢ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠠᠰᠠᠭᠤᠳᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠤᠨ ᠭᠠᠢ ᠭᠠᠮᠰᠢᠭ᠂ ᠤᠢ | ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ᠂ ᠦᠶᠡᠷ ᠤᠰᠤᠲᠤᠯ ᠭᠠᠩ ᠵᠡᠷᠭᠡ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠲᠣᠪᠣᠶᠢᠮ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠶᠠᠯᠠᠲᠤ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠪᠠᠭᠠᠰᠬᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠬᠦᠴᠦᠯᠡᠨ ᠰᠠᠶᠢᠲᠤᠷ ᠬᠢᠵᠦ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠠᠬᠢᠭᠤᠯᠤᠨ᠎ᠠ᠃ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠬᠤᠣᠯᠢᠩᠭᠤᠣᠯ ᠤᠨ ᠠᠭᠤᠷᠬᠠᠢ ᠶᠢᠨ ᠣᠷᠣᠨ ᠤ ᠶᠡᠷᠦᠩᠬᠡᠢ | ᠲᠥᠯᠦᠪᠵᠢᠭᠦᠯᠭᠡ ᠶᠢᠨ ᠴᠣᠬᠤᠯᠠᠪᠤᠷᠢ ᠶᠢ ᠠᠬᠢᠭᠤᠯᠵᠤ᠂ ᠬᠤᠣᠯᠢᠩᠭᠤᠣᠯ ᠤᠨ ᠨᠡᠭᠦᠷᠡᠰᠦᠨ ᠠᠭᠤᠷᠬᠠᠢ ᠶᠢᠨ ᠨᠢᠭᠡᠳᠦᠭᠡᠷ ᠨᠣᠮᠧᠷᠲᠤ ᠬᠤᠳᠳᠤᠭ ᠢ ᠬᠢᠨᠠᠨ | ᠵᠥᠪᠰᠢᠶᠡᠷᠡᠵᠦ ᠭᠤᠶᠤᠴᠢᠯᠠᠨ ᠮᠡᠳᠡᠭᠦᠯᠬᠦ᠂ ᠬᠤᠶᠠᠳᠤᠭᠠᠷ ᠨᠣᠮᠧᠷᠲᠤ ᠬᠤᠳᠳᠤᠭ ᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠳᠥᠷᠪᠡᠳᠦᠭᠡᠷ ᠨᠣᠮᠧᠷᠲᠤ | ᠬᠤᠳᠳᠤᠭ ᠤᠨ ᠠᠭᠤᠷᠬᠠᠢ ᠬᠠᠶᠢᠬᠤ ᠡᠷᠬᠡ ᠶᠢ ᠵᠠᠬ᠎ᠠ ᠳᠡᠯᠭᠡᠭᠦᠷᠴᠢᠯᠡᠨ ᠬᠤᠳᠠᠯᠳᠤᠬᠤ ᠶᠢ ᠦᠷᠭᠦᠯᠵᠢᠯᠡᠨ ᠠᠬᠢᠭᠤᠯᠤᠨ᠎ᠠ᠃ ᠵᠠᠷᠤᠳ ᠬᠤᠰᠢᠭᠤᠨ ᠤ ᠬᠤᠪᠣᠷ ᠴᠤᠬᠠᠭ | ᠰᠢᠷᠣᠢ ᠶᠢᠨ ᠠᠭᠤᠷᠬᠠᠢ ᠶᠢᠨ ᠬᠠᠶᠢᠨ ᠰᠢᠨᠵᠢᠬᠦ ᠲᠥᠷᠥᠯ ᠵᠦᠢᠯ᠂ ᠨᠠᠢᠮᠠᠨ ᠬᠤᠰᠢᠭᠤᠨ ᠤ ᠪᠠᠶᠢᠭᠠᠯᠢ ᠶᠢᠨ ᠬᠤᠵᠢᠷ ᠤᠨ ᠠᠭᠤᠷᠬᠠᠢ ᠶᠢᠨ ᠨᠠᠷᠢᠨ ᠪᠠᠶᠢᠴᠠᠭᠠᠯᠲᠠ ᠶᠢᠨ | ᠲᠥᠷᠥᠯ ᠵᠦᠢᠯ ᠵᠢᠴᠢ ᠵᠠᠬ᠎ᠠ ᠳᠡᠯᠭᠡᠭᠦᠷᠴᠢᠯᠡᠨ ᠬᠤᠳᠠᠯᠳᠤᠬᠤ ᠶᠢ ᠠᠬᠢᠭᠤᠯᠤᠨ᠎ᠠ᠃ ᠲᠤᠯᠭᠠᠭᠤᠷᠢᠯᠠᠬᠤ ᠴᠢᠨᠠᠷᠲᠠᠢ᠂ ᠲᠣᠬᠢᠷᠠᠭᠤᠯᠬᠤ ᠴᠢᠨᠠᠷᠲᠠᠢ ᠴᠠᠬᠢᠯᠭᠠᠨ | ᠡᠭᠦᠰᠬᠡᠭᠴᠢ ᠶᠢᠨ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠷ ᠢᠳᠡᠪᠬᠢᠯᠡᠨ ᠴᠢᠷᠮᠠᠶᠢᠵᠤ᠂ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠪᠠ ᠰᠢᠰᠲ᠋ᠧᠮ ᠲᠠᠢ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ | ᠤᠨ ᠴᠢᠬᠤᠯᠠ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 300 ᠲᠦᠮᠡᠨ ᠮᠦ ᠠᠴᠠ ᠳᠡᠭᠡᠭᠰᠢ | ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 200 ᠳ᠋ᠦᠩᠰᠢᠭᠤᠷ ᠵᠢᠩ ᠠᠴᠠ ᠳᠠᠪᠠᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠥᠯ ︵2025 ︱ 2027︶ | ︾ ᠢ ᠨᠠᠶᠢᠳᠠᠪᠤᠷᠢᠵᠢᠭᠤᠯᠵᠤ᠂ ᠭᠤᠣᠯ ᠪᠣᠯᠬᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% | ᠬᠦᠷᠦᠭᠦᠯᠬᠦ ᠪᠠᠷ ᠴᠢᠷᠮᠠᠶᠢᠨ᠎ᠠ᠃ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠬᠦᠴᠦᠯᠡᠨ | ᠪᠠᠲᠤᠯᠠᠵᠤ᠂ ᠮᠢᠬᠠᠨ ᠤ ᠵᠦᠢᠯ ᠤᠨ ᠭᠠᠷᠤᠯᠲᠠ ᠶᠢ 74 ᠲᠦᠮᠡᠨ ᠲᠣᠨ᠂ ᠦᠨᠢᠶᠡᠨ ᠰᠦ ᠶᠢᠨ ᠭᠠᠷᠤᠯᠲᠠ ᠶᠢ 67 ᠲᠦᠮᠡᠨ ᠲᠣᠨ᠂ ᠵᠢᠭᠦᠷᠲᠡᠨ ᠤ ᠥᠨᠳᠡᠭᠡ ᠶᠢᠨ | ᠭᠠᠷᠤᠯᠲᠠ ᠶᠢ 4.9 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ ᠤᠮᠠᠷᠠᠰᠢ ᠨᠡᠭᠡᠭᠡᠯᠲᠡ ᠶᠢᠨ ᠴᠢᠬᠤᠯᠠ ᠪᠠᠬᠢᠯᠡᠯᠲᠡ ᠶᠢ ᠲᠦᠷᠭᠡᠪᠴᠢᠯᠡᠨ ᠪᠠᠶᠢᠭᠤᠯᠤᠨ᠎ᠠ᠃ | ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠤᠨ ᠪᠣᠭᠤᠮᠲᠠ ᠬᠠᠭᠠᠵᠤ ᠡᠵᠡᠩᠨᠡᠬᠦ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ | ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ | ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ᠃ ︽ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ︾ ᠶᠢᠨ ᠵᠡᠭᠦᠨ ᠬᠤᠶᠢᠲᠤ ᠶᠢᠨ ᠣᠷᠣᠨ ᠪᠦᠰᠡ ᠶᠢᠨ | ᠵᠠᠩᠭᠢᠯᠠᠭ᠎ᠠ ᠶᠢᠨ ᠴᠡᠭ ᠤᠨ ᠬᠤᠲᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠪᠠᠶᠢᠩᠭᠤᠵᠢᠭᠰᠠᠨ | ᠠᠶᠠᠯᠠᠯᠲᠠ ᠶᠢ ᠠᠬᠢᠭᠤᠯᠤᠨ᠎ᠠ᠃ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠤᠯᠤᠰ ᠤᠨ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠭᠤᠣᠯ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠯᠠᠨ ᠬᠡᠯᠪᠡᠷᠢ ᠶᠢᠨ ᠬᠤᠯᠪᠤᠭᠠᠯᠠᠨ | ᠲᠡᠭᠡᠭᠡᠪᠦᠷᠢᠯᠡᠬᠦ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠬᠤᠷᠴᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠪᠠᠷ ᠭᠤᠶᠤᠴᠢᠯᠠᠨ ᠮᠡᠳᠡᠭᠦᠯᠬᠦ ᠶᠢ ᠠᠬᠢᠭᠤᠯᠤᠨ᠎ᠠ᠃ | ᠬᠢᠯᠢ ᠳᠠᠭᠠᠤ ᠶᠢᠨ ᠪᠣᠭᠤᠮᠲᠠ ᠪᠠ ᠲᠠᠯᠠᠢ ᠳᠠᠭᠠᠤ ᠶᠢᠨ ᠭᠠᠷᠠᠮ ᠤᠨ ᠬᠤᠳᠠ ᠯᠤᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠤᠷᠳᠤᠴᠠ ᠶᠢ 3% ᠣᠷᠴᠢᠮ ᠬᠦᠷᠭᠡᠨ᠎ᠡ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠪᠠᠶᠢᠷᠢᠯᠠᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠦᠨ᠎ᠡ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ᠣᠨ ᠤ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠ ᠤᠷᠲᠤ ᠬᠤᠭᠤᠴᠠᠭᠠᠨ ᠤ ᠡᠭᠦᠷᠭᠡ ᠪᠠᠨ ᠮᠡᠳᠡᠭᠳᠡᠬᠦᠶᠢᠴᠡ ᠠᠬᠢᠯᠲᠠ ᠲᠠᠢ ᠪᠣᠯᠭᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠡᠷᠡᠭᠵᠢᠭᠦᠯᠦᠯᠲᠡ ᠶᠢ ᠲᠦᠷᠭᠡᠪᠴᠢᠯᠡᠨ ᠠᠬᠢᠭᠤᠯᠵᠤ᠂ ᠪᠠᠷᠠᠭᠤᠨ | ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ | ᠲᠣᠳᠣᠷᠬᠠᠢ ᠪᠣᠯᠣᠭᠰᠠᠨ ᠲᠦᠷᠦ ᠶᠢᠨ ᠪᠣᠳᠣᠯᠭ᠎ᠠ ᠶᠢ ᠡᠷᠡᠰ ᠴᠢᠩᠭ᠎ᠠ ᠬᠡᠷᠡᠭᠵᠢᠭᠦᠯᠦᠨ᠂ ᠴᠢᠭᠯᠡᠯ ᠤᠨ ᠴᠢᠨᠠᠷᠲᠠᠢ᠂ ᠵᠢᠯᠣᠭᠤᠳᠤᠯᠭ᠎ᠠ ᠶᠢᠨ ᠴᠢᠨᠠᠷᠲᠠᠢ ᠲᠦᠷᠦ ᠶᠢᠨ | ᠪᠣᠳᠣᠯᠭ᠎ᠠ ᠶᠢ ᠵᠣᠷᠢᠭᠲᠠᠢ ᠪᠠᠷ ᠰᠢᠨ᠎ᠡ ᠶᠢ ᠡᠭᠦᠳᠴᠦ᠂ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠨᠢᠭᠡᠨᠲᠡ ᠠᠰᠢᠭ ᠬᠦᠷᠲᠡᠭᠰᠡᠨ ᠲᠥᠷᠥ ᠶᠢᠨ | ᠪᠣᠳᠣᠯᠭ᠎ᠠ ᠶᠢᠨ ᠲᠥᠷᠥᠯ ᠵᠦᠢᠯ ᠳᠤ ᠰᠤᠳᠤᠯᠤᠨ ᠨᠤᠲᠠᠯᠠᠬᠤ ᠶᠢ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠶᠡᠬᠡᠰᠬᠡᠨ᠎ᠡ᠃ ᠡᠯᠡᠰᠦ ᠶᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠃ 3.6 ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠪᠠᠷ ᠲᠥᠯᠥᠪᠯᠡᠵᠦ᠂ ᠨᠢᠭᠡᠳᠦᠭᠡᠷ ᠬᠤᠭᠤᠴᠠᠭᠠᠨ ᠤ 110 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠶᠠᠳᠤᠭᠠᠷ ᠬᠤᠭᠤᠴᠠᠭᠠᠨ ᠤ 60 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠠᠬᠢᠭᠤᠯᠤᠨ᠎ᠠ᠃ ᠳᠤᠯᠠᠭᠠᠯᠠᠭ᠎ᠠ ᠶᠢᠨ ᠢᠨᠵᠧᠨᠧᠷᠢᠩ ᠢ | ᠯᠠᠪᠳᠠᠭᠤᠨ ᠠᠬᠢᠭᠤᠯᠤᠨ᠎ᠠ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠣᠨ ᠠᠯᠤᠰᠯᠠᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠠᠬᠢᠭᠤᠯᠵᠤ᠂ ᠬᠤᠷᠤᠭ᠎ᠠ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠢ 60᠂ ᠢᠯᠴᠢ ᠰᠣᠯᠢᠬᠤ ᠥᠷᠳᠡᠭᠡ ᠶᠢ 30 ᠥᠭᠡᠷᠡᠴᠢᠯᠡᠨ | ᠰᠠᠶᠢᠵᠢᠷᠠᠭᠤᠯᠤᠨ᠎ᠠ᠃ ᠲᠦᠩᠯᠢᠶᠣᠣ ᠶᠢᠨ 2×35 ᠲᠦᠮᠡᠨ ᠺᠢᠯᠣᠸᠠᠲ ᠤᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠤᠨ | ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ ᠬᠤᠩ ᠭᠤᠸᠠᠩ ᠬᠥᠭᠦᠷᠭᠡ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠭᠤᠣᠯ ᠠᠯᠤᠰᠯᠠᠭᠰᠠᠨ | ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠭᠤᠣᠯᠳᠠᠯᠭ᠎ᠠ ᠲᠠᠢ ᠠᠬᠢᠭᠤᠯᠤᠨ᠎ᠠ᠃ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ ᠶᠢ | ᠨᠢ ᠠᠰᠠᠭᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨᠬᠦ ᠪᠤᠢ ᠪᠣᠯᠭᠠᠨ᠎ᠠ | ᠃ ᠰᠢᠨᠵᠢᠯᠡᠭᠡ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠭᠡ ᠮᠡᠷᠭᠡᠵᠢᠯ ᠤᠨ ᠪᠡᠯᠡ | ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠢ ᠪᠠᠲᠤᠯᠠᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 20% ᠠᠴᠠ | ᠳᠡᠭᠡᠭᠰᠢ ᠨᠡᠮᠡᠭᠳᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠡᠨᠧᠷᠭᠢ᠂ ᠬᠤᠰᠢᠭᠤᠷᠠᠯ ᠮᠠᠲ᠋ᠧᠷᠢᠶᠠᠯ᠂ ᠰᠢᠨ᠎ᠡ ᠬᠡᠯᠪᠡᠷᠢ ᠪᠠᠷ ᠡᠨᠧᠷᠭᠢ ᠨᠥᠭᠡᠴᠡᠯᠡᠬᠦ᠂ | ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠵᠡᠷᠭᠡ ᠭᠤᠣᠯᠳᠠᠯᠭ᠎ᠠ ᠲᠠᠢ ᠴᠢᠭᠯᠡᠯ ᠢ ᠬᠥᠨᠳᠡᠯᠡᠨ ᠢᠶᠠᠷ ᠬᠠᠮᠤᠷᠴᠤ᠂ ᠠᠵᠤ ᠦᠢᠯᠡᠰ ᠤᠨ ᠳᠠᠪᠠᠭᠤᠯᠢᠭ ᠢ ᠲᠡᠰ | ᠳᠡᠪᠰᠢᠭᠦᠯᠬᠦ᠂ ᠬᠤᠰᠢᠭᠤᠷᠠᠯ ᠮᠡᠷᠭᠡᠵᠢᠯ ᠢ ᠬᠤᠪᠢᠷᠠᠭᠤᠯᠬᠤ᠂ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠵᠡᠷᠭᠡ ᠳᠡᠭᠡᠳᠦ ᠲᠡᠰ ᠤᠨ | ᠬᠤᠪᠢᠷᠠᠯᠲᠠ ᠶᠢ ᠭᠤᠯᠳᠤ ᠪᠠᠷ ᠬᠥᠲᠥᠯᠥᠨ ᠳᠠᠭᠠᠭᠤᠯᠤᠨ᠎ᠠ᠃ ︽ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢᠶᠠᠷ ᠶᠡᠷᠦᠩᠬᠡᠶᠢᠯᠡᠨ | ᠵᠢᠯᠣᠭᠤᠳᠤᠭᠤᠯᠵᠤ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠠᠮᠢᠳᠤᠯᠢᠭ ᠢᠶᠠᠷ ᠤᠷᠢᠨ ᠠᠪᠴᠢᠷᠠᠨ᠎ᠠ᠃ ︽ᠥᠪᠥᠷ ᠮᠣᠩᠭᠤᠯ ᠤᠨ ᠰᠢᠨᠵᠢᠯᠡᠭᠡ | ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ ᠡᠭᠦᠳᠬᠦ ᠲᠠᠪᠴᠠᠩ ᠤᠨ ᠲᠦᠩᠯᠢᠶᠣᠣ ᠶᠢᠨ ᠬᠤᠪᠢᠶᠠᠷᠢ ᠲᠥᠪ ᠤᠨ ᠡᠮᠬᠢ ᠵᠢᠷᠤᠮ ᠲᠠᠢ ᠡᠵᠡᠩᠨᠡᠯᠲᠡ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 2 ᠨᠡᠮᠡᠭᠳᠡᠭᠦᠯᠬᠦ ᠪᠠᠷ ᠴᠢᠷᠮᠠᠶᠢᠵᠤ᠂ ᠭᠤᠣᠯᠯᠠᠭᠴᠢ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 10 ᠠᠴᠠ ᠳᠡᠭᠡᠭᠰᠢ ᠪᠠᠶᠢᠭᠤᠯᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠢ 50 ᠵᠦᠢᠯ ᠠᠴᠠ ᠳᠡᠭᠡᠭᠰᠢ ᠳᠡᠩᠰᠡᠯᠡᠨ ᠲᠡᠮᠳᠡᠭᠯᠡᠬᠦ ᠪᠠᠷ ᠴᠢᠷᠮᠠᠶᠢᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ ᠶᠢ 20% | ᠠᠴᠠ ᠳᠡᠭᠡᠭᠰᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠤᠨ᠎ᠠ᠃ | ᠭᠠᠳᠠᠭᠠᠳᠤ ᠪᠡᠯᠡ ᠳᠤ ᠬᠤᠯᠪᠣᠭᠳᠠᠬᠤ ᠠᠵᠤ ᠠᠬᠤᠶᠢᠯᠠᠯ ᠢ ᠡᠮᠬᠢᠯᠡᠨ ᠲᠢᠭᠯᠡᠵᠦ᠂ ᠠᠵᠤ ᠠᠬᠤᠶᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠡᠯᠡ | ᠮᠥᠩᠭᠦ ᠪᠠᠨ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠠᠪᠤᠴᠠ ᠳᠤ ᠭᠠᠳᠠᠭᠠᠳᠤ ᠪᠡᠯᠡ ᠪᠠᠷ ᠪᠡᠯᠡ | ᠣᠷᠣᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠢᠳᠡᠪᠬᠢᠲᠡᠢ | ᠵᠣᠬᠢᠶᠠᠨ ᠪᠠᠶᠢᠭᠤᠯᠵᠤ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠦᠷᠦᠯ ᠤᠨ ᠳᠡᠯᠭᠡᠨ ᠦᠵᠡᠭᠦᠯᠵᠦ ᠵᠥᠪᠳᠡᠯᠴᠡᠬᠦ ᠠᠵᠢᠯᠯᠠᠭ᠎ᠠ ᠳᠤ ᠣᠷᠣᠯᠴᠠᠭᠤᠯᠵᠤ᠂ | ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠤᠷᠢᠵᠤ ᠪᠡᠯᠡ ᠲᠠᠲᠠᠬᠤ ᠪᠠᠨ ᠡᠷᠴᠢᠮᠵᠢᠭᠦᠯᠦᠨ᠎ᠡ᠃ | ᠭᠤᠷᠪᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ | ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠥᠪ ᠤᠨ ︽ᠬᠤᠶᠠᠷ ᠴᠢᠬᠤᠯᠠ︾ ︽ᠬᠤᠶᠠᠷ ᠰᠢᠨ᠎ᠡ︾ ︽ | ᠬᠤᠶᠠᠷ ᠠᠵᠤ ᠦᠢᠯᠡᠰ︾ ᠵᠡᠷᠭᠡ ᠠᠯᠢ ᠣᠯᠠᠨ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠴᠢᠬᠤᠯᠠ ᠶᠡᠭᠡ ᠲᠥᠷᠥᠯ | ᠵᠦᠢᠯ ᠢ ᠲᠥᠯᠥᠪᠵᠢᠭᠦᠯᠬᠦ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠠᠵᠢᠯ ᠡᠬᠢᠯᠡᠭᠦᠯᠵᠦ᠂ | ᠨᠢᠭᠡ ᠪᠦᠯᠦᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠳᠠᠭᠤᠰᠬᠠᠬᠤ︾ ᠰᠠᠶᠢᠨ ᠣᠷᠴᠢᠯ ᠢ ᠪᠣᠶ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠡᠴᠦᠰ ᠤᠨ ᠵᠢᠯ ᠤᠨ ᠴᠢᠬᠤᠯᠠ ᠶᠡᠭᠡ ᠲᠥᠷᠥᠯ ᠵᠦᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠪᠠ ᠳᠡᠭᠡᠳᠦ ᠱᠠᠲᠤᠨ ᠠᠴᠠ ᠪᠡᠯᠡ ᠮᠥᠩᠭᠦ | ᠣᠯᠬᠤ ᠲᠥᠷᠥᠯ ᠵᠦᠢᠯ ᠤᠨ ᠳᠥᠷᠪᠡᠨ ᠨᠠᠷᠢᠨ ᠬᠠᠭᠤᠳᠠᠰᠤ ᠶᠢ ᠲᠦᠷᠭᠡᠳᠬᠡᠨ ᠲᠣᠭᠲᠠᠭᠠᠨ᠎ᠠ᠃ ᠡᠨᠧᠷᠭᠢ᠂ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ᠂ | ᠦᠢᠯᠡᠴᠢᠯᠡᠭᠡᠨ ᠤ ᠦᠢᠯᠡᠰ᠂ ᠮᠠᠯ ᠲᠠᠷᠢᠶᠠᠯᠠᠩ ᠣᠶ ᠰᠢᠭᠤᠢ ᠪᠡᠯᠴᠢᠭᠡᠷ ᠤᠰᠤ᠂ ᠠᠷᠠᠳ ᠤᠨ ᠠᠮᠢᠳᠤᠷᠠᠯ ᠨᠡᠶᠢᠭᠡᠮ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠵᠡᠷᠭᠡ 7 ᠴᠢᠬᠤᠯᠠ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠶᠢ | ᠥᠷᠨᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠣᠮᠣ ᠬᠡᠪᠴᠢᠶ᠎ᠡ︾ ᠳᠤ ᠣᠷᠣᠭᠤᠯᠬᠤ ᠪᠠᠷ ᠴᠢᠷᠮᠠᠶᠢᠨ᠎ᠠ᠃ | ᠤᠯᠤᠰ ᠤᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠲᠦᠰᠢᠭᠯᠡᠨ᠂ ᠪᠣᠶ ᠪᠥᠬᠦᠶ ᠲᠥᠷᠥᠯ ᠵᠦᠢᠯ ᠢ ᠬᠥᠮᠥᠷᠭᠡ ᠳᠤ | ᠣᠷᠣᠭᠤᠯᠵᠤ ᠬᠥᠳᠡᠯᠦᠩᠭᠦᠶ ᠬᠠᠮᠢᠶᠠᠷᠴᠤ᠂ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ᠂ ᠲᠥᠷᠥᠯ ᠵᠦᠢᠯ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠨᠠᠶᠢᠳᠠᠪᠤᠷᠢᠵᠢᠭᠤᠯᠬᠤ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠷᠠᠭᠤᠯᠤᠨ᠎ᠠ᠃ | ᠠᠵᠤ ᠠᠬᠤᠶᠢᠯᠠᠯ ᠢ ᠲᠡᠳᠬᠦᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠵᠢᠯᠯᠠᠭᠠᠨ ᠤ ᠲᠥᠰᠦᠯ ᠢ ᠲᠣᠭᠲᠠᠭᠠᠵᠤ᠂ ︽ᠪᠢ ᠠᠵᠤ ᠠᠬᠤᠶᠢᠯᠠᠯ ᠢ ᠬᠠᠪᠰᠤᠷᠤᠨ ᠢᠲᠡᠭᠡᠯ ᠵᠣᠷᠢᠭ ᠢ ᠨᠢ | ᠬᠦᠪᠴᠢᠯᠡᠬᠦ︾ ᠵᠡᠷᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠨᠢᠭᠡ ᠠᠵᠤ | ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠵᠥᠪ ᠲᠠᠯ᠎ᠠ ᠶᠢᠨ ᠬᠠᠪᠰᠤᠷᠤᠯᠭ᠎ᠠ ᠪᠠ ᠬᠠᠤᠯᠢ | ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠦᠵᠡᠭᠦᠯᠬᠦ ᠨᠠᠵᠠᠭᠠᠶ ᠨᠥᠯᠥᠭᠡ ᠶᠢ ᠴᠠᠭ ᠲᠤᠬᠠᠶ ᠳᠤᠨᠢ ᠠᠷᠢᠯᠭᠠᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠶ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠢᠨ᠎ᠡ ᠨᠢᠭᠡ ᠡᠭᠡᠯᠵᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ᠎ᠡ᠃ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ︽ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠤᠮᠵᠢ | ︵ᠲᠤᠷᠰᠢᠨ ᠬᠡᠷᠡᠭᠵᠢᠭᠦᠯᠬᠦ︶︾ ᠪᠠ ︽ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ︾ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠤᠳᠠᠯ ᠥᠬᠡᠶ | ᠨᠡᠶᠢᠲᠡᠯᠡᠬᠦ ᠭᠡᠵᠦ ᠪᠠᠶᠢᠭ᠎ᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠷᠭ᠎ᠠ ᠪᠠ ᠬᠢᠨᠠᠨ ᠪᠠᠶᠢᠴᠠᠭᠠᠬᠤ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠥᠭᠡᠷᠡᠴᠢᠯᠡᠯᠲᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ︽ᠤᠬᠠᠭᠠᠯᠢᠭ ᠪᠤᠰᠤ︾ | ᠥᠷᠢᠰᠥᠯᠳᠦᠭᠡᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠤ ᠠᠬᠤᠶᠢᠯᠠᠯ ᠳᠤ ᠥᠷᠢᠲᠦᠭᠰᠡᠨ ᠵᠣᠭᠤᠰ ᠮᠥᠩᠭᠦ ᠶᠢ ᠦᠷᠭᠦᠯᠵᠢᠯᠡᠨ | ᠲᠥᠯᠥᠵᠦ᠂ ᠠᠵᠤ ᠠᠬᠤᠶᠢᠯᠠᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠡᠮᠡᠴᠡᠨ | ᠣᠯᠬᠤ ᠶᠢ ᠳᠠᠮᠵᠢᠵᠤ᠂ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢ ᠳᠡᠭᠡᠭᠰᠢᠯᠡᠭᠦᠯᠦᠨ᠎ᠡ᠃ ᠮᠢᠩᠭᠠᠨ ᠠᠵᠤ ᠠᠬᠤᠶᠢᠯᠠᠯ ᠲᠦᠮᠡᠨ ᠡᠷᠦᠬᠡ ᠬᠠᠷᠢᠯᠴᠠᠨ ᠬᠠᠪᠰᠤᠷᠤᠨ ᠲᠡᠳᠬᠦᠬᠦ ᠶᠢ | ᠥᠷᠨᠢᠭᠦᠯᠵᠦ᠂ ᠴᠢᠨᠠᠷ ᠰᠠᠶᠢᠲᠠᠶ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠬᠥᠮᠥᠵᠢᠭᠦᠯᠬᠦ ᠪᠠᠷ ᠴᠢᠷᠮᠠᠶᠢᠵᠤ᠂ 50 ᠬᠤᠪᠢ ᠶᠢᠨ ᠡᠵᠡᠩᠨᠡᠯᠲᠡ ᠶᠢᠨ | ᠡᠷᠦᠬᠡ ᠶᠢᠨ ︽ᠠᠵᠤ ᠠᠬᠤᠶᠢᠯᠠᠯ ᠪᠣᠯᠵᠤ ᠬᠤᠪᠢᠷᠠᠬᠤ︾ ᠶᠢ ᠪᠡᠶᠡᠯᠡᠭᠦᠯᠵᠦ᠂ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠬᠢᠷᠠᠯ ᠢ | ᠪᠠᠭᠠᠰᠬᠠᠵᠤ᠂ ᠥᠪᠡᠷ ᠤᠨ ᠥᠷᠳᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠠᠳᠬᠤᠨ᠎ᠠ᠃ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠬᠤ ᠪᠠᠷ ᠬᠠᠷᠠᠯᠲᠠ | ᠪᠣᠯᠭᠠᠵᠤ᠂ ᠠᠵᠢᠯ ᠣᠯᠭᠤᠯᠲᠠ ᠶᠢᠨ ᠨᠥᠯᠥᠭᠡ ᠶᠢ ᠦᠨᠡᠯᠡᠨ ᠵᠢᠱᠢᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠴᠢᠳᠠᠪᠤᠷᠢᠲᠠᠨ ᠢ ᠤᠷᠢᠵᠤ ᠦᠯᠡᠳᠡᠭᠡᠬᠦ | ᠠᠵᠢᠯᠯᠠᠭ᠎ᠠ ᠶᠢ ᠥᠷᠨᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠤᠷᠢᠨ ᠠᠪᠴᠢᠷᠠᠬᠤ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠵᠠᠯᠠᠭᠤᠴᠤᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢᠯᠡᠰ ᠪᠣᠰᠬᠠᠬᠤ | ᠪᠠᠲᠤᠯᠠᠭᠠᠲᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠲᠠᠯᠪᠢᠨ᠎ᠠ᠃ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠴᠢᠷᠮᠠᠶᠢᠨ ᠰᠢᠢᠳᠪᠦᠷᠢᠯᠡᠵᠦ | ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ 1.2 | ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 40 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠬᠦ ᠪᠠᠷ | ᠴᠢᠷᠮᠠᠶᠢᠨ᠎ᠠ᠃ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 8000 ᠲᠦᠮᠡᠨ ᠬᠥᠮᠥᠨ ᠤᠳᠠᠭ᠎ᠠ ᠥᠷᠨᠢᠭᠦᠯᠵᠦ᠂ ᠤᠷ᠎ᠠ | ᠮᠡᠷᠭᠡᠵᠢᠯ ᠤᠨ ᠴᠢᠳᠠᠪᠤᠷᠢᠲᠠᠨ ᠢ 8000 ᠠᠴᠠ ᠳᠡᠭᠡᠭᠰᠢ ᠪᠣᠯᠪᠠᠰᠤᠷᠠᠭᠤᠯᠤᠨ᠎ᠠ᠃ | ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠᠷ ᠭᠤᠣᠯ ᠪᠣᠯᠭᠠᠨ᠂ ᠭᠦᠶᠦᠬᠡᠨ | ᠪᠤᠯᠠᠵᠤ ᠳᠤᠰᠤᠯᠭᠠᠨ ᠤᠰᠤᠯᠠᠬᠤ ᠤᠰᠤ ᠠᠷᠪᠢᠯᠠᠬᠤ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠬᠦᠪᠦᠷᠢ ᠥᠭᠬᠦ ᠪᠠ ᠤᠰᠤ ᠠᠷᠪᠢᠯᠠᠭᠰᠠᠨ ᠢ ᠱᠠᠩᠨᠠᠨ ᠬᠥᠬᠢᠭᠦᠯᠬᠦ ᠵᠡᠷᠭᠡ ᠳᠦᠷᠢᠮ ᠢ | ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠶᠢ 2.5 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠤᠰᠤ ᠶᠡᠭᠡ | ᠬᠤᠷᠣᠭᠳᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ 20 ᠲᠥᠷᠥᠯ ᠵᠦᠢᠯ ᠢ ᠬᠡᠷᠡᠭᠵᠢᠭᠦᠯᠵᠦ᠂ ᠬᠠᠶᠠᠭᠳᠠᠮᠠᠯ ᠤᠰᠤ ᠶᠢ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠳᠠᠬᠢᠯᠲᠠ ᠤᠰᠤ ᠶᠢ | ᠲᠣᠬᠢᠷᠠᠭᠤᠯᠤᠨ ᠠᠰᠢᠭᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠂ ᠨᠢᠭᠡ ᠪᠦᠯᠦᠭ ᠤᠰᠤ ᠠᠷᠪᠢᠯᠠᠬᠤ ᠮᠠᠶ᠋ᠢᠭ ᠤᠨ ᠠᠵᠤ ᠠᠬᠤᠶᠢᠯᠠᠯ᠂ ᠤᠰᠤ ᠠᠷᠪᠢᠯᠠᠬᠤ ᠬᠡᠪ | ᠳᠠᠭᠤᠷᠢᠶᠠᠯᠲᠤ ᠠᠵᠤ ᠠᠬᠤᠶᠢᠯᠠᠯ ᠪᠣᠯᠣᠨ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠢ ᠶᠡᠬᠡᠪᠡᠷ ᠡᠭᠦᠳᠦᠨ ᠪᠠᠶᠢᠭᠤᠯᠵᠤ᠂ ᠲᠦᠮᠡᠨ ᠲᠥᠭᠦᠷᠢᠭ ᠤᠨ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠦᠷᠢ ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13.5% ᠠᠴᠠ ᠳᠡᠭᠡᠭᠰᠢ ᠪᠠᠭᠤᠷᠠᠭᠤᠯᠬᠤ ᠪᠠᠷ | ᠴᠢᠷᠮᠠᠶᠢᠨ᠎ᠠ᠃ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠪᠠ | ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠤ ᠳᠠᠷᠠᠭ᠎ᠠ ᠠᠬᠢᠭᠤᠯᠤᠨ ᠪᠤᠳᠤᠵᠤ ᠦᠨ᠎ᠡ ᠨᠡᠮᠡᠬᠦ ᠵᠡᠷᠭᠡ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢᠨ ᠤᠰᠤᠨ ᠤ ᠰᠤᠷᠪᠤᠯᠵᠢ ᠶᠢ ᠰᠣᠯᠢᠬᠤ ᠶᠢ ᠠᠬᠢᠭᠤᠯᠵᠤ᠂ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠪᠥᠬᠦ | ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠳᠬᠠᠨ᠎ᠠ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠮᠣᠩᠭᠤᠯ ᠣᠷᠣᠰ ᠵᠡᠷᠭᠡ ︽ᠨᠢᠭᠡ | ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠠᠷᠠᠯᠵᠢᠶ᠎ᠠ ᠶᠢᠨ ᠶᠠᠪᠤᠯᠴᠠᠭ᠎ᠠ ᠵᠡᠷᠭᠡ ᠬᠦᠷᠢᠶᠡᠨ ᠳᠠᠬᠢ ᠨᠡᠪᠲᠡᠷᠡᠯᠴᠡᠭᠡ ᠬᠠᠮᠵᠢᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠶᠡᠭᠡ ᠲᠠᠯ᠎ᠠ ᠳᠤ ᠭᠦᠨᠵᠡᠭᠡᠢ ᠠᠭᠤᠰᠤᠯᠴᠠᠵᠤ | ᠂ ︽ᠭᠢᠷᠢᠨ ᠤ ᠡᠮᠦᠨ᠎ᠡ ᠬᠡᠰᠡᠭ ᠯᠢᠶᠣᠤᠨᠢᠩ ᠤᠨ ᠬᠤᠶᠢᠲᠤ ᠬᠡᠰᠡᠭ ᠥᠪᠥᠷ ᠮᠣᠩᠭᠤᠯ ᠤᠨ ᠵᠡᠭᠦᠨ ᠬᠡᠰᠡᠭ︾ ᠤᠨ ᠵᠢᠷᠭᠤᠭᠠᠨ ᠬᠤᠲᠠ ᠶᠢᠨ ᠴᠢᠨᠠᠷ ᠰᠠᠶᠢᠲᠠᠢ | ᠬᠠᠮᠵᠢᠯᠴᠠᠨ ᠬᠥᠭᠵᠢᠬᠦ ᠳᠤ ᠢᠳᠡᠪᠬᠢᠲᠡᠢ ᠣᠷᠣᠯᠴᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠳᠠᠯ | ᠦᠭᠡᠢ ᠨᠡᠶᠢᠲᠡᠯᠡᠨ ᠬᠡᠷᠡᠭᠵᠢᠭᠦᠯᠬᠦ ᠪᠠᠷ ᠪᠠᠶᠢᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠰᠠᠨᠠᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠡᠯ᠎ᠡ ᠠᠶᠢᠮᠠᠭ ᠬᠤᠲᠠ ᠯᠤᠭ᠎ᠠ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠥᠩᠯᠢᠶᠣᠣ ᠤᠯᠠᠭᠠᠨᠬᠠᠳᠠ ᠶᠢᠨ ︽ᠬᠤᠣᠰ ᠬᠤᠲᠠ︾ ᠶᠢᠨ ᠬᠠᠮᠵᠢᠯᠴᠠᠨ ᠬᠠᠮᠲᠤᠪᠠᠷ | ᠪᠠᠶᠢᠭᠤᠯᠬᠤ ᠶᠢ ᠠᠬᠢᠭᠤᠯᠵᠤ᠂ ᠬᠢᠩᠭᠠᠨ ᠠᠶᠢᠮᠠᠭ ᠯᠤᠭ᠎ᠠ ᠶᠢᠨ ︽ᠰᠢᠭᠤᠳ ᠬᠤᠷᠰᠢᠯᠴᠠᠬᠤ ᠠᠵᠤ ᠠᠬᠤᠢ︾ ᠶᠢᠨ ᠬᠠᠮᠲᠤᠷᠠᠯᠴᠠᠭ᠎ᠠ ᠶᠢ ᠥᠷᠭᠡᠳᠬᠡᠨ᠂ ᠰᠢᠯᠢ ᠶᠢᠨ | ᠭᠤᠣᠯ ᠠᠶᠢᠮᠠᠭ᠂ ᠬᠥᠯᠥᠨ ᠪᠤᠶᠢᠷ ᠬᠤᠲᠠ ᠯᠤᠭ᠎ᠠ ᠶᠢᠨ ᠬᠥᠭᠵᠢᠯᠲᠡ ᠶᠢ ᠵᠣᠯᠭᠠᠭᠤᠯᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠲᠥᠪᠯᠡᠷᠡᠭᠰᠡᠨ ᠣᠷᠣᠨ ᠢ ᠴᠣᠭᠴᠠᠯᠠᠨ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ | ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ︽ᠳᠥᠷᠪᠡᠨ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ ᠣᠷᠣᠨ ᠳᠤ | ᠬᠠᠨᠳᠤᠭᠤᠯᠤᠭᠰᠠᠨ ᠠᠵᠤ ᠠᠬᠤᠶᠢᠯᠠᠯ ᠢ ᠤᠷᠢᠬᠤ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ᠂ | ᠣᠨᠴᠠᠯᠢᠭᠲᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠨᠡᠶᠢᠰᠯᠡᠯ ᠳᠠᠬᠢ ᠵᠠᠬ᠎ᠠ ᠳᠡᠯᠭᠡᠭᠦᠷ ᠢ ᠰᠠᠨᠠᠭᠠᠴᠢᠯᠠᠭ᠎ᠠ ᠠᠴᠠ ᠪᠠᠨ ᠨᠡᠭᠡᠭᠡᠨ᠎ᠡ᠃ ᠭᠤᠸᠠᠩᠳᠦ᠋ᠩ | ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶ ᠶᠢᠨ ᠪᠦᠰᠡ᠂ ᠪᠡᠭᠡᠵᠢᠩ ᠲᠢᠶᠠᠨᠵᠢᠨ ᠾᠧᠪᠧᠢ ᠶᠢᠨ | ᠠᠵᠤ ᠠᠬᠤᠢ ᠶᠢᠨ ᠬᠦᠷᠢᠶᠡᠨ ᠤ ᠠᠵᠤ ᠦᠢᠯᠡᠰ ᠤᠨ ᠰᠢᠯᠵᠢᠯᠲᠡ ᠶᠢ ᠨᠡᠩ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠭᠤᠣᠯᠳᠠᠭᠤ ᠰᠢᠨ᠎ᠡ ᠴᠠᠭ | ᠦᠶ᠎ᠡ ᠶᠢᠨ ᠴᠤᠭ ᠵᠠᠯᠢ ᠶᠢ ᠪᠠᠳᠠᠷᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠥᠪᠥᠷ ᠮᠣᠩᠭᠤᠯ ᠤᠨ ᠰᠦᠷ ᠵᠢᠪᠬᠤᠭ᠎ᠠ ᠶᠢ ᠢᠯᠡᠷᠡᠭᠦᠯᠬᠦ᠂ | ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠴᠤᠤᠷᠢᠶᠠᠲᠤᠭᠤᠯᠬᠤ᠂ ᠬᠤᠷᠴᠢᠨ ᠰᠣᠶᠣᠯ ᠤᠨ ᠠᠭᠤᠯᠬᠤᠨ ᠢ ᠠᠭᠤᠳᠠᠯᠬᠤ᠂ ᠲᠣᠭᠠᠴᠢᠯᠠᠭᠰᠠᠨ ᠴᠢᠳᠠᠪᠬᠢ | ᠣᠯᠭᠤᠬᠤ ᠶᠢ ᠠᠬᠢᠭᠤᠯᠬᠤ ᠵᠡᠷᠭᠡ ᠵᠢᠷᠭᠤᠭᠠᠨ ᠲᠠᠯ᠎ᠠ ᠠᠴᠠ ᠤᠮᠠᠷᠠᠲᠤ ᠬᠢᠯᠢ ᠶᠢᠨ ᠰᠣᠶᠣᠯ ᠤᠨ ᠱᠣᠰᠢᠭ᠎ᠠ ᠶᠢ ᠢᠯᠡᠳᠬᠡᠭᠰᠡᠨ ᠲᠦᠩᠯᠢᠶᠣᠣ ᠶᠢᠨ ᠬᠠᠭᠤᠳᠠᠰᠤ ᠶᠢ | ᠪᠢᠴᠢᠭᠯᠡᠨ᠎ᠡ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠪᠠᠷᠠᠭᠤᠨ ᠯᠢᠶᠣᠤ ᠾᠧ ᠭᠤᠣᠯ ᠤᠨ | ᠪᠣᠯᠪᠠᠰᠤᠨ ᠤ ᠰᠤᠳᠤᠯᠭᠠᠨ ᠤ ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠪᠦᠬᠦ ᠬᠤᠳᠠ ᠶᠢᠨ ᠤᠷᠠᠯᠢᠭ ᠤᠨ ᠡᠬᠢ ᠪᠠᠶᠠᠯᠢᠭ ᠪᠠ ᠪᠣᠳᠠᠰ ᠤᠨ ᠪᠤᠰᠤ | ᠰᠣᠶᠣᠯ ᠤᠨ ᠥᠪ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠤᠣᠯ | ᠰᠡᠳᠦᠪᠲᠦ ᠰᠢᠷᠢᠰ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢ ᠡᠷᠭᠢᠯᠡᠵᠦ᠂ ᠳᠠᠭᠤᠤ ᠪᠥᠵᠢᠭᠲᠦ ᠵᠦᠴᠦᠭᠡ ︽ᠥᠩᠭᠡᠲᠦ ᠡᠭᠦᠯᠡ ᠬᠥᠪᠥᠯᠵᠡᠭᠰᠡᠨ | ᠭᠠᠵᠠᠷ︾᠂ ᠴᠠᠭᠠᠨ ᠬᠥᠭᠵᠢᠮ ᠤᠨ ᠪᠦᠯᠬᠦᠮ ᠤᠨ ᠳᠠᠭᠤᠤ ᠬᠥᠭᠵᠢᠮ ᠤᠨ ᠦᠳᠡᠰᠢᠯᠡᠭᠡ ᠵᠡᠷᠭᠡ ᠪᠥᠬᠦ ᠤᠯᠤᠰ ᠤᠨ ᠴᠢᠨᠠᠷᠲᠠᠢ ᠲᠣᠭᠤᠷᠢᠨ ᠲᠣᠭᠯᠠᠯᠲᠠ ᠶᠢ | ᠠᠬᠢᠭᠤᠯᠵᠤ᠂ ᠡᠯ᠎ᠡ ᠱᠠᠲᠤᠨ ᠤ ᠤᠯᠠᠭᠠᠨᠮᠥ᠋ᠴᠢᠷ ᠤᠨ ᠲᠣᠭᠯᠠᠯᠲᠠ ᠶᠢᠨ ᠠᠵᠢᠯᠯᠠᠭ᠎ᠠ ᠶᠢ 1000 ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠵᠤ᠂ ︽ᠰᠢ | ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠲᠣᠭᠯᠠᠯᠲᠠ ᠶᠢᠨ ᠠᠵᠢᠯᠯᠠᠭ᠎ᠠ ᠶᠢ 200 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︽ᠪᠢᠴᠢᠭ ᠤᠨ | ᠰᠤᠷᠪᠤᠯᠵᠢᠲᠤ ᠲᠦᠩᠯᠢᠶᠣᠣ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠠᠷᠠᠳ ᠢᠶᠠᠷ ᠢᠶᠠᠨ ᠨᠣᠮ ᠤᠩᠰᠢᠬᠤ᠂ ᠤᠮᠠᠷᠠᠲᠤ ᠬᠢᠯᠢ ᠶᠢᠨ | ᠲᠣᠰᠬᠤᠨ ᠤ ᠦᠳᠡᠰᠢᠯᠡᠭᠡ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃ ᠪᠠᠷᠠᠭᠤᠨ ᠯᠢᠶᠣᠤ ᠾᠧ ᠭᠤᠣᠯ ᠤᠨ | ᠪᠣᠯᠪᠠᠰᠤᠨ᠂ ᠬᠤᠷᠴᠢᠨ ᠠᠷᠠᠳ ᠤᠨ ᠳᠠᠭᠤᠤ᠂ ᠵᠢᠷᠢᠮ ᠤᠨ ᠪᠠᠷ ᠵᠢᠷᠤᠭ ᠵᠡᠷᠭᠡ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠡᠷᠴᠢᠮ ᠢᠶᠠᠨ | ᠴᠢᠩᠭᠠᠷᠠᠭᠤᠯᠵᠤ᠂ ︽ᠪᠠᠷᠠᠭᠤᠨ ᠯᠢᠶᠣᠤ ᠾᠧ ᠭᠤᠣᠯ ᠤᠨ ᠨᠠᠶᠢᠷᠠᠯ ᠰᠢᠯᠦᠭ︾ ᠵᠡᠷᠭᠡ ᠪᠦᠲᠦᠭᠡᠯ ᠢ ᠭᠤᠣᠯᠳᠠᠯᠭ᠎ᠠ ᠲᠠᠢ ᠡᠭᠦᠳᠦᠨ ᠪᠦᠲᠦᠭᠡᠨ᠎ᠡ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠳᠡᠭᠡᠭᠰᠢᠯᠡᠯᠲᠡ ᠶᠢ ᠬᠤᠲᠠ ᠶᠢᠨ ᠳᠦᠷᠢ ᠲᠥᠷᠬᠦ ᠶᠢᠨ ᠤᠬᠠᠭᠤᠯᠭ᠎ᠠ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠨᠠᠷᠠᠲᠤ ᠰᠢᠯᠢᠳᠡᠭ ᠪᠦᠲᠦᠭᠡᠭᠳᠡᠬᠦᠨ ᠢ ᠲᠠᠨᠢᠯᠴᠠᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠬᠦᠷᠢᠶ᠎ᠡ | ᠴᠠᠷᠠᠭ᠎ᠠ ᠯᠤᠭ᠎ᠠ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠣᠰ ᠡᠯᠪᠡᠭ | ᠬᠤᠷᠢᠶᠠᠯᠲᠠ ᠶᠢ ᠪᠡᠶᠡᠯᠡᠭᠦᠯᠦᠨ᠎ᠡ᠃ | ᠳᠥᠷᠪᠡ᠂ ᠭᠤᠷᠪᠠᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢ ᠲᠦᠷᠭᠡᠳᠬᠡᠨ᠎ᠡ | ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ︽ᠡᠷᠳᠡᠨᠢ ᠰᠢᠰᠢ ᠶᠢ ᠨᠢᠭᠲᠠ | ᠳᠠᠷᠢᠵᠤ ᠨᠠᠷᠢᠯᠢᠭ ᠣᠨᠣᠴᠠᠲᠠᠶ ᠳᠣᠭᠢᠷᠠᠭᠤᠯᠤᠨ ᠡᠵᠡᠮᠳᠡᠬᠦ ᠥᠨᠳᠥᠷ ᠤᠨᠠᠯᠲᠠ ᠲᠠᠢ ᠮᠡᠷᠭᠡᠵᠢᠯ + ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ︾ ᠤ ᠰᠢᠨ᠎ᠡ | ᠵᠠᠭᠪᠤᠷ ᠢ 1000 ᠲᠦᠮᠡᠨ ᠮᠦ ᠠᠴᠠ ᠳᠡᠭᠡᠭᠰᠢ ᠬᠡᠷᠡᠭᠵᠢᠭᠦᠯᠦᠨ᠎ᠡ᠃ 5 ᠵᠠᠭᠤᠨ ᠲᠦᠮᠡᠨ ᠮᠦ᠂ 3 ᠠᠷᠪᠠᠨ ᠲᠦᠮᠡᠨ ᠮᠦ᠂ ᠡᠳᠦᠢ ᠲᠡᠳᠦᠢ ᠲᠦᠮᠡᠨ ᠮᠦ ᠠᠴᠠ | ᠳᠡᠭᠡᠭᠰᠢᠬᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠤᠨ ᠪᠠᠶᠢᠭᠤᠯᠤᠨ᠎ᠠ᠃ ᠲᠥᠬᠦᠭᠡᠷᠦᠮᠵᠢᠲᠦ ᠲᠠᠷᠢᠶᠠᠯᠠᠩ ᠢ 1600 | ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠤᠨ ᠰᠣᠳᠣᠨ ᠪᠦᠲᠦᠭᠡᠭᠳᠡᠬᠦᠨ ᠤ ᠬᠦᠷᠢᠶᠡᠯᠡᠩ ᠲᠣᠭᠤᠷᠢᠭ ᠢ 3 ᠪᠠᠶᠢᠭᠤᠯᠤᠨ᠎ᠠ᠃ ︽ | ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠣᠷᠣᠨ︾ ᠢ ᠪᠠᠶᠢᠭᠤᠯᠵᠤ᠂ ︽ᠨᠢᠭᠡ ᠲᠥᠪ᠂ ᠭᠤᠷᠪᠠᠨ ᠬᠦᠷᠢᠶᠡᠯᠡᠩ | ᠲᠣᠭᠤᠷᠢᠭ᠂ ᠲᠠᠪᠤᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠵᠤ᠂ ᠲᠤᠭ᠎ᠠ ᠪᠠᠷᠢᠮᠲᠠ ᠶᠢᠨ ᠬᠡᠯᠬᠢᠶ᠎ᠡ᠂ ᠮᠥᠩᠭᠦᠨ ᠭᠦᠢᠯᠭᠡᠭᠡᠨ ᠤ ᠬᠡᠯᠬᠢᠶ᠎ᠡ᠂ ᠦᠢᠯᠡᠴᠢᠯᠡᠭᠡᠨ ᠤ | ᠬᠡᠯᠬᠢᠶ᠎ᠡ ᠵᠡᠷᠭᠡ ︽ᠭᠤᠷᠪᠠᠨ ᠬᠡᠯᠬᠢᠶ᠎ᠡ ᠶᠢ ᠠᠭᠤᠰᠤᠯᠴᠠᠭᠤᠯᠤᠭᠰᠠᠨ︾ ᠲᠤᠯᠭᠠᠭᠤᠷᠢᠯᠠᠬᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠴᠢᠩᠭᠠᠳᠬᠠᠵᠤ᠂ | ᠡᠳ᠋ᠰᠢᠭᠦᠯᠦᠨ ᠪᠣᠷᠣᠯᠠᠭᠤᠯᠬᠤ ᠬᠥᠲᠥᠴᠢ ᠠᠵᠤ ᠠᠬᠤᠶᠢᠯᠠᠯ ᠢ 30 ᠠᠴᠠ ᠳᠡᠭᠡᠭᠰᠢ ᠣᠷᠣᠭᠤᠯᠤᠨ ᠠᠪᠴᠢᠷᠠᠵᠤ᠂ 30 ᠵᠤᠷᠪᠤᠰ ᠠᠰᠢᠭ ᠲᠤᠰᠠ ᠶᠢᠨ ᠬᠠᠷᠢᠴᠠᠭᠠᠲᠤ | ᠬᠡᠯᠬᠢᠶ᠎ᠡ ᠶᠢ ᠪᠣᠶ ᠪᠣᠯᠭᠠᠵᠤ᠂ 50 ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ᠂ 100 ᠪᠠᠷᠢᠮᠵᠢᠶᠠᠵᠢᠭᠰᠠᠨ ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠪᠠᠯᠭᠠᠰᠤ | ᠲᠣᠰᠬᠤᠨ᠂ 1000 ᠵᠢᠱᠢᠶ᠎ᠡ ᠦᠵᠡᠭᠦᠯᠬᠦ ᠲᠠᠯᠠᠪᠠᠶ ᠡᠷᠦᠬᠡ ᠶᠢ ᠳᠠᠶᠢᠴᠢᠯᠠᠨ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ | ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠤᠯᠤᠰ ᠤᠨ ᠣᠲᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠭᠠᠬᠤ ᠪᠠᠷ ᠢᠳᠡᠪᠬᠢᠲᠡᠢ ᠭᠤᠶᠤᠴᠢᠯᠠᠨ᠎ᠠ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ | ᠮᠡᠷᠭᠡᠵᠢᠯ ᠢ ᠢᠳᠡᠪᠬᠢᠲᠡᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠢ 30 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠨᠠᠩ ᠣᠯᠠᠨ ᠲᠥᠷᠥᠯ ᠵᠦᠢᠯ ᠢ ︽ᠥᠪᠡᠷᠲᠡᠭᠡᠨ ᠵᠠᠰᠠᠬᠤ ᠣᠷᠣᠨ ᠤ 2025 | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠬᠦ ᠨᠡᠷᠡᠰ︾ ᠲᠤ ᠣᠷᠣᠭᠤᠯᠵᠤ᠂ ᠬᠤᠶᠠᠳᠤᠭᠠᠷ | ᠪᠦᠯᠦᠭ ᠤᠨ ᠲᠣᠭᠠᠴᠢᠯᠠᠭᠰᠠᠨ ᠬᠡᠯᠪᠡᠷᠢ ᠪᠣᠯᠭᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ | ᠦᠢᠯᠡᠳᠪᠦᠷᠢ ᠶᠢ 2 ᠡᠭᠦᠳᠦᠨ ᠪᠠᠶᠢᠭᠤᠯᠤᠨ᠎ᠠ᠃ ᠬᠥᠩᠭᠡᠨᠴᠠᠭᠠᠨ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ | ᠮᠢᠩᠭᠠᠨ ᠳ᠋ᠦᠩᠰᠢᠭᠤᠷ ᠢ ᠳᠠᠪᠠᠭ᠋ᠤ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠬᠥᠩᠭᠡᠨᠴᠠᠭᠠᠨ ᠤ ᠢᠰᠦᠯ ᠤᠨ | ᠦᠢᠯᠡᠳᠪᠦᠷᠢᠯᠡᠯ ᠤᠨ ᠴᠢᠳᠠᠪᠤᠷᠢ ᠶᠢᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠵᠠᠬᠠᠨᠠᠭᠤᠷ ᠤᠨ ᠬᠥᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ 35 | ᠲᠦᠮᠡᠨ ᠲᠣᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠶᠢᠨ ᠯᠢᠶᠠᠨ ᠤ 55 ᠲᠦᠮᠡᠨ ᠲᠣᠨ ᠲᠠᠲᠠᠳᠠᠭ ᠯᠠᠰᠠ᠂ ᠴᠤᠸᠠᠩ ᠶᠢᠨ ᠤ ᠥᠨᠳᠥᠷ ᠴᠡᠪᠡᠷᠴᠡᠲᠤ | ᠬᠥᠩᠭᠡᠨᠴᠠᠭᠠᠨ ᠵᠢᠴᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ | ᠴᠤᠸᠠᠩ ᠰᠢᠨ ᠤ 20 ᠲᠦᠮᠡᠨ ᠲᠣᠨ ᠬᠥᠩᠭᠡᠨ ᠮᠥᠷᠲᠡᠭᠡᠨ ᠣᠨᠴᠠᠭᠠᠢ ᠬᠠᠲᠠᠭᠤ ᠤᠶᠠᠨ ᠬᠠᠲᠠᠨ ᠴᠢᠨᠠᠷᠲᠠᠢ ᠬᠥᠩᠭᠡᠨᠴᠠᠭᠠᠨ ᠤ ᠬᠠᠶᠢᠯᠤᠰᠢ᠂ ᠴᠤᠸᠠᠩ ᠶᠤᠸᠠᠨ ᠤ | 30 ᠲᠦᠮᠡᠨ ᠲᠣᠨ ᠣᠨᠴᠠᠭᠠᠢ ᠨᠠᠷᠢᠯᠢᠭ ᠬᠥᠩᠭᠡᠨᠴᠠᠭᠠᠨ ᠤ ᠬᠠᠶᠢᠯᠤᠰᠢ ᠶᠢᠨ ᠰᠢᠨ᠎ᠡ ᠶᠢ ᠡᠭᠦᠳᠬᠦ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ ᠡᠷᠳᠡᠨᠢ ᠰᠢᠰᠢ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠮᠧᠶ ᠬᠤᠸᠠ ᠠᠮᠢᠳᠤ ᠪᠣᠳᠠᠰ ᠤᠨ 1.5 ᠲᠦᠮᠡᠨ ᠲᠣᠨ ᠪᠥᠭᠡᠮ ᠰᠢᠬᠢᠷ ᠤᠨ ᠬᠦᠴᠢᠯ ᠪᠠ 25 ᠲᠦᠮᠡᠨ ᠲᠣᠨ ᠰᠷᠸᠤ᠋ ᠰᠢᠪᠲᠤᠷᠲᠦ ᠬᠦᠴᠢᠯ ᠤᠨ | ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠢᠦᠢ ᠸᠠᠩ ᠤᠨ ᠲᠠᠯᠠᠰᠲᠤ ᠦᠵᠦᠮ ᠤᠨ ᠰᠢᠬᠢᠷ᠂ ᠵᠢᠦ ᠫᠧᠩ ᠡᠮ ᠦᠢᠯᠡᠳᠬᠦ ᠬᠤᠶᠠᠳᠤᠭᠠᠷ | ᠬᠤᠭᠤᠴᠠᠭ᠎ᠠ᠂ ᠬᠠᠢ ᠲᠢᠶᠠᠨ ᠡᠮ ᠦᠢᠯᠡᠳᠬᠦ ᠬᠤᠶᠠᠳᠤᠭᠠᠷ ᠬᠤᠭᠤᠴᠠᠭ᠎ᠠ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠨᠢᠺᠧᠯ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠾᠧ ᠢ᠂ ᠵᠢᠩ ᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ | ᠂ ᠵᠢᠪᠡᠷᠡᠬᠦ ᠦᠭᠡᠢ ᠪᠣᠯᠣᠳ ᠢ ᠬᠦᠢᠲᠡᠨ ᠢᠶᠠᠷ ᠬᠡᠪᠰᠢᠭᠦᠯᠬᠦ ᠪᠦᠲᠦᠭᠡᠭᠳᠡᠬᠦᠨ ᠵᠡᠷᠭᠡ ᠰᠢᠨ᠎ᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠵᠢᠪᠡᠷᠡᠬᠦ ᠦᠭᠡᠢ ᠪᠣᠯᠣᠳ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠨ᠎ᠠ᠃ ᠴᠠᠬᠢᠭᠤᠷ ᠢᠶᠠᠷ | ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠨᠡᠮᠡᠭᠳᠡᠯ ᠢ ᠠᠬᠢᠭᠤᠯᠤᠨ᠎ᠠ᠃ ᠵᠦᠩ ᠪᠥᠸᠧ ᠬᠡᠷᠡᠯ ᠴᠡᠨᠡᠭ ᠤᠨ | ᠰᠢᠯ᠂ ᠣᠣ ᠪᠠᠩ ᠰᠢᠯ ᠤᠨ ᠪᠦᠲᠦᠭᠡᠭᠳᠡᠬᠦᠨ᠂ ᠱᠧᠩ ᠪᠦᠦ ᠰᠢᠯ ᠰᠠᠪᠠ ᠵᠡᠷᠭᠡ ᠨᠢᠭᠡ ᠪᠦᠯᠦᠭ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠯᠠᠪᠳᠠᠭᠤᠨ | ᠠᠬᠢᠭᠤᠯᠵᠤ᠂ ᠬᠦᠷᠢᠶ᠎ᠡ ᠬᠤᠰᠢᠭᠤᠨ ᠤ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠡᠮ ᠳᠤ ᠬᠡᠷᠡᠭᠯᠡᠬᠦ ᠰᠢᠯ᠂ ᠣᠨᠴᠠᠭᠠᠢ ᠨᠢᠮᠭᠡᠨ ᠰᠢᠯ᠂ ᠣᠨᠴᠠ ᠲᠥᠷᠥᠯ ᠤᠨ ᠰᠢᠯ ᠵᠡᠷᠭᠡ ᠥᠨᠳᠥᠷ ᠨᠡᠮᠡᠯᠲᠡ ᠥᠷᠲᠡᠭᠲᠦ ᠠᠵᠤ ᠠᠬᠤᠶᠢᠯᠠᠯ ᠢ ᠲᠠᠲᠠᠬᠤ | ᠡᠷᠴᠢᠮ ᠢ ᠴᠢᠩᠭᠠᠷᠠᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ᠃ ᠤᠯᠤᠰ ᠤᠨ ᠭᠤᠷᠪᠠᠳᠤᠭᠠᠷ | ᠪᠦᠯᠦᠭ ᠤᠨ 120 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠣᠮᠣ ᠰᠠᠭᠤᠷᠢᠨ ᠭᠠᠵᠠᠷ᠂ ᠬᠡᠷᠡᠯ ᠴᠡᠨᠡᠭ ᠤᠨ ᠬᠠᠪᠰᠤᠷᠤᠨ ᠲᠡᠳᠬᠦᠬᠦ | ᠢᠨᠵᠧᠨᠧᠷᠢᠩ᠂ ᠾᠥᠸᠧ ᠮᠧᠶ ᠬᠤᠩ ᠵᠢᠶᠦ᠋ᠨ ᠤ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠡᠨᠧᠷᠭᠢ ᠶᠢ 400 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠭᠦᠯᠦᠨ ᠲᠣᠤᠷ ᠲᠤ ᠨᠡᠶᠢᠯᠡᠭᠦᠯᠵᠦ᠂ ᠶᠡᠷᠦᠩᠬᠡᠢ ᠬᠡᠮᠵᠢᠶ᠎ᠡ ᠶᠢ 1800 ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃ | ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ᠃ ᠬᠤᠷᠴᠢᠨ ᠲᠣᠭᠤᠷᠢᠭ ᠤᠨ ᠯᠦᠩ ᠮᠠ ᠴᠢᠳᠬᠤᠮᠠᠯ ᠦᠢᠯᠡᠳᠬᠦᠨ ᠤ ᠲᠥᠷᠥᠯ ᠵᠦᠢᠯ ᠤᠨ | ᠭᠦᠢᠴᠡᠳ ᠦᠢᠯᠡᠳᠪᠦᠷᠢᠯᠡᠬᠦ᠂ ᠳᠠᠪᠲᠠᠨ ᠦᠢᠯᠡᠳᠬᠦ ᠶᠢ ᠵᠣᠭᠰᠣᠭᠠᠬᠤ᠂ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠲᠥᠷᠥᠯ ᠵᠦᠢᠯ ᠢ ᠵᠠᠯᠭᠠᠯᠳᠤᠭᠠᠪᠠᠷ | ᠠᠵᠢᠯ ᠡᠬᠢᠯᠡᠭᠦᠯᠬᠦ ᠶᠢ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠫᠧᠩ ᠾᠦᠢ ᠰᠢᠨ᠎ᠡ ᠡᠨᠧᠷᠭᠢ ᠶᠢᠨ ᠨᠥᠭᠡᠴᠡᠯᠡᠯᠲᠡ ᠶᠢᠨ PACK ᠦᠢᠯᠡᠳᠪᠦᠷᠢᠯᠡᠯ ᠤᠨ | ᠱᠤᠭᠤᠮ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠶᠢᠨ ᠰᠢᠦᠢ ᠾᠧ ᠣᠶᠣᠨᠴᠢ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠎ᠡ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ᠃ ᠳᠤᠮᠳᠠᠳᠤ ᠤᠯᠤᠰ ᠤᠨ ᠬᠢᠮᠢ ᠶᠢᠨ ᠢᠨᠵᠧᠨᠧᠷᠢᠩ ᠤᠨ ᠪᠦᠯᠦᠭᠯᠡᠯ ᠤᠨ ᠬᠤᠶᠠᠷᠴᠢ ᠡᠲ᠋ᠡᠨᠤᠯ ᠤᠨ ᠲᠥᠷᠥᠯ ᠵᠦᠢᠯ ᠤᠨ ᠭᠦᠢᠴᠡᠳ ᠦᠢᠯᠡᠳᠪᠦᠷᠢᠯᠡᠬᠦ ᠶᠢ | ᠠᠬᠢᠭᠤᠯᠵᠤ᠂ ᠶᠢᠨ ᠮᠧᠢ ᠬᠢᠮᠢ ᠶᠢᠨ ᠠᠵᠤ ᠦᠢᠯᠡᠳᠪᠦᠷᠢ ᠶᠢᠨ 10 ᠲᠦᠮᠡᠨ ᠲᠣᠨ ᠡᠪᠡᠰᠦᠨ ᠬᠦᠴᠢᠯ ᠤᠨ ᠲᠥᠷᠥᠯ ᠵᠦᠢᠯ ᠢ ᠪᠠᠶᠢᠭᠤᠯᠤᠨ ᠪᠦᠲᠦᠭᠡᠨ᠎ᠡ᠃ | ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠤᠨ ᠬᠥᠭᠵᠢᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠰᠢ ᠠᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠦᠩᠯᠢᠶᠣᠣ ᠳᠠᠬᠢ ᠤᠬᠠᠭᠳᠠᠬᠤᠨ ᠤ ᠰᠢᠯᠭᠠᠨ | ᠪᠠᠲᠤᠯᠠᠬᠤ ᠲᠥᠪ ᠢ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠲᠦᠷᠭᠡᠳᠬᠡᠨ ᠨᠡᠭᠡᠭᠡᠨ᠎ᠡ᠃ ᠤᠰᠤᠲᠥ᠋ᠷᠥᠭᠴᠢ ᠡᠨᠧᠷᠭᠢ ᠶᠢ | ᠨᠥᠭᠡᠴᠡᠯᠡᠬᠦ ᠠᠵᠤ ᠦᠢᠯᠡᠰ ᠤᠨ ᠬᠥᠭᠵᠢᠯᠲᠡ ᠶᠢᠨ ᠬᠤᠰᠢᠭᠤᠷᠠᠯ ᠢ ᠴᠢᠩᠭ᠎ᠠ ᠠᠩᠬᠠᠷᠴᠤ᠂ ᠤᠰᠤᠲᠥ᠋ᠷᠥᠭᠴᠢ ᠡᠨᠧᠷᠭᠢ ᠶᠢ ᠨᠥᠭᠡᠴᠡᠯᠡᠬᠦ ᠲᠥᠷᠥᠯ ᠵᠦᠢᠯ ᠢ | ᠢᠳᠡᠪᠬᠢᠲᠡᠢ ᠰᠦᠪᠡᠭᠴᠢᠯᠡᠵᠦ᠂ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠪᠠ ᠤᠰᠤᠲᠥ᠋ᠷᠥᠭᠴᠢ ᠪᠠᠷ | ᠰᠠᠭᠤᠷᠢ ᠪᠣᠯᠭᠠᠭᠰᠠᠨ ᠪᠣᠬᠢᠷᠲᠤᠯ ᠦᠭᠡᠢ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠦᠭᠡᠢ ᠪᠣᠳᠣᠯᠭ᠎ᠠ ᠶᠢᠨ | ᠠᠵᠤ ᠦᠢᠯᠡᠰ᠃ ︽ᠥᠪᠥᠷ ᠮᠣᠩᠭᠤᠯ ᠤᠨ ᠵᠡᠭᠦᠨ ᠬᠡᠰᠡᠭ ᠤᠨ ᠪᠣᠬᠢᠷᠲᠤᠯ ᠦᠭᠡᠢ ᠲᠣᠭᠠᠴᠢᠯᠠᠭᠰᠠᠨ ᠣᠶᠣᠨᠴᠢ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠲᠥᠯᠦᠪᠵᠢᠭᠦᠯᠭᠡ ︵2025 ︱ 2030︶︾ ᠶᠢ ᠨᠠᠶᠢᠷᠠᠭᠤᠯᠤᠨ ᠵᠣᠬᠢᠶᠠᠵᠤ᠂ ᠭᠤᠷᠪᠠᠨ ᠲᠣᠮᠣ ᠴᠢᠮᠡᠭᠡ ᠬᠤᠯᠪᠣᠭᠠᠨ ᠤ ᠪᠦᠯᠦᠭᠯᠡᠯ ᠤᠨ | ᠣᠶᠣᠨᠴᠢ ᠪᠣᠳᠣᠯᠭ᠎ᠠ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠠᠬᠢᠭᠤᠯᠵᠤ᠂ ᠬᠤᠸᠠ ᠸᠧᠢ ᠵᠡᠷᠭᠡ ᠪᠣᠳᠣᠯᠭ᠎ᠠ ᠶᠢᠨ ᠬᠦᠴᠦᠨ ᠤ ᠲᠣᠯᠣᠭᠠᠶᠢᠯᠠᠭᠴᠢ | ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠨ᠎ᠠ᠃ ᠳᠣᠣᠷ᠎ᠠ ᠠᠭᠠᠷ ᠤᠨ ᠠᠵᠤ ᠠᠬᠤᠢ᠃ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ | ᠲᠤᠰᠬᠠᠢ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠳᠣᠣᠷ᠎ᠠ ᠠᠭᠠᠷ ᠤᠨ ᠠᠵᠤ ᠠᠬᠤᠢ ᠶᠢᠨ ᠲᠥᠷᠥᠯ ᠵᠦᠢᠯ ᠢ ᠴᠢᠨᠠᠷ ᠰᠠᠶᠢᠲᠠᠢ ᠨᠥᠭᠡᠴᠡᠯᠡᠨ᠂ | ᠬᠤᠷᠴᠢᠨ ᠲᠣᠭᠤᠷᠢᠭ ᠤᠨ ᠳᠣᠣᠷ᠎ᠠ ᠠᠭᠠᠷ ᠤᠨ ᠦᠢᠯᠡᠳᠬᠦ ᠦᠢᠯᠡᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽1+8+1︾ ᠣᠨ ᠤ ᠠᠵᠢᠯᠯᠠᠭ᠎ᠠ ᠶᠢᠨ ᠲᠥᠰᠥᠯ ᠢ ᠴᠢᠨᠠᠷ | ᠰᠠᠶᠢᠲᠠᠢ ᠨᠠᠶᠢᠷᠠᠭᠤᠯᠤᠨ ᠵᠣᠬᠢᠶᠠᠵᠤ᠂ ᠬᠡᠪᠴᠢᠶᠡᠵᠢᠯ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ 120 ᠡᠷᠦᠬᠡ ᠠᠴᠠ ᠳᠡᠭᠡᠭᠰᠢ ᠰᠢᠨ᠎ᠡ | ᠨᠡᠮᠡᠭᠳᠡᠭᠦᠯᠬᠦ ᠪᠠᠷ ᠴᠢᠷᠮᠠᠶᠢᠨ᠎ᠠ᠃ 191 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ 20% | ᠠᠴᠠ ᠳᠡᠭᠡᠭᠰᠢ ᠨᠡᠮᠡᠭᠳᠡᠭᠦᠯᠦᠨ᠂ 300 ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠨ᠎ᠡ᠃ ᠪᠠᠷᠠᠭᠠᠨ ᠤ ᠭᠦᠢᠯᠭᠡᠭᠡᠨ ᠤ ᠦᠢᠯᠡᠰ ᠤᠨ | ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ᠂ ᠰᠢᠶᠠᠨ ᠰᠢᠶᠠᠩ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠶᠢ 1.4 ᠳ᠋ᠦᠩᠰᠢᠭᠤᠷ ᠲᠣᠨ ᠬᠦᠷᠦᠭᠦᠯᠦᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠢ 150 ᠲᠦᠮᠡᠨ ᠲᠡᠭᠰᠢ ᠳᠥᠷᠪᠡᠯᠵᠢᠨ | ᠮᠧᠲᠷ ᠪᠣᠷᠣᠯᠠᠭᠤᠯᠬᠤ ᠪᠠᠷ ᠴᠢᠷᠮᠠᠶᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ᠲᠥᠷᠥᠯ ᠵᠦᠢᠯ ᠢ 108 ᠠᠴᠠ ᠳᠡᠭᠡᠭᠰᠢ ᠬᠡᠷᠡᠭᠵᠢᠭᠦᠯᠬᠦ ᠪᠠᠷ | ᠲᠥᠯᠥᠪᠯᠡᠵᠦ ᠪᠠᠶᠢᠨ᠎ᠠ᠃ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠵᠢᠭᠡᠯᠡᠯᠭᠡ ᠶᠢ ᠴᠥᠮ 15% ᠠᠴᠠ | ᠳᠡᠭᠡᠭᠰᠢ ᠨᠡᠮᠡᠭᠳᠡᠭᠦᠯᠦᠨ᠎ᠡ᠃ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠬᠦᠷᠢᠶᠡᠨ ᠤ ᠦᠢᠯᠡᠴᠢᠯᠡᠭᠡᠨ ᠤ ᠦᠢᠯᠡᠰ ᠪᠠ ᠮᠠᠯ ᠲᠠᠷᠢᠶᠠᠯᠠᠩ ᠤᠨ ᠠᠵᠤ | ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 6%᠂ 7% ᠨᠡᠮᠡᠭᠳᠡᠭᠦᠯᠦᠨ᠎ᠡ᠃ | ᠶᠤᠸᠠᠢ ᠯᠠᠢ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠪᠠᠷᠠᠭᠤᠨ ᠯᠢᠶᠣᠤ ᠾᠧ ᠭᠤᠣᠯ ᠤᠨ ᠠᠮᠢ ᠠᠬᠤᠢ ᠶᠢᠨ | ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠴᠦᠩᠭᠦᠯ ᠤᠨ ᠭᠤᠤ᠂ ᠮᠥᠩᠭᠦᠨ ᠲᠣᠬᠤᠢ ᠶᠢᠨ 5A ᠲᠠᠰ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠤᠷᠴᠢᠨ ᠤ 500 ᠺᠢᠯᠣᠮᠧᠲᠷ ᠤᠨ | ᠦᠵᠡᠮᠵᠢ ᠶᠢᠨ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠲᠦᠩᠯᠢᠶᠣᠣ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠬᠤᠷᠴᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ︽ᠲᠣᠰᠬᠤᠨ ᠤ BA︾ ︽ᠲᠣᠰᠬᠤᠨ ᠤ ᠠᠯᠠᠭᠠᠳᠠᠬᠤ ᠪᠥᠮᠪᠦᠭᠡ︾ ᠵᠡᠷᠭᠡ ᠣᠯᠠᠨ ᠲᠦᠮᠡᠨᠴᠢ | ᠴᠢᠨᠠᠷᠲᠠᠢ ᠤᠷᠤᠯᠳᠤᠭᠠᠨ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠲᠠᠪᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡᠨ ᠤ ᠠᠮᠢᠵᠢᠷᠠᠯ ᠤᠨ | ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | ︽ᠲᠥᠷᠥᠯ ᠵᠦᠢᠯ ᠢᠶᠠᠷ ᠭᠤᠣᠯᠯᠠᠵᠤ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠬᠤ︾ ᠶᠢ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠬᠦᠷᠢᠶᠡᠨ ᠤ ᠲᠥᠷᠥᠯ ᠵᠦᠢᠯ ᠤᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠬᠦ | ᠰᠢᠰᠲ᠋ᠧᠮᠵᠢ ᠶᠢ ᠪᠠᠶᠢᠭᠤᠯᠵᠤ᠂ ︽ᠵᠣᠭᠰᠣᠩᠭᠢᠷᠠᠭᠰᠠᠨ ᠲᠥᠷᠥᠯ ᠵᠦᠢᠯ ᠢ ᠰᠡᠷᠭᠦᠭᠡᠬᠦ᠂ ᠰᠤᠯᠠ ᠪᠠᠶᠢᠭ᠎ᠠ ᠡᠳ᠋ ᠬᠥᠷᠥᠩᠭᠡ ᠶᠢ ᠠᠰᠢᠭᠯᠠᠬᠤ᠂ ᠨᠢᠭᠡᠨᠲᠡ | ᠲᠣᠬᠢᠷᠠᠭᠤᠯᠤᠭᠰᠠᠨ ᠬᠦᠴᠦᠨ ᠵᠦᠢᠯ ᠢ ᠡᠬᠢᠯᠡᠭᠦᠯᠬᠦ︾ ᠢᠨᠵᠧᠨᠧᠷᠢᠩ ᠢ ᠶᠡᠷᠦᠩᠬᠡᠶᠢᠯᠡᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠡᠷᠴᠢᠮ ᠢ ᠥᠷᠭᠡᠳᠬᠡᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠨᠠᠩ ᠣᠯᠠᠨ ᠠᠷᠠᠳ ᠤᠨ ᠳᠤᠮᠳᠠᠬᠢ ᠬᠥᠷᠥᠩᠭᠡ ᠶᠢ ᠳᠠᠶᠢᠴᠢᠯᠠᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠭᠤᠯᠵᠤ᠂ ᠲᠥᠷᠥᠯ ᠵᠦᠢᠯ ᠤᠨ ᠪᠥᠬᠦ ᠶᠠᠪᠤᠴᠠ ᠪᠠᠷ᠂ ᠨᠠᠷᠢᠯᠢᠭᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠂ | 500 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠨᠡᠮᠡᠭᠳᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠲᠤ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠱᠠᠲᠤ ᠭᠤᠣᠯ ᠬᠠᠷᠢᠭᠤᠴᠠᠯᠭ᠎ᠠ ᠡᠭᠦᠷᠭᠡᠯᠡᠬᠦ᠂ ᠰᠠᠯᠠᠭ᠎ᠠ | ᠮᠥᠴᠢᠷ ᠤᠳ ᠡᠭᠦᠷᠭᠡ ᠡᠭᠦᠷᠭᠡᠯᠡᠬᠦ᠂ ᠬᠤᠰᠢᠭᠤ ᠰᠢᠶᠠᠨ ᠲᠦᠷᠦᠭᠦᠯᠡᠨ ᠬᠢᠬᠦ᠂ ᠬᠦᠷᠢᠶᠡᠯᠡᠩ ᠲᠣᠭᠤᠷᠢᠭ ᠬᠤᠰᠢᠭᠤᠴᠢᠯᠠᠬᠤ ᠶᠢ ᠪᠠᠷᠢᠮᠲᠠᠯᠠᠨ᠂ ᠪᠣᠬᠢᠷᠲᠤᠯ ᠦᠭᠡᠢ | ᠠᠵᠤ ᠠᠬᠤᠢ ᠶᠢ ᠤᠷᠢᠬᠤ᠂ ᠬᠡᠯᠬᠢᠶ᠎ᠡ ᠶᠢᠨ ᠭᠤᠣᠯᠯᠠᠭᠴᠢ ᠠᠵᠤ ᠠᠬᠤᠢ ᠶᠢ ᠤᠷᠢᠬᠤ᠂ ᠠᠵᠤ ᠦᠢᠯᠡᠰ ᠤᠨ ᠬᠦᠷᠢᠶᠡᠯᠡᠩ ᠳᠤ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠳ ᠨᠡᠶᠢᠭᠡᠮᠯᠢᠭ ᠢ ᠠᠰᠢᠭᠯᠠᠨ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ︽ᠰᠠᠭᠤᠷᠢ ᠮᠥᠩᠭᠦ +︾ ᠵᠡᠷᠭᠡ ᠵᠠᠬ᠎ᠠ ᠳᠡᠯᠭᠡᠭᠦᠷᠴᠢᠯᠡᠨ | ᠬᠤᠳᠠᠯᠳᠤᠭᠠᠴᠢᠨ ᠤᠷᠢᠬᠤ ᠶᠢ ᠬᠠᠶᠢᠨ ᠰᠦᠪᠡᠭᠴᠢᠯᠡᠵᠦ᠂ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠷᠠᠭᠤᠯᠤᠨ᠂ ᠠᠮᠠᠯᠠᠯᠲᠠ ᠶᠢᠨ ᠵᠦᠢᠯᠡᠰ ᠢ ᠪᠡᠶᠡᠯᠡᠭᠦᠯᠵᠦ᠂ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ | 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠨ ᠪᠠᠳᠠᠷᠠᠭᠤᠯᠤᠨ᠎ᠠ᠃ ᠠᠩᠬᠠᠨ ᠤ ᠠᠵᠤ ᠠᠬᠤᠢ᠂ ᠮᠥᠰᠥ ᠴᠠᠰᠤᠨ ᠤ ᠠᠵᠤ | ᠠᠬᠤᠢ᠂ ᠪᠤᠭᠤᠷᠤᠯᠴᠤᠳ ᠤᠨ ᠠᠵᠤ ᠠᠬᠤᠢ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠦᠷᠭᠦᠯᠵᠢᠯᠡᠨ ᠪᠣᠶᠢᠵᠢᠭᠤᠯᠵᠤ᠂ ᠰᠣᠶᠣᠯ ᠵᠢᠭᠤᠯᠴᠢᠯᠠᠯ ᠤᠨ | ᠦᠢᠯᠡᠰ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠬᠡᠷᠡᠭᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ︽ᠵᠠᠰᠠᠭ ᠤᠨ ᠣᠷᠳᠣᠨ + ᠠᠵᠤ ᠠᠬᠤᠶᠢᠯᠠᠯ + ᠮᠥᠩᠭᠦᠨ | ᠭᠦᠢᠯᠭᠡᠭᠡᠨ︾ ᠢᠶᠠᠷ ᠬᠡᠷᠡᠭᠯᠡᠭᠡ ᠶᠢ ᠠᠬᠢᠭᠤᠯᠬᠤ ᠵᠠᠭᠪᠤᠷ ᠢ ᠪᠠᠷᠢᠮᠲᠠᠯᠠᠨ᠂ ᠵᠢᠭᠤᠯᠴᠢᠯᠠᠯ ᠤᠨ ᠤᠯᠠᠷᠢᠯ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠵᠡᠷᠭᠡ | ᠴᠢᠬᠤᠯᠠ ᠵᠠᠩᠭᠢᠯᠠᠭ᠎ᠠ ᠶᠢᠨ ᠡᠳᠦᠷ ᠢ ᠵᠠᠪᠳᠤᠨ ᠠᠳᠬᠤᠵᠤ᠂ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 300 ᠤᠳᠠᠭᠠᠨ ᠠᠴᠠ ᠳᠡᠭᠡᠭᠰᠢ | ᠵᠣᠬᠢᠶᠠᠨ ᠪᠠᠶᠢᠭᠤᠯᠤᠨ ᠥᠷᠨᠢᠭᠦᠯᠵᠦ᠂ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠥᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠪᠡᠯᠡ | ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠲᠥᠷᠥᠯ ᠤᠨ ᠬᠡᠷᠡᠭᠯᠡᠭᠡᠨ ᠤ ᠲᠡᠮᠳᠡᠭᠲᠦ᠂ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠶᠢ 3000 ᠲᠦᠮᠡᠨ | ᠲᠥᠭᠦᠷᠢᠭ ᠠᠴᠠ ᠳᠡᠭᠡᠭᠰᠢ ᠲᠠᠷᠬᠠᠭᠠᠵᠤ᠂ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ 6000᠂ ᠭᠡᠷ ᠤᠨ ᠴᠠᠬᠢᠯᠭᠠᠨ ᠬᠡᠷᠡᠭᠰᠡᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ 10 ᠲᠦᠮᠡ ᠠᠴᠠ ᠳᠡᠭᠡᠭᠰᠢ ᠪᠡᠶᠡᠯᠡᠭᠦᠯᠦᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ᠂ ᠣᠨᠴᠠᠯᠢᠭᠲᠤ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠥᠭᠡᠷᠡᠴᠢᠯᠡᠯᠲᠡ ᠪᠠ ᠣᠨᠴᠠᠯᠢᠭᠲᠤ ᠬᠤᠳᠠᠯᠳᠤᠭᠠᠨ ᠤ ᠴᠤᠭᠯᠠᠷᠠᠯ ᠤᠨ | ᠲᠣᠭᠤᠷᠢᠭ ᠵᠡᠷᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ 40 ᠲᠥᠯᠥᠪᠵᠢᠭᠦᠯᠵᠦ᠂ ᠭᠤᠣᠯ | ᠬᠤᠲᠠ ᠶᠢᠨ ᠲᠣᠭᠤᠷᠢᠭ ᠤᠨ ᠬᠡᠰᠡᠭ ᠨᠡᠶᠢᠭᠡᠮ ᠲᠣᠭᠤᠷᠢᠭ ᠪᠠ ᠬᠤᠣᠯᠢᠩᠭᠤᠣᠯ ᠬᠤᠲᠠ ᠶᠢᠨ ᠪᠥᠬᠦ ᠬᠡᠪᠴᠢᠶᠡᠨ ᠳᠤ ᠨᠢᠭᠡ ᠮᠥᠴᠡ ᠶᠢᠨ ᠠᠷᠠᠳ ᠲᠤ ᠲᠥᠬᠦᠮ | ᠦᠵᠡᠭᠦᠯᠬᠦ ᠠᠮᠢᠳᠤᠷᠠᠯ ᠤᠨ ᠲᠣᠭᠤᠷᠢᠭ ᠢ ᠪᠣᠶ ᠪᠣᠯᠭᠠᠨ᠎ᠠ᠃ | ᠵᠢᠷᠭᠤᠭ᠎ᠠ᠂ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠴᠢᠨᠠᠷ ᠰᠠᠶᠢᠲᠠᠢ ᠲᠥᠯᠥᠪᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ | ᠬᠦᠴᠦᠨ ᠢᠶᠠᠨ ᠲᠥᠪᠯᠡᠷᠡᠭᠦᠯᠦᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠳ᠋ᠦᠩᠨᠡᠯᠲᠡ ᠪᠠ ᠦᠨᠡᠯᠡᠨ ᠵᠢᠱᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠦᠬᠦ ᠬᠤᠲᠠ ᠶᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ︽ᠦᠨᠳᠦᠰᠦᠨ ᠰᠡᠳᠬᠢᠴᠡ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠥᠯᠦᠪᠵᠢᠭᠦᠯᠭᠡ ᠶᠢᠨ | ᠰᠠᠨᠠᠭᠤᠯᠭ᠎ᠠ ᠪᠠ ︽ᠬᠥᠲᠥᠯᠪᠦᠷᠢ ᠶᠢᠨ ᠲᠣᠪᠴᠢ︾ ᠶᠢᠨ ᠲᠥᠰᠥᠯ ᠢ ᠪᠦᠷᠢᠯᠳᠦᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠪᠣᠯᠬᠤ ᠭᠦᠢᠴᠡᠳᠬᠡᠯ ᠲᠤᠭ᠎ᠠ ᠶᠢ ᠲᠥᠰᠥᠭᠡᠯᠡᠨ ᠪᠤᠳᠤᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠠᠬᠢᠭᠤᠯᠬᠤ ᠠᠷᠭ᠎ᠠ ᠵᠠᠮ ᠢ ᠨᠠᠷᠢᠯᠢᠭᠵᠢᠭᠤᠯᠤᠨ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ | ᠲᠠᠩ ᠴᠣᠭᠴᠠᠲᠤ ᠢᠨᠵᠧᠨᠧᠷᠢᠩ ᠪᠠ ︽ᠵᠢᠵᠢᠭᠬᠡᠨ ᠮᠥᠷᠲᠡᠭᠡᠨ ᠭᠤᠶᠣᠬᠠᠨ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠲᠥᠯᠥᠪᠯᠡᠵᠦ᠂ ᠳᠡᠭᠡᠳᠦ ᠱᠠᠲᠤᠨ ᠤ | ᠲᠥᠯᠦᠪᠵᠢᠭᠦᠯᠭᠡ ᠶᠢᠨ ︽ᠬᠥᠲᠥᠯᠪᠦᠷᠢ ᠶᠢᠨ ᠲᠣᠪᠴᠢ︾ ᠲᠠᠢ ᠵᠣᠯᠭᠠᠭᠤᠯᠬᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠬᠤ ᠪᠠ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ ︽ᠲᠦᠩᠯᠢᠶᠣᠣ ᠬᠤᠲᠠ ᠶᠢᠨ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠲᠤᠰᠬᠠᠢ | ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠠᠷᠢᠨ ᠬᠠᠭᠤᠳᠠᠰᠤ︾ ᠶᠢ ᠲᠣᠭᠲᠠᠭᠠᠵᠤ᠂ ᠡᠯ᠎ᠡ ᠲᠥᠷᠥᠯ ᠤᠨ ᠲᠤᠰᠬᠠᠢ ᠵᠦᠢᠯ ᠤᠨ | ᠲᠥᠯᠦᠪᠵᠢᠭᠦᠯᠭᠡ ᠶᠢ ᠲᠦᠩᠯᠢᠶᠣᠣ ᠬᠤᠲᠠ ᠶᠢᠨ ᠲᠥᠯᠦᠪᠵᠢᠭᠦᠯᠭᠡ ᠶᠢᠨ ︽ᠬᠥᠲᠥᠯᠪᠦᠷᠢ ᠶᠢᠨ ᠲᠣᠪᠴᠢ︾ ᠯᠦᠭᠡ ᠵᠡᠷᠭᠡ ᠳᠤᠨᠢ ᠰᠤᠳᠤᠯᠵᠤ᠂ ᠵᠡᠷᠭᠡ ᠳᠤᠨᠢ | ᠨᠠᠶᠢᠷᠠᠭᠤᠯᠤᠨ ᠵᠣᠬᠢᠶᠠᠵᠤ᠂ ᠵᠡᠷᠭᠡ ᠳᠤᠨᠢ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠤᠳᠠ ᠶᠢᠨ ᠱᠠᠲᠤᠨ ᠠᠴᠠ ᠳᠣᠷᠣᠭᠰᠢᠬᠢ ᠡᠳ᠋ ᠤᠨ | ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠲᠡᠭ ᠰᠠᠭᠤᠷᠢ ᠶᠢᠨ ᠲᠥᠰᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠷᠤᠯᠭ᠎ᠠ ᠶᠢᠨ | ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ | ᠪᠦᠲᠦᠴᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠲᠤᠭ᠎ᠠ ᠶᠢ 5 ᠡᠷᠦᠬᠡ ᠶᠢᠨ | ᠳᠣᠲᠣᠷ᠎ᠠ ᠴᠢᠩᠭ᠎ᠠ ᠬᠢᠵᠠᠭᠠᠷᠯᠠᠨ᠎ᠠ᠃ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠤᠷᠢᠳ ᠢᠶᠠᠷ ᠬᠡᠷᠡᠭᠯᠡᠵᠦ᠂ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢ | ᠬᠡᠷᠡᠭᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 821 ᠮᠦ ᠭᠠᠵᠠᠷ ᠰᠢᠷᠣᠢ ᠶᠢ ᠦᠷᠭᠦᠯᠵᠢᠯᠡᠨ ᠰᠢᠢᠳᠪᠦᠷᠢᠯᠡᠨ᠎ᠡ᠃ ︽ᠡᠮᠴᠢᠯᠡᠭᠡ᠂ ᠡᠮᠴᠢᠯᠡᠭᠡ ᠶᠢᠨ | ᠳᠠᠭᠠᠳᠬᠠᠯ᠂ ᠡᠮ ᠡᠮᠨᠡᠯᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠵᠢᠴᠢ ᠴᠢᠨᠠᠷ ᠰᠠᠶᠢᠲᠠᠶ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ | ᠬᠤᠲᠠ ᠶᠢᠨ ᠲᠠᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 40 ᠪᠠᠶᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ | ᠪᠠᠬᠢᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ︽1+9︾ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠢᠨᠵᠧᠨᠧᠷᠢᠩ ᠢ 7 ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠴᠢᠯᠡᠭᠡᠨ ᠤ | ᠬᠡᠯᠬᠢᠶ᠎ᠡ ᠶᠢ 7 ᠳᠠᠪᠲᠠᠨ ᠪᠣᠯᠪᠠᠰᠤᠷᠠᠭᠤᠯᠵᠤ᠂ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠰᠬᠠᠢ ᠲᠥᠰᠥᠯ ᠢ 7 ᠬᠡᠷᠡᠭᠵᠢᠭᠦᠯᠵᠦ᠂ | ᠪᠥᠬᠦ ᠣᠷᠣᠨ ᠤ ᠬᠡᠪᠴᠢᠶᠡᠨ ᠳᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠰᠢᠨ᠎ᠡ ᠶᠢ ᠡᠭᠦᠳᠦᠭᠰᠡᠨ ᠬᠢᠯᠠᠰ ᠴᠡᠭ ᠢ ᠨᠠᠩ ᠣᠯᠠᠨ ᠪᠣᠶᠢᠵᠢᠭᠤᠯᠤᠨ᠎ᠠ᠃ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠡᠶᠡᠯᠡᠭᠦᠯᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ︽ᠨᠢᠭᠡ ᠲᠠᠪᠴᠠᠩ ᠢᠶᠠᠷ ᠪᠦᠬᠦᠨ ᠢ | ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠬᠡᠷᠡᠭᠯᠡᠭᠡᠨ ᠤ ᠲᠠᠯᠠᠪᠤᠷ ᠢ ᠥᠷᠭᠡᠳᠬᠡᠨ ᠲᠠᠰ ᠳᠡᠪᠰᠢᠭᠦᠯᠵᠦ᠂ ︽ᠨᠢᠭᠡ ᠬᠦᠰᠦᠨᠦᠭᠲᠦ ᠪᠠᠷ | ᠨᠢᠭᠡᠳᠦᠯᠲᠡᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ ᠺᠣᠳ᠋ ᠢᠶᠠᠷ ᠨᠡᠶᠢᠳᠡᠮ ᠭᠦᠢᠴᠡᠳᠬᠡᠬᠦ︾ ᠲᠠᠪᠤᠨ ᠦᠨᠡᠮᠯᠡᠯ ᠢ ᠬᠤᠯᠪᠤᠭᠠᠯᠠᠨ | ᠣᠯᠭᠤᠬᠤ᠂ ︽12345 + ᠲᠣᠥᠷᠵᠢᠭᠤᠯᠬᠤ︾ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠮᠲᠤᠪᠠᠷ ᠭᠥᠷᠳᠡᠬᠦ ᠨᠣᠷᠮ᠎ᠠ ᠶᠢ 90% ᠠᠴᠠ ᠳᠡᠭᠡᠭᠰᠢ | ᠬᠦᠷᠦᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠨᠣᠷᠮ᠎ᠠ ᠶᠢ 95% ᠠᠴᠠ ᠳᠡᠭᠡᠭᠰᠢ ᠬᠦᠷᠦᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢᠨ ᠬᠠᠮᠲᠤ ᠪᠥᠬᠦ ᠣᠷᠣᠨ ᠤ ᠬᠡᠪ ᠳᠠᠭᠤᠷᠢᠶᠠᠯᠲᠤ ᠬᠤᠲᠠ ᠶᠢᠨ ᠬᠢᠷᠢ ᠬᠡᠮᠵᠢᠶ᠎ᠡ ᠳᠤ ᠲᠣᠭᠲᠠᠭᠤᠨ ᠢᠶᠠᠷ ᠬᠦᠷᠬᠦ ᠶᠢ | ᠪᠡᠶᠡᠯᠡᠭᠦᠯᠦᠨ᠎ᠡ᠃ | ᠳᠣᠯᠤᠭ᠎ᠠ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠬᠠᠮᠲᠤᠪᠠᠷ ᠴᠡᠴᠡᠭᠯᠡᠨ ᠬᠥᠭᠵᠢᠬᠦ ᠶᠢ | ᠠᠬᠢᠭᠤᠯᠤᠨ᠎ᠠ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠡᠷᠡᠭᠵᠢᠭᠦᠯᠬᠦ ᠲᠥᠰᠥᠯ ᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠤᠲᠠ ᠶᠢᠨ ᠱᠠᠲᠤᠨ ᠤ ᠲᠠᠪᠤᠨ ᠵᠢᠯ ᠤᠨ | ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ ᠨᠡᠶᠢᠲᠡᠯᠡᠨ᠎ᠡ᠃ ᠬᠤᠳᠠ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠤᠣᠯ ᠬᠤᠲᠠ ᠶᠢᠨ ᠲᠣᠭᠤᠷᠢᠭ ᠤᠨ | ᠭᠤᠭᠤᠵᠢᠭᠰᠠᠨ ᠡᠪᠳᠡᠷᠡᠭᠰᠡᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 64 ᠬᠠᠭᠤᠴᠢᠨ ᠬᠤᠷᠤᠭ᠎ᠠ ᠶᠢ ᠥᠭᠡᠷᠡᠴᠢᠯᠡᠨ ᠰᠠᠶᠢᠵᠢᠷᠠᠭᠤᠯᠵᠤ᠂ ᠰᠢᠲᠠᠮᠠᠬᠠᠢ ᠬᠡᠢ ᠶᠢᠨ | ᠬᠤᠭᠤᠯᠠᠢ ᠶᠢᠨ ᠲᠣᠣᠷ ᠢ 20 ᠺᠢᠯᠣᠮᠧᠲᠷ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ 20 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ | ᠰᠠᠶᠢᠵᠢᠷᠠᠭᠤᠯᠵᠤ᠂ 2000 ᠲᠡᠷᠭᠡᠨ ᠵᠣᠭᠰᠣᠭᠠᠯ᠂ 1000 ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠨ ᠪᠠᠶᠢᠭᠤᠯᠵᠤ᠂ ᠬᠤᠲᠠ ᠶᠢᠨ | ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃ ᠬᠤᠲᠠ ᠶᠢᠨ ᠶᠠᠰᠤ ᠴᠢᠨᠠᠷ ᠢ ᠰᠢᠰᠲ᠋ᠧᠮ ᠲᠠᠢ ᠳᠡᠭᠡᠭᠰᠢᠯᠡᠭᠦᠯᠵᠦ᠂ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠂ ᠰᠢᠨ᠎ᠡ ᠨᠢᠭᠡ ᠡᠭᠡᠯᠵᠢ ᠶᠢᠨ ᠭᠤᠣᠯ ᠬᠤᠲᠠ ᠶᠢᠨ | ᠲᠣᠭᠤᠷᠢᠭ ᠤᠨ ᠬᠤᠳᠠ ᠶᠢᠨ ᠶᠠᠪᠤᠳᠠᠯ ᠤᠨ ᠴᠡᠴᠡᠷᠯᠢᠭ ᠤᠨ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ | ᠴᠤᠬᠴᠠᠵᠢᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠪᠠ | ᠵᠠᠮ ᠬᠠᠷᠢᠯᠴᠠᠭᠠᠨ ᠤ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠬᠠᠷᠢᠴᠠᠩᠭᠤᠢ | ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠠᠵᠤ ᠠᠬᠤᠢ ᠶᠢᠨ ᠪᠣᠳᠠᠲᠤ ᠬᠦᠴᠦᠨ ᠢᠶᠠᠨ | ᠪᠤᠵᠠᠭᠠᠶᠢᠷᠠᠭᠤᠯᠤᠨ᠂ ᠰᠢᠶᠠᠨ ᠤ ᠬᠤᠲᠠ ᠪᠠ ᠲᠥᠪ ᠪᠠᠯᠭᠠᠰᠤ ᠶᠢᠨ ᠲᠠᠲᠠᠬᠤ ᠬᠦᠴᠦᠨ᠂ ᠳᠠᠶᠢᠴᠢᠯᠠᠬᠤ ᠬᠦᠴᠦᠨ ᠢ ᠴᠢᠩᠭᠠᠷᠠᠭᠤᠯᠬᠤ ᠶᠢ ᠠᠬᠢᠭᠤᠯᠤᠨ᠎ᠠ᠃ ᠡᠷᠦᠬᠡ | ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠠᠴᠠ ᠡᠷᠭᠢᠯᠡᠭᠰᠡᠨ | ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠬᠠᠮᠤᠷᠬᠤ | ᠨᠣᠷᠮ᠎ᠠ ᠶᠢ 90% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠥᠨᠳᠥᠷ ᠪᠦᠲᠦᠮᠵᠢᠲᠡᠢ ᠬᠡᠷᠡᠭᠵᠢᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠪᠡᠯᠡ ᠮᠥᠩᠭᠦ ᠶᠢ 8 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ 117 ᠲᠥᠷᠥᠯ ᠵᠦᠢᠯ ᠢ ᠪᠡᠯᠡ ᠣᠷᠣᠭᠤᠯᠤᠨ ᠬᠡᠷᠡᠭᠵᠢᠭᠦᠯᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ 18 ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠰ᠂ ᠠᠵᠢᠯ ᠣᠯᠭᠤᠯᠲᠠ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠠᠪᠰᠤᠷᠤᠨ ᠲᠡᠳᠬᠦᠬᠦ ᠵᠡᠷᠭᠡ | 20 ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 260 ᠺᠢᠯᠣᠮᠧᠲᠷ᠂ ᠡᠷᠦᠬᠡ ᠶᠢᠨ ᠵᠣᠷᠯᠣᠩ ᠢ 5000 ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 712 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 50 ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠶᠢ | ᠪᠠᠲᠤᠯᠠᠬᠤ ᠢᠨᠵᠧᠨᠧᠷᠢᠩ ᠢ 10 ᠰᠢᠨ᠎ᠡ ᠪᠠᠷ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠵᠤ᠂ 10 ᠭᠠᠴᠠᠭ᠎ᠠ ᠲᠣᠰᠬᠤᠨ ᠤ ᠤᠰᠤ ᠬᠠᠩᠭᠠᠬᠤ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠪᠠ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠤᠨ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ ᠵᠣᠷᠢᠭᠵᠢᠭᠤᠯᠵᠤ᠂ ᠠᠶᠠᠨᠴᠢᠳ ᠪᠠᠷᠠᠭ᠎ᠠ ᠰᠢᠤᠳᠠᠨ ᠢ ᠠᠭᠤᠰᠤᠯᠴᠠᠭᠤᠯᠬᠤ ᠨᠠᠩ ᠣᠯᠠᠨ | ᠲᠤᠷᠰᠢᠯᠲᠠ ᠶᠢᠨ ᠵᠠᠮ ᠱᠤᠭᠤᠮ ᠢ ᠨᠡᠪᠲᠡᠷᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 5G ᠶᠢᠨ ᠰᠠᠭᠤᠷᠢ ᠥᠷᠲᠡᠭᠡ ᠶᠢ 500 ᠪᠠᠶᠢᠭᠤᠯᠵᠤ᠂ ᠬᠥᠳᠡᠭᠡ | ᠲᠣᠰᠬᠤᠨ ᠤ ᠭᠠᠵᠠᠷ ᠣᠷᠣᠨ ᠳᠤ ᠰᠦᠯᠵᠢᠶ᠎ᠡ ᠶᠢ ᠪᠦᠬᠦᠨ ᠢ ᠬᠠᠮᠤᠷᠬᠤ ᠶᠢ ᠠᠬᠢᠭᠤᠯᠤᠨ᠎ᠠ᠃ ︽ᠵᠢᠨᠢᠩ ︱ ᠤᠯᠠᠭᠠᠨᠬᠠᠳᠠ ︱ ᠲᠥᠩᠯᠢᠶᠣᠣ ︱ ᠴᠠᠩᠴᠦ᠋ᠨ︾ | ᠲᠦᠷᠭᠡᠨ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠡᠮᠦᠷ ᠵᠠᠮ ᠤᠨ ᠲᠣᠣᠷ ᠤᠨ ᠲᠥᠯᠦᠪᠵᠢᠭᠦᠯᠭᠡ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ᠃ | G5511 ᠴᠠᠪᠢᠨᠲᠠᠯ᠎ᠠ ᠠᠴᠠ ᠰᠤᠭᠤᠲᠤ ᠬᠦᠷᠬᠦ ᠲᠦᠷᠭᠡᠨ ᠵᠠᠮ᠂ G334 ᠪᠦᠦ ᠺᠠᠩ ᠠᠴᠠ ᠴᠢ ᠺᠧ ᠱᠦ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ S310 ᠵᠠᠮ ᠤᠨ ᠵᠥᠷᠢᠯᠢᠭ ᠬᠥᠭᠦᠷᠭᠡ ᠪᠠᠷ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠵᠦ | ᠂ G2515 ᠯᠦᠪᠧᠢ ᠠᠴᠠ ᠬᠤᠣᠯᠢᠩᠭᠤᠣᠯ ᠬᠦᠷᠬᠦ ᠲᠦᠷᠭᠡᠨ ᠵᠠᠮ᠂ G203 ᠵᠡᠷᠭᠡ ᠶᠢᠨ ᠵᠥᠷᠢᠯᠢᠭ ᠬᠥᠭᠦᠷᠭᠡ ᠪᠠᠷ ᠥᠭᠡᠷᠡᠴᠢᠯᠡᠬᠦ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠬᠦᠷᠢᠶ᠎ᠡ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠵᠢᠯ ᠲᠥᠷᠥᠯ ᠤᠨ ᠰᠢᠯᠭᠠᠨ | ᠪᠠᠶᠢᠴᠠᠭᠠᠯᠲᠠ ᠶᠢ ᠦᠩᠭᠡᠷᠡᠭᠦᠯᠬᠦ ᠪᠠᠷ ᠴᠢᠷᠮᠠᠶᠢᠵᠤ᠂ ᠵᠠᠷᠤᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠭᠡᠨ᠎ᠡ᠃ ᠬᠤᠣᠯᠢᠩᠭᠤᠣᠯ ᠤᠨ ᠡᠮᠦᠨᠡᠬᠢ 500 ᠺᠢᠯᠤᠸᠤᠯᠲ᠂ ᠦᠷᠭᠡᠨᠲᠠᠯ᠎ᠠ ᠶᠢᠨ 220 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠵᠡᠷᠭᠡ ᠴᠠᠬᠢᠯᠭᠠᠨ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ 408 ᠺᠢᠯᠣᠮᠧᠲᠷ | ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠭᠦᠯᠦᠨ᠎ᠡ᠃ ᠴᠠᠷᠠᠰᠤ ᠠᠴᠠ ᠢ ᠯᠦᠩ ᠶᠦᠩ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢᠨ ᠠᠰᠢᠭᠯᠠᠯᠲᠠ ᠳᠤ | ᠣᠷᠣᠬᠤ ᠶᠢ ᠠᠬᠢᠭᠤᠯᠵᠤ᠂ ᠲᠦᠩᠯᠢᠶᠣᠣ ᠠᠴᠠ ᠬᠢᠩᠭᠠᠨ ᠠᠶᠢᠮᠠᠭ ᠲᠤ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠡᠬᠢᠯᠡᠨ ᠪᠦᠲᠦᠭᠡᠨ | ᠪᠠᠶᠢᠭᠤᠯᠤᠨ᠎ᠠ᠃ ᠥᠪᠥᠷ ᠮᠣᠩᠭᠤᠯ ᠤᠨ ᠤᠰᠤᠨ ᠬᠠᠩᠭᠠᠯᠲᠠ ᠶᠢᠨ ᠲᠦᠩᠯᠢᠶᠣᠣ ᠳᠠᠬᠢ ᠰᠠᠯᠪᠤᠷᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠴᠤᠤᠯ ᠭᠤᠣᠯ ᠤᠨ ᠤᠰᠤ ᠶᠢ ᠪᠠᠷᠠᠭᠤᠨ ᠯᠢᠶᠣᠣ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠬᠦ ᠱᠤᠭᠤᠮ ᠢᠶᠠᠷ ᠤᠷᠤᠰᠬᠠᠯ | ᠲᠠᠢ ᠪᠣᠯᠬᠤ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ 15 | ᠬᠡᠷᠡᠭᠵᠢᠭᠦᠯᠵᠦ᠂ ᠨᠠᠢᠮᠠᠨ ᠬᠤᠰᠢᠭᠤᠨ ᠤ ᠪᠠᠶᠢᠭᠠᠯᠢ ᠶᠢᠨ ᠬᠤᠵᠢᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠡ ᠶᠢᠨ | ᠲᠣᠭᠤᠷᠢᠭ ᠤᠨ ᠢᠦᠢ ᠵᠢᠩ ᠳᠡᠭᠡᠳᠦ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠨᠠᠢᠮᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠨ᠎ᠠ | ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠪᠴᠢᠯᠡᠨ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠯ ᠢ ᠲᠣᠬᠢᠷᠠᠭᠤᠯᠤᠨ | ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 5 ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠥᠷᠭᠡᠳᠬᠡᠨ | ᠪᠠᠶᠢᠭᠤᠯᠵᠤ᠂ ᠬᠡᠦᠬᠡᠳ ᠤᠨ ᠴᠡᠴᠡᠷᠯᠢᠭ ᠢ 3 ᠡᠭᠡᠭᠦᠯᠦᠨ ᠬᠤᠳᠠᠯᠳᠤᠨ ᠠᠪᠴᠤ᠂ ᠰᠤᠷᠤᠭᠴᠢ ᠡᠯᠰᠡᠬᠦ ᠲᠤᠭ᠎ᠠ ᠪᠠ ᠬᠡᠥᠬᠡᠳ ᠡᠯᠰᠡᠬᠦ ᠲᠤᠭ᠎ᠠ ᠶᠢ 4000 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠠᠭᠰᠢ ᠶᠢ 600 ᠠᠴᠠ ᠳᠡᠭᠡᠭᠰᠢ ᠡᠯᠰᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠢᠴᠢᠭ ᠤᠨ | ᠪᠣᠭᠴᠣ ᠶᠢ ᠬᠥᠩᠭᠡᠷᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ ᠰᠤᠷᠤᠭᠴᠢᠳ ᠤᠨ | ᠪᠡᠶ᠎ᠡ ᠮᠠᠬᠠᠪᠤᠳ ᠢ ᠴᠢᠭᠢᠷᠠᠭᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ | ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ 2 ᠴᠠᠭ ᠠᠴᠠ ᠳᠤᠲᠠᠭᠤ ᠪᠠᠶᠢᠯᠭᠠᠬᠤ ᠦᠭᠡᠶ ᠶᠢ ᠪᠠᠲᠤᠯᠠᠨ᠎ᠠ᠃ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠳᠤ ᠠᠵᠢᠯ ᠮᠡᠷᠭᠡᠵᠢᠯ ᠪᠠ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠠᠷᠢᠴᠠᠯ ᠤᠨ ᠬᠢᠵᠠᠭᠠᠷᠯᠠᠯ ᠭᠠᠷᠭᠠᠬᠤ ᠦᠭᠡᠢ ᠪᠠᠶᠢᠵᠤ | ᠂ ᠴᠢᠨᠠᠷ ᠰᠠᠶᠢᠲᠠᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠶᠢ 500 ᠠᠴᠠ ᠳᠤᠲᠠᠭᠤ ᠦᠭᠡᠢ ᠰᠢᠨ᠎ᠡ ᠪᠠᠷ | ᠨᠡᠮᠡᠭᠳᠡᠭᠦᠯᠦᠨ᠎ᠡ᠃ ︽ᠳᠥᠷᠪᠡ ᠶᠢ ᠤᠷᠢᠳ ᠢᠶᠠᠷ ᠪᠣᠳᠣᠯᠬᠢᠯᠠᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ︽ᠬᠤᠣᠰ ᠳᠡᠭᠡᠳᠦ︾᠂ ︽ᠬᠤᠤᠰ ᠰᠢᠯᠢᠳᠡᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠯᠬᠦᠮ ᠤᠨ ᠡᠳᠦᠷ ᠤᠨ ᠭᠤᠣᠯ | ᠰᠡᠳᠦᠪᠲᠦ ᠠᠵᠢᠯᠯᠠᠭ᠎ᠠ ᠪᠣᠯᠣᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠵᠠᠯᠠᠭᠤᠴᠤᠳ ᠤᠨ | ᠬᠥᠭᠵᠢᠯᠲᠡ ᠶᠢᠨ ᠮᠠᠶ᠋ᠢᠭ ᠤᠨ ᠬᠤᠳᠠ ᠶᠢ ᠦᠷᠭᠦᠯᠵᠢᠯᠡᠨ ᠪᠥᠲᠥᠭᠡᠨ ᠪᠠᠶᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠦᠬᠦᠯᠢ ᠴᠣᠭᠴᠠᠲᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠬᠤ ᠲᠥᠷᠥᠯ ᠵᠦᠢᠯ᠂ ᠤᠯᠤᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ | ᠲᠤᠷᠰᠢᠯᠲᠠ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ | ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠲᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠨᠢᠭᠲᠠᠷᠠᠭᠰᠠᠨ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ | ᠠᠷᠢᠭᠤᠨ ᠴᠡᠪᠡᠷ ᠤᠨ ᠠᠵᠢᠯ ᠤᠨ ᠭᠤᠣᠯᠳᠠᠯᠭ᠎ᠠ ᠶᠢ ᠪᠥᠬᠦ ᠲᠠᠯ᠎ᠠ ᠶᠢᠨ ᠨᠡᠶᠢᠭᠡᠮ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠠᠰᠢ ᠬᠤᠪᠢᠷᠠᠭᠤᠯᠬᠤ ᠶᠢ ᠠᠬᠢᠭᠤᠯᠵᠤ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠪᠡᠭᠡᠵᠢᠩ ᠲᠥᠩᠯᠢᠶᠣᠣ᠂ ᠯᠢᠶᠣᠤᠨᠢᠩ ᠲᠥᠩᠯᠢᠶᠣᠣ︾ ᠶᠢᠨ | ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ︽ᠡᠮᠴᠢᠯᠡᠭᠡᠨ ᠤ ᠣᠶᠣᠨᠴᠠ ᠴᠤᠭᠯᠠᠷᠠᠯ︾ ᠤᠨ ᠨᠠᠷᠠᠲᠤ ᠱᠣᠰᠢᠭ᠎ᠠ ᠶᠢ ᠪᠣᠶ ᠪᠣᠯᠭᠠᠵᠤ᠂ ᠬᠤᠶᠠᠳᠤᠭᠠᠷ ᠳᠡᠰ | ᠠᠴᠠ ᠳᠡᠭᠡᠭᠰᠢᠬᠢ 30 ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ | ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ | ᠦᠨᠳᠦᠰᠦᠨ ᠨᠠᠰᠤᠵᠢᠯ ᠤᠨ ᠳᠠᠭᠠᠳᠬᠠᠯ ᠢ ᠣᠨᠣᠪᠴᠢᠲᠠᠶ ᠪᠠᠷ ᠥᠷᠭᠡᠳᠬᠡᠨ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ | ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ | ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠂ ᠰᠤᠮᠤ ᠰᠢᠶᠠᠩ ᠪᠠᠯᠭᠠᠰᠤ ᠶᠢᠨ ᠱᠠᠲᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 5᠂ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ | 50 ᠪᠠᠶᠢᠭᠤᠯᠵᠤ᠂ 1000 ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠶᠢ ᠪᠡᠶᠡᠯᠡᠭᠦᠯᠵᠦ᠂ | ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ ᠢ 50 ᠰᠢᠨ᠎ᠡ ᠪᠠᠷ ᠨᠡᠮᠡᠭᠳᠡᠭᠦᠯᠵᠦ᠂ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠤᠭᠤᠯᠠ ᠤᠮᠳᠠ ᠳᠤ | ᠲᠤᠰᠠᠯᠠᠬᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠨᠡᠶᠢᠳᠡᠮ ᠠᠰᠢᠭ ᠬᠦᠷᠲᠡᠭᠡᠬᠦ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ ᠬᠤᠲᠠ ᠶᠢᠨ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ᠠᠨᠠᠷ ᠤᠨ ᠦᠷ᠎ᠡ︾ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ | ᠪᠠᠶᠢᠭᠤᠯᠤᠮᠵᠢ ᠶᠢ 15 ᠰᠢᠨ᠎ᠡ ᠪᠠᠷ ᠨᠡᠮᠡᠭᠳᠡᠭᠦᠯᠵᠦ᠂ ᠮᠢᠩᠭᠠᠨ ᠬᠥᠮᠥᠨ ᠪᠦᠷᠢ ᠳᠤ ᠨᠣᠭᠳᠠᠬᠤ ᠣᠷᠣᠨ ᠲᠤᠭ᠎ᠠ ᠶᠢ 4.8 ᠬᠦᠷᠦᠭᠦᠯᠦᠨ᠎ᠡ᠃ ᠣᠯᠠᠨ ᠳᠡᠰ | ᠳᠠᠪᠬᠤᠷᠭ᠎ᠠ ᠪᠦᠬᠦᠢ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠤᠶᠠᠷ ᠬᠤᠪᠢ ᠠᠴᠠ ᠳᠡᠭᠡᠭᠰᠢ ᠪᠣᠯᠭᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠤ ᠦᠢᠯᠡᠰ ᠤᠨ ᠳᠡᠭᠡᠳᠦ | ᠰᠤᠷᠭᠠᠭᠤᠯᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠦᠢᠯᠡᠰ ᠪᠤᠰᠬᠠᠬᠤ ᠳᠤ ᠬᠦᠴᠦᠨ ᠨᠡᠮᠡᠷᠢᠯᠡᠨ᠎ᠡ | ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ | ᠪᠠᠲᠤᠯᠠᠨ᠎ᠠ᠃ ᠵᠡᠮᠳᠡᠭᠴᠦᠳ ᠤᠨ ᠴᠢᠳᠠᠪᠤᠷᠢᠲᠠᠨ ᠤ ᠬᠥᠮᠥᠷᠭᠡ ᠶᠢ ᠲᠦᠷᠭᠡᠪᠴᠢᠯᠡᠨ ᠪᠠᠶᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢ ᠨᠠᠷᠢᠯᠢᠭ | ᠣᠨᠣᠴᠠᠲᠠᠢ ᠪᠠᠷ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠠᠷᠠᠳ ᠤᠯᠠᠨ ᠤ ᠪᠡᠶ᠎ᠡ ᠴᠢᠭᠢᠷᠠᠭᠵᠢᠭᠤᠯᠬᠤ ᠭᠡᠷ ᠢ 3 ᠰᠢᠨ᠎ᠡ ᠪᠠᠷ ᠪᠠᠶᠢᠭᠤᠯᠵᠤ᠂ ᠨᠥᠬᠦᠴᠡᠯ | ᠪᠦᠷᠢᠳᠦᠭᠰᠡᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠨᠡᠶᠢᠭᠡᠮ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ | ᠠᠬᠢᠭᠤᠯᠤᠨ᠎ᠠ᠃ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠰᠠᠮᠠᠭᠤᠨ ᠦᠵᠡᠭᠳᠡᠯ ᠢ ᠴᠡᠭᠴᠡᠯᠡᠨ ᠵᠠᠰᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠲᠥᠯᠥᠬᠦ ᠪᠠᠷ ᠪᠠᠶᠢᠭ᠎ᠠ ᠥᠷᠢ ᠥᠭᠴᠡᠭᠡ ᠶᠢᠨ ᠲᠦᠷᠦᠯ ᠵᠦᠢᠯ ᠢ ᠵᠦᠢᠯ ᠳᠠᠷᠠᠭᠠᠯᠠᠨ ᠨᠠᠷᠢᠯᠢᠭᠵᠢᠭᠤᠯᠵᠤ᠂ ᠨᠢᠭᠤᠭᠳᠠᠮᠠᠯ ᠥᠷᠢ ᠥᠭᠴᠡᠭᠡ ᠶᠢ | ᠠᠷᠢᠯᠭᠠᠬᠤ ᠠᠬᠢᠴᠠ ᠶᠢ ᠠᠷᠪᠠᠨ ᠡᠳᠦᠷ ᠢᠶᠠᠷ ᠪᠦᠷᠢᠳᠬᠡᠨ᠂ ᠰᠠᠷ᠎ᠠ ᠳᠠᠷᠠᠭᠠᠯᠠᠨ ᠮᠡᠳᠡᠭᠳᠡᠨ᠎ᠡ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠷᠡᠭᠦᠯ ᠪᠤᠰᠤ ᠬᠥᠷᠥᠩᠭᠡ ᠶᠢ ᠢᠯᠭᠠᠷᠠᠭᠤᠯᠤᠨ | ᠰᠢᠢᠳᠪᠦᠷᠢᠯᠡᠬᠦ ᠶᠢ ᠠᠬᠢᠭᠤᠯᠤᠨ᠎ᠠ᠃ ᠰᠤᠯᠠ ᠪᠠᠶᠢᠬᠤ ᠭᠠᠵᠠᠷ ᠰᠢᠷᠣᠢ ᠪᠠ ︽ᠬᠠᠭᠠᠰ ᠲᠤᠲᠠᠭᠤ ᠤᠷᠬᠢᠭᠰᠠᠨ︾ ᠲᠥᠷᠥᠯ ᠵᠦᠢᠯ ᠢ ᠰᠢᠢᠳᠪᠦᠷᠢᠯᠡᠵᠦ ᠰᠡᠷᠭᠦᠭᠡᠬᠦ | ᠡᠷᠴᠢᠮ ᠢ ᠴᠢᠩᠭᠠᠷᠠᠭᠤᠯᠵᠤ᠂ ︽ᠲᠤᠰᠢᠶᠠᠬᠤ ᠪᠠᠲᠤᠯᠠᠭ᠎ᠠ ᠲᠠᠢ ᠣᠷᠣᠨ ᠰᠠᠭᠤᠴᠠ︾ ︽ᠲᠤᠰᠢᠶᠠᠬᠤ ᠪᠠᠲᠤᠯᠠᠭ᠎ᠠ ᠲᠠᠢ ᠠᠰᠠᠷ︾ ᠤᠨ ᠡᠭᠦᠷᠭᠡ ᠶᠢ ᠪᠡᠶᠡᠯᠡᠭᠦᠯᠵᠦ᠂ | ︽ᠪᠤᠴᠠᠵᠤ ᠨᠡᠭᠦᠬᠦ ᠳᠤ ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ︽ᠭᠡᠷ ᠪᠠᠶᠢᠰᠢᠩ | ᠲᠤᠰᠢᠶᠠᠮᠠᠭᠴᠠ ᠦᠨᠡᠮᠯᠡᠯ ᠭᠠᠷᠳᠠᠭᠤᠯᠬᠤ︾ ᠥᠭᠡᠷᠡᠴᠢᠯᠡᠯᠲᠡ ᠶᠢ ᠠᠬᠢᠭᠤᠯᠤᠨ᠎ᠠ᠃ ᠠᠭᠤᠷᠬᠠᠢ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠠᠶᠤᠯᠲᠠᠢ ᠬᠢᠮᠢ ᠶᠢᠨ | ᠪᠣᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠦᠢᠯᠡᠳᠪᠦᠷᠢᠯᠡᠯ ᠤᠨ ᠠᠳᠡᠯ ᠢ ᠴᠢᠩᠭ᠎ᠠ ᠰᠡᠷᠭᠡᠶᠢᠯᠡᠵᠦ᠂ ᠠᠰᠠᠭᠤᠳᠠᠯ ᠤᠨ ᠳᠠᠯᠳᠠ ᠭᠡᠮ ᠢ | ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠡ᠃ ᠬᠢᠵᠢᠭ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠠᠬᠢᠵᠢᠭᠦᠯᠦᠨ | ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠵᠤ ᠠᠬᠤᠶᠢᠯᠠᠯ ᠤᠨ ᠣᠷᠣᠯᠠᠨ ᠬᠠᠲᠠᠭᠠᠵᠤ ᠣᠷᠣᠯᠠᠨ ᠨᠥᠭᠡᠴᠡᠯᠡᠵᠦ ᠣᠷᠣᠯᠠᠨ ᠪᠣᠷᠣᠯᠠᠭᠤᠯᠬᠤ | ᠦᠢᠯᠡᠴᠢᠯᠡᠭᠡ ᠶᠢ ᠲᠡᠮᠵᠢᠵᠤ᠂ 16 ᠲᠦᠮᠡᠨ ᠲᠣᠨ ᠠᠮᠤ ᠪᠤᠳᠠᠭ᠎ᠠ ᠶᠢ ᠠᠷᠪᠢᠯᠠᠬᠤ ᠪᠠᠷ ᠲᠥᠯᠥᠪᠯᠡᠵᠦ ᠪᠠᠶᠢᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠥᠷᠢᠲᠦᠵᠦ ᠪᠠᠶᠢᠭ᠎ᠠ ᠪᠠᠶᠢᠳᠠᠯ ᠢ ᠲᠤᠰᠬᠠᠶᠢᠯᠠᠨ ᠵᠠᠰᠠᠬᠤ ᠶᠢ ᠥᠷᠨᠢᠭᠦᠯᠵᠦ᠂ ᠴᠠᠯᠢᠩ ᠥᠷᠢᠲᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠶᠢ | ᠴᠢᠩᠭᠠᠷᠠᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠡᠶᠡᠳᠡᠭᠦᠯᠵᠦ᠂ ᠬᠡᠲᠦᠷᠡᠮᠡᠬᠡᠢ ᠬᠡᠷᠡᠭ᠂ ᠣᠯᠠᠨ ᠨᠡᠶᠢᠲᠡ ᠶᠢᠨ ᠬᠡᠷᠡᠭ | ᠡᠭᠦᠰᠬᠦ ᠶᠢ ᠴᠢᠩᠭ᠎ᠠ ᠰᠡᠷᠭᠡᠶᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ︽ᠱᠠᠯᠢᠭ ᠵᠠᠪᠬᠠᠢ ᠵᠦᠢᠯ᠂ ᠵᠣᠭᠤᠰ ᠲᠠᠢ ᠨᠠᠭᠠᠳᠬᠤ᠂ ᠬᠤᠣᠷ | ᠰᠠᠷᠢᠭᠠᠯᠠᠬᠤ︾᠂ ︽ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯ︾ ᠪᠠ ᠠᠵᠤ ᠠᠬᠤᠢ ᠶᠢᠨ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ | |