2025 ᠣᠨ ᠤ ᠥᠪᠥᠷ ᠮᠣᠩᠭᠤᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ | ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 12 ᠤᠨ ᠡᠳᠦᠷ ᠠᠴᠠ 3 ᠰᠠᠷ᠎ᠠ ᠶᠢᠨ | 26 ᠤ ᠡᠳᠦᠷ ᠪᠤᠯᠲᠠᠯ᠎ᠠ ᠶᠠᠪᠤᠭᠳᠠᠨ᠎ᠠ᠃ ᠮᠠᠨ ᠤ ᠣᠷᠣᠨ ᠳᠤ 2025 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ︵3 +2︶ ᠶᠢᠨ ᠰᠣᠷᠣᠬᠴᠢ ᠡᠯᠰᠡᠬᠦ ᠳᠤ ᠣᠷᠤᠯᠴᠠᠬᠤ ᠰᠢᠯᠭᠠᠭᠤᠯᠤᠭᠴᠢ ᠪᠠ ᠨᠠᠢᠮᠠᠳᠤᠭᠠᠷ ᠣᠨ ︵ᠠᠩᠬ᠎ᠠ ᠵᠡᠷᠭᠡ ᠶᠢᠨ ᠲᠤᠮᠳᠠᠳᠦ | ᠰᠤᠷᠭᠠᠭᠤᠯᠢ ᠶᠢᠨ ᠬᠤᠶᠠᠳᠤᠭᠠᠷ ᠣᠨ︶ ᠤ ᠰᠢᠯᠭᠠᠭᠤᠯᠤᠭᠴᠢ ᠪᠦᠭᠦᠨ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ | ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 2025 ᠣᠨ ᠤ 3 ᠰᠠᠷ᠎ᠠ ᠶᠢᠨ 12 ᠤᠨ ᠡᠳᠦᠷ ᠤᠨ 9᠄ 00 ᠠᠴᠠ ᠡᠬᠢᠯᠡᠵᠦ᠂ | 3 ᠰᠠᠷ᠎ᠠ ᠶᠢᠨ 26 ᠤ ᠡᠳᠦᠷ ᠤᠨ 17᠄ 00 ᠲᠤ ᠳᠠᠭᠤᠰᠤᠨ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠨᠡᠷ᠎ᠡ ᠮᠡᠳᠡᠭᠦᠯᠬᠦ ᠬᠤᠭᠤᠴᠠᠭᠠᠨ ᠳᠤ | ᠡᠳᠦᠷ ᠪᠦᠷᠢ ᠶᠢᠨ 9᠄ 00 — 17᠄ 00 ᠲᠤ ᠨᠡᠭᠡᠭᠡᠨ᠎ᠡ᠃ ᠰᠢᠯᠭᠠᠭᠤᠯᠤᠭᠴᠢ ᠲᠣᠭᠲᠠᠭᠰᠠᠨ ᠬᠤᠭᠤᠴᠠᠭᠠᠨ ᠳᠤ ᠨᠡᠷ᠎ᠡ ᠮᠡᠳᠡᠭᠦᠯᠬᠦ ᠬᠡᠷᠡᠭᠲᠡᠢ᠂ | ᠬᠤᠭᠤᠴᠠᠭ᠎ᠠ ᠨᠢ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ | ᠮᠡᠳᠡᠭᠦᠯᠬᠦ ᠮᠡᠳᠡᠭᠡ ᠵᠠᠩᠭᠢ ᠶᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠪᠠᠶᠢᠴᠠᠭᠠᠬᠤ ᠭᠤᠷᠪᠠᠨ ᠶᠠᠪᠤᠴᠠ ᠬᠤᠪᠢᠶᠠᠨ᠎ᠠ᠃ | ᠨᠡᠷ᠎ᠡ ᠮᠡᠳᠡᠭᠦᠯᠬᠦ ᠪᠣᠳᠠᠲᠠᠢ ᠶᠠᠪᠤᠴᠠ ᠨᠢ᠄ ᠰᠢᠯᠭᠠᠭᠤᠯᠤᠭᠴᠢ ᠲᠣᠭᠲᠠᠭᠰᠠᠨ ᠬᠤᠭᠤᠴᠠᠭᠠᠨ ᠳᠤ ︽ᠥᠪᠥᠷ ᠮᠣᠩᠭᠤᠯ ᠤᠨ ᠰᠣᠷᠣᠬᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ᠲᠦᠷᠦᠭᠦᠦ ᠨᠢᠭᠤᠷ ᠲᠤ ᠣᠷᠣᠵᠤ᠂ ᠰᠦᠯᠵᠢᠶᠡᠨ ᠬᠠᠭᠤᠳᠠᠰᠤ ᠶᠢᠨ ᠪᠠᠷᠠᠭᠤᠨ ᠳᠡᠭᠡᠷᠡᠬᠢ ︽ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶ ᠶᠢᠨ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠡᠭᠦᠳᠡ︾ ᠭᠡᠰᠡᠨ ᠢ ᠳᠠᠷᠤᠵᠤ ᠨᠡᠷ᠎ᠡ ᠮᠡᠳᠡᠭᠦᠯᠬᠦ ᠰᠢᠰᠲ᠋ᠧᠮ ᠳᠤ ᠣᠷᠣᠨ᠎ᠠ᠃ ᠬᠡᠷᠪᠡ ᠲᠣᠰ ᠲᠠᠪᠴᠠᠩ ᠢ ᠬᠡᠷᠡᠭᠯᠡᠨ ᠨᠡᠷ᠎ᠡ | ᠮᠡᠳᠡᠭᠦᠯᠵᠦ ᠥᠩᠭᠡᠷᠡᠭᠰᠡᠨ ᠰᠢᠯᠭᠠᠭᠤᠯᠤᠭᠴᠢ ᠪᠣᠯ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠢᠶᠠᠷ ᠢᠶᠠᠨ ᠨᠡᠷ᠎ᠡ ᠮᠡᠳᠡᠭᠦᠯᠵᠦ ᠪᠣᠯᠣᠨ᠎ᠠ᠃ ᠳᠠᠩᠰᠠᠯᠠᠭᠤᠯᠵᠤ | ᠥᠩᠭᠡᠷᠡᠭᠰᠡᠨ ᠦᠭᠡᠢ ᠰᠢᠯᠭᠠᠭᠤᠯᠤᠭᠴᠢ ᠰᠢᠨ᠎ᠡ ᠪᠠᠷ ᠳᠠᠩᠰᠠᠯᠠᠭᠤᠯᠬᠤ ᠬᠡᠷᠡᠭᠲᠡᠢ᠃ ᠰᠢᠯᠭᠠᠭᠤᠯᠤᠭᠴᠢ ᠳᠠᠩᠰᠠᠯᠠᠭᠤᠯᠬᠤ ᠦᠶ᠎ᠡ ᠳᠤ ᠬᠤᠪᠢ ᠬᠥᠮᠥᠨ ᠤ ᠮᠡᠳᠡᠭᠡ | ᠵᠠᠩᠭᠢ ᠪᠠᠨ ᠲᠠᠭᠯᠠᠵᠤ᠂ ᠪᠤᠷᠤᠭᠤ ᠦᠭᠡᠢ ᠪᠠᠨ ᠨᠤᠲᠠᠯᠠᠭᠰᠠᠨ ᠤ ᠳᠠᠷᠠᠭ᠎ᠠ ︽ᠨᠤᠲᠠᠯᠠᠬᠤ︾ ᠶᠢ ᠲᠣᠪᠴᠢᠳᠠᠨ᠎ᠠ᠃ ᠳᠠᠩᠰᠠᠯᠠᠭᠤᠯᠵᠤ ᠪᠠᠷᠠᠭᠰᠠᠨ ᠤ ᠳᠠᠷᠠᠭ᠎ᠠ ᠡᠬᠢᠨ ᠤ | ᠨᠢᠭᠤᠷ ᠳᠡᠭᠡᠷᠡᠬᠢ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ | ᠡᠯᠰᠡᠬᠦ ᠰᠢᠯᠭᠠᠯᠲᠠ︶︾ ᠶᠢ ᠲᠣᠪᠴᠢᠳᠠᠵᠤ᠂ ᠳᠣᠣᠷᠠᠬᠢ ᠴᠢᠳᠠᠮᠵᠢ ᠶᠢᠨ ᠬᠡᠰᠡᠭ ᠲᠤ ︽ᠰᠢᠯᠭᠠᠯᠲᠠ ᠳᠤ ᠨᠡᠷ᠎ᠡ ᠮᠡᠳᠡᠭᠦᠯᠬᠦ︾ ᠶᠢ ᠰᠣᠩᠭᠤᠨ᠎ᠠ᠃ ᠨᠡᠷ᠎ᠡ | ᠮᠡᠳᠡᠭᠦᠯᠦᠭᠰᠡᠨ ᠮᠡᠳᠡᠭᠡ ᠵᠠᠩᠭᠢ ᠶᠢ ᠪᠤᠷᠤᠭᠤ ᠦᠭᠡᠢ ᠭᠡᠵᠦ ᠨᠤᠲᠠᠯᠠᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠥᠪᠡᠷᠲᠡᠭᠡᠨ | ᠳᠠᠷᠤᠮᠠᠯᠯᠠᠨ᠎ᠠ᠃ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ ︵ᠰᠤᠷᠭᠠᠭᠤᠯᠢ ᠳᠤ ᠪᠠᠶᠢᠭ᠎ᠠ ᠰᠣᠷᠣᠬᠴᠢ︶ ᠪᠤᠶᠤ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ | ︵ᠨᠡᠶᠢᠭᠡᠮ ᠤᠨ ᠰᠢᠯᠭᠠᠭᠤᠯᠤᠭᠴᠢ︶ ᠨᠢ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢ ᠬᠢᠨᠠᠮᠠᠭᠠᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ | ᠮᠡᠳᠡᠭᠦᠯᠬᠦ ᠬᠦᠰᠦᠨᠦᠭᠲᠦ︾ ᠶᠢᠨ ᠬᠠᠷᠠᠭᠠᠯᠵᠠᠭᠰᠠᠨ ᠬᠦᠰᠦᠨᠦᠭᠲᠦ ᠳᠤ ︽ᠪᠠᠶᠢᠳᠠᠯ ᠨᠢ ᠦᠨᠡᠨ ᠪᠣᠳᠠᠲᠠᠢ ᠨᠡᠷ᠎ᠡ ᠮᠡᠳᠡᠭᠦᠯᠬᠦ ᠶᠢ ᠨᠢ ᠵᠥᠪᠰᠢᠶᠡᠷᠡᠨ᠎ᠡ︾ ᠭᠡᠰᠡᠨ | ᠴᠣᠬᠤᠯᠠᠪᠤᠷᠢ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ᠃ |