2019 ᠣᠨ ᠤ 9 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠳᠡᠭᠡᠷ᠎ᠡ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠲᠠᠢ ᠦᠢᠯᠡᠰ ᠪᠣᠯᠭᠠᠨ ᠴᠢᠩᠭ᠎ᠠ ᠰᠠᠶᠢᠲᠤᠷ ᠠᠳᠬᠤᠬᠤ ᠬᠡᠷᠡᠭᠲᠡᠢ︾ ᠭᠡᠵᠦ ᠵᠢᠭᠠᠵᠤ ᠭᠠᠷᠭᠠᠬᠤ ᠶᠢᠨ ᠬᠠᠮᠲᠤ᠂ | ᠡᠭᠦᠨ ᠢᠶᠠᠷ ᠵᠢᠯᠣᠭᠤᠳᠤᠮᠵᠢ ᠪᠤᠯᠭᠠᠵᠤ ︽ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ | ᠦᠨᠳᠦᠰᠦᠲᠡᠨ ᠤ ᠳᠦᠷᠢ ᠲᠥᠷᠬᠦ ᠶᠢ ᠱᠤᠭᠤᠨ ᠲᠤᠪᠤᠶᠢᠯᠭᠠᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ | ᠬᠠᠮᠲᠤ ᠶᠢᠨ ᠲᠠᠨᠢᠯᠲᠠ ᠶᠢ ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃ 2022 ᠣᠨ ᠤ 10 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠤᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 2023 ᠣᠨ ᠤ 6 ᠰᠠᠷ᠎ᠠ ᠳᠤ᠂ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ | ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ | ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ | ᠨᠠᠮ ᠤᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ ᠬᠡᠯᠪᠠᠶᠢᠯᠭᠡᠵᠦ ᠪᠤᠯᠬᠤ ᠦᠭᠡᠢ ᠭᠡᠵᠦ | ᠴᠢᠬᠤᠯᠠᠴᠢᠯᠠᠪᠠ᠃ ︽ᠤᠮᠠᠷᠠᠲᠤ ᠬᠢᠯᠢ ᠶᠢᠨ ᠰᠣᠶᠣᠯ︾ ᠭᠡᠬᠦ ᠡᠨᠡ ᠬᠦ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠨᠢ ᠡᠳᠡᠭᠡᠷ ᠰᠢᠷᠢᠰ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠂ ᠪᠦᠬᠦᠯᠢ ᠴᠣᠭᠴᠠ ᠶᠢᠨ ᠬᠤᠪᠢ ᠪᠠᠷ ᠪᠠᠶᠢᠭ᠎ᠠ ᠤᠮᠠᠷᠠᠲᠤ ᠬᠢᠯᠢ ᠶᠢᠨ ᠭᠠᠵᠠᠷ | ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠠᠴᠠ ᠪᠣᠯᠪᠠᠰᠤᠷᠠᠨ ᠭᠠᠷᠴᠤ ᠢᠷᠡᠭᠰᠡᠨ ᠶᠤᠮ᠂ ᠳᠤᠮᠳᠠᠳᠤ ᠶᠢᠨ | ᠦᠨᠳᠦᠰᠦᠲᠡᠨ ᠤ ᠤᠯᠠᠨ ᠡᠰᠢᠵᠢᠨ ᠨᠢᠭᠡ ᠴᠣᠭᠴᠠᠵᠢᠭᠰᠠᠨ ᠲᠡᠦᠬᠡᠨ ᠠᠬᠢᠴᠠ ᠳᠤ ᠣᠷᠤᠯᠴᠠᠬᠤ ᠪᠠ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠪᠠᠶᠢᠭᠤᠯᠬᠤ ᠭᠡᠰᠡᠨ ᠤᠮᠠᠷᠠᠲᠤ ᠬᠢᠯᠢ ᠶᠢᠨ ᠬᠢᠨ ᠤ ᠰᠠᠨᠠᠭᠠᠴᠢᠯᠠᠭᠠᠲᠤ ᠤᠬᠠᠮᠰᠠᠷ ᠢ ᠲᠣᠳᠣᠷᠬᠠᠢ ᠢᠯᠡᠳᠬᠡᠵᠦ ᠪᠠᠶᠢᠨ᠎ᠠ᠂ ︽ᠤᠮᠠᠷᠠᠲᠤ ᠬᠢᠯᠢ ᠶᠢᠨ | ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠤ ᠪᠦᠭᠦ ᠲᠠᠯ᠎ᠠ ᠪᠠᠷ ᠨᠡᠪᠴᠢᠨ ᠣᠷᠣᠭᠰᠠᠨ ᠰᠢᠨ᠎ᠡ ᠦᠢᠯᠡᠳᠦᠯᠭᠡ ᠰᠢᠨ᠎ᠡ ᠰᠢᠪᠲᠤᠯᠤᠯᠲᠠ ᠪᠣᠯᠣᠨ᠎ᠠ᠃ | ᠤᠷᠳᠤ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠤ᠂ ᠳᠤᠮᠳᠠᠳᠤ ᠶᠢᠨ ᠰᠣᠶᠣᠯ ᠬᠢᠭᠡᠳ ᠦᠨᠳᠦᠰᠦᠲᠡᠨ ᠨᠦᠭᠦᠳ ᠤᠨ ᠰᠣᠶᠣᠯ ᠬᠤᠭᠤᠷᠣᠨᠳᠤ ᠪᠠᠨ | ᠬᠠᠷᠢᠯᠴᠠᠨ ᠰᠣᠯᠢᠯᠴᠠᠵᠤ᠂ ᠬᠠᠷᠢᠯᠴᠠᠨ ᠨᠥᠯᠥᠭᠡᠯᠡᠵᠦ᠂ ︽ᠴᠢᠨᠦᠬᠢ ᠳᠣᠲᠣᠷ᠎ᠠ ᠮᠢᠨᠤᠬᠢ ᠪᠤᠢ᠂ ᠮᠢᠨᠤᠬᠢ ᠳᠣᠲᠣᠷ᠎ᠠ ᠴᠢᠨᠦᠬᠢ ᠪᠤᠢ︾ ᠭᠡᠬᠦ ᠬᠠᠷᠢᠴᠠᠭ᠎ᠠ ᠶᠢ | ᠪᠦᠷᠢᠯᠳᠦᠭᠦᠯᠵᠡᠢ᠃ ᠡᠯ᠎ᠡ ᠦᠨᠳᠦᠰᠦᠲᠡᠨ ᠤ ᠰᠣᠶᠣᠯ ᠨᠢ ᠡᠯ᠎ᠡ ᠦᠨᠳᠦᠰᠦᠲᠡᠨ ᠤ ᠡᠳᠦᠷ ᠲᠤᠲᠤᠮ ᠤᠨ ᠠᠮᠢᠳᠤᠷᠠᠯ ᠳᠤ ᠦᠨᠳᠦᠰᠦᠯᠡᠭᠰᠡᠨ ᠪᠥᠭᠡᠳ ᠡᠯ᠎ᠡ | ᠦᠨᠳᠦᠰᠦᠲᠡᠨ ᠤ ᠦᠵᠡᠯ ᠰᠠᠨᠠᠭ᠎ᠠ ᠣᠶᠢᠯᠠᠭᠠᠭᠳᠠᠬᠤᠨ᠂ ᠵᠠᠩ ᠳᠠᠳᠬᠠᠯ᠂ ᠠᠮᠢᠳᠤᠷᠠᠯ ᠤᠨ ᠠᠷᠭ᠎ᠠ ᠮᠠᠶ᠋ᠢᠭ᠂ ᠬᠠᠶᠢᠷ᠎ᠠ ᠰᠡᠳᠬᠢᠯᠭᠡ ᠶᠢᠨ ᠶᠠᠩᠵᠤ ᠭᠡᠯᠪᠡᠷᠢ ᠶᠢᠨ | ᠵᠥᠷᠢᠶ᠎ᠡ ᠠᠴᠠ ᠨᠡᠶᠢᠲᠡᠯᠢᠭ ᠴᠢᠨᠠᠷ ᠪᠦᠷᠢᠯᠳᠦᠭᠰᠡᠨ ᠪᠠᠶᠢᠳᠠᠭ᠃ ᠦᠨᠳᠦᠰᠦᠲᠡᠨ ᠨᠦᠭᠦᠳ ᠤᠨ ᠪᠦᠯᠬᠦᠮᠳᠡᠨ ᠠᠭᠤᠰᠤᠯᠴᠠᠵᠤ᠂ ᠤᠯᠠᠨ ᠡᠰᠢᠲᠦ ᠠᠴᠠ ᠪᠠᠨ ᠨᠢᠭᠡ | ᠴᠣᠭᠴᠠ ᠪᠣᠯᠣᠨ ᠪᠦᠷᠢᠯᠳᠦᠭᠰᠡᠨ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠪᠦᠭᠦᠨ ᠢ ᠰᠢᠩᠭᠡᠭᠡᠵᠦ ᠪᠠᠶᠢᠳᠠᠭ ᠢ ᠬᠠᠳᠠᠭᠠᠯᠠᠬᠤ᠂ ᠠᠵᠤ ᠠᠬᠤᠢ ᠶᠢᠨ | ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣᠰᠤᠭ ᠪᠠᠶᠢᠬᠤ ᠠᠴᠠ ᠢᠷᠡᠯᠲᠡ ᠲᠠᠢ᠂ ᠳᠤᠮᠳᠠᠳᠤ ᠶᠢᠨ | ᠦᠨᠳᠦᠰᠦᠲᠡᠨ ᠤ ᠪᠦᠯᠬᠦᠮᠳᠡᠯ ᠨᠢᠭᠡᠳᠦᠯ ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠭᠴᠢ ᠬᠦᠴᠦᠨ ᠠᠴᠠ ᠢᠷᠡᠯᠲᠡ ᠲᠠᠢ ᠶᠤᠮ᠃ ᠰᠠᠯᠠᠭ᠎ᠠ ᠨᠠᠮᠠᠭ᠎ᠠ ᠪᠣᠯᠤᠭᠰᠠᠨ ︽ | ᠤᠮᠠᠷᠠᠲᠤ ᠬᠢᠯᠢ ᠶᠢᠨ ᠰᠣᠶᠣᠯ︾ ᠨᠢ ᠶᠠᠭ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠲᠡᠦᠬᠡᠨ ᠶᠠᠪᠤᠴᠠ ᠳᠤ | ᠪᠦᠷᠢᠯᠳᠦᠵᠡᠢ᠃ | ᠡᠶᠢᠮᠦ ᠠᠴᠠ ︽ᠤᠮᠠᠷᠠᠲᠤ ᠬᠢᠯᠢ ᠶᠢᠨ ᠰᠣᠶᠣᠯ︾ ᠤᠨ ᠲᠤᠬᠠᠢ ᠲᠠᠨᠢᠯᠲᠠ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠲᠡᠦᠬᠡᠨ ᠪᠠᠶᠢᠷᠢᠰᠢᠯ ᠳᠤ ᠵᠣᠭᠰᠣᠩᠭᠢᠷᠠᠭᠠᠳ ᠪᠠᠶᠢᠵᠤ ᠪᠤᠯᠬᠤ ᠦᠭᠡᠢ᠂ ᠬᠠᠷᠢᠨ ᠡᠨᠡ ᠬᠦ ᠲᠡᠦᠬᠡᠨ ᠪᠠᠶᠢᠷᠢᠰᠢᠯ ᠤᠨ ᠪᠦᠷᠢᠯᠳᠦᠭᠰᠡᠨ ᠵᠠᠮ ᠮᠥᠷ ᠪᠣᠯᠣᠨ ᠤᠯᠠᠷᠢᠨ | ᠬᠤᠪᠢᠰᠬᠤ ᠲᠣᠭᠲᠠᠴᠠ ᠶᠢᠨ ᠲᠤᠬᠠᠢ ᠬᠠᠶᠢᠨ ᠰᠢᠨᠵᠢᠯᠡᠯᠲᠡ ᠪᠠᠨ ᠭᠦᠨᠵᠡᠭᠡᠶᠢᠷᠡᠭᠦᠯᠵᠦ᠂ ᠡᠪᠦᠭᠡ ᠳᠡᠭᠡᠳᠦᠰ ᠤᠨ ᠪᠢᠳᠡᠨ ᠳᠤ ᠦᠯᠡᠳᠡᠭᠡᠵᠦ ᠥᠭᠭᠦᠭᠰᠡᠨ ᠴᠢᠬᠤᠯᠠ ᠡᠳ᠋ | ᠪᠠᠶᠠᠯᠢᠭ ᠢ ᠪᠦᠲᠦᠭᠡᠯᠴᠢ ᠪᠠᠷ ᠬᠥᠭᠵᠢᠭᠦᠯᠦᠨ ᠰᠢᠨ᠎ᠡ ᠴᠠᠭ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠪᠦᠲᠦᠭᠡᠨ ᠪᠠᠶᠢᠭᠤᠯᠬᠤ | ᠴᠢᠬᠤᠯᠠ ᠳᠠᠪᠠᠭᠤᠯᠢᠭ ᠪᠤᠯᠭᠠᠬᠤ ᠬᠡᠷᠡᠭᠲᠡᠢ᠃ | ︽ᠤᠮᠠᠷᠠᠲᠤ ᠬᠢᠯᠢ ᠶᠢᠨ ᠰᠣᠶᠣᠯ︾ ᠤᠨ ᠤᠬᠠᠭᠳᠠᠬᠤᠨ ᠢ ᠳᠤᠷᠠᠳᠤᠭᠰᠠᠨ ᠨᠢ ᠳᠤᠮᠳᠠᠳᠤ ᠤᠯᠤᠰ ᠤᠨ ᠤᠨᠤᠯ ᠢᠶᠠᠷ ᠳᠤᠮᠳᠠᠳᠤ ᠤᠯᠤᠰ ᠤᠨ | ᠦᠢᠯᠡᠳᠦᠯᠭᠡ ᠶᠢᠨ ᠰᠢᠨ᠎ᠡ ᠰᠢᠪᠲᠤᠯᠤᠯᠲᠠ ᠶᠢ ᠲᠠᠶᠢᠯᠪᠤᠷᠢᠯᠠᠭᠰᠠᠨ ᠶᠠᠪᠤᠳᠠᠯ ᠪᠣᠯᠣᠨ᠎ᠠ | ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠦᠭᠡ ᠬᠡᠯᠡᠯᠭᠡ ᠪᠠ ᠳᠤᠮᠳᠠᠳᠤ ᠤᠯᠤᠰ ᠤᠨ ᠦᠯᠢᠭᠡᠷ ᠢ ᠶᠠᠷᠢᠬᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠤᠯᠤᠰ ᠤᠨ ᠣᠨᠣᠯ ᠢᠶᠠᠷ ᠳᠤᠮᠳᠠᠳᠤ ᠤᠯᠤᠰ ᠤᠨ ᠦᠢᠯᠡᠳᠦᠯᠭᠡ ᠶᠢ ᠲᠣᠳᠣᠷᠬᠠᠶᠢᠯᠠᠨ ᠲᠠᠶᠢᠯᠪᠤᠷᠢᠯᠠᠵᠤ᠂ ᠳᠤᠮᠳᠠᠳᠤ | ᠤᠯᠤᠰ ᠤᠨ ᠦᠢᠯᠡᠳᠦᠯᠭᠡ ᠪᠠᠷ ᠳᠤᠮᠳᠠᠳᠤ ᠤᠯᠤᠰ ᠤᠨ ᠣᠨᠣᠯ ᠢ ᠳᠡᠭᠡᠭᠰᠢᠯᠡᠭᠦᠯᠦᠨ᠂ ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠭᠰᠠᠨ ᠰᠢᠨ᠎ᠡ ᠤᠬᠠᠭᠳᠠᠬᠤᠨ᠂ | ᠰᠢᠨ᠎ᠡ ᠬᠦᠷᠢᠶ᠎ᠡ᠂ ᠰᠢᠨ᠎ᠡ ᠥᠭᠦᠯᠡᠯᠲᠡ ᠶᠢ ᠪᠤᠶ ᠪᠤᠯᠭᠠᠵᠤ᠂ ᠳᠤᠮᠳᠠᠳᠤ ᠤᠯᠤᠰ ᠤᠨ ᠦᠯᠢᠭᠡᠷ ᠵᠢᠴᠢ ᠲᠡᠭᠦᠨ ᠤ ᠠᠷᠤ ᠳᠠᠬᠢ ᠦᠵᠡᠯ ᠰᠠᠨᠠᠭᠠᠨ ᠤ ᠬᠦᠴᠦᠨ ᠪᠠ | ᠣᠶᠤᠨ ᠰᠠᠨᠠᠭᠠᠨ ᠤ ᠬᠦᠴᠦᠨ ᠢ ᠨᠡᠩ ᠭᠦᠢᠴᠡᠳ᠂ ᠨᠡᠩ ᠢᠯᠡ ᠲᠣᠳᠣᠷᠬᠠᠢ ᠪᠠᠷ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠮᠣᠩᠭᠤᠯ ᠮᠣᠷᠢᠨ ᠤ ᠵᠣᠷᠢᠭ | ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠲᠣᠭᠠᠴᠢᠬᠤ ᠪᠠᠷ ᠭᠤᠣᠯ ᠪᠤᠯᠭᠠᠬᠰᠠᠨ ︽ᠤᠮᠠᠷᠠᠲᠤ ᠬᠢᠯᠢ ᠶᠢᠨ ᠰᠣᠶᠣᠯ︾ ᠨᠢ | ᠳᠤᠮᠳᠠᠳᠤ ᠶᠢᠨ ᠰᠣᠶᠣᠯ ᠤᠨ ᠦᠯᠢᠭᠡᠷ ᠢ ᠶᠠᠷᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠪᠠᠷ ᠪᠠᠷᠠᠬᠤ ᠦᠭᠡᠢ᠂ ᠡᠨᠡ ᠬᠦ ᠪᠡᠯᠭᠡ ᠲᠡᠮᠳᠡᠭ ᠤᠨ | ᠴᠢᠨᠠᠷᠲᠠᠢ ᠤᠬᠠᠭᠳᠠᠬᠤᠨ ᠢ ᠳᠤᠷᠠᠳᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠢᠯᠡᠳᠦᠯᠭᠡ ᠶᠢᠨ ᠰᠢᠨ᠎ᠡ ᠰᠢᠪᠲᠤᠯᠤᠯᠲᠠ ᠶᠢ ᠲᠠᠶᠢᠯᠪᠤᠷᠢᠯᠠᠭᠰᠠᠨ | ᠶᠠᠪᠤᠳᠠᠯ ᠪᠣᠯᠣᠨ᠎ᠠ᠃ ︽ᠤᠮᠠᠷᠠᠲᠤ ᠬᠢᠯᠢ ᠶᠢᠨ ᠰᠣᠶᠣᠯ︾ ᠨᠢ ᠥᠪᠥᠷ ᠮᠣᠩᠭᠤᠯ ᠤᠨ ᠳᠤᠷᠠᠳᠤᠭᠰᠠᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠪᠣᠯᠤᠭᠰᠠᠨ ᠤ | ᠬᠤᠪᠢ ᠳᠤ᠂ ᠵᠠᠭᠤ ᠮᠢᠩᠭᠠᠨ ᠵᠢᠯ ᠤᠨ ᠲᠤᠷᠰᠢ ᠤᠮᠠᠷᠠᠲᠤ ᠬᠢᠯᠢ ᠳᠤ ᠠᠮᠢᠳᠤᠷᠠᠵᠤ ᠪᠠᠶᠢᠭᠰᠠᠨ ᠦᠨᠳᠦᠰᠦᠲᠡᠨ ᠨᠦᠭᠦᠳ ᠤᠨ ᠦᠢᠯᠡᠳᠪᠦᠷᠢᠯᠡᠯ ᠭᠦᠳᠡᠯᠮᠦᠷᠢ ᠪᠠ | ᠡᠳᠦᠷ ᠲᠤᠲᠤᠮ ᠤᠨ ᠠᠮᠢᠳᠤᠷᠠᠯ ᠤᠨ ᠳᠤᠮᠳᠠ ᠪᠦᠷᠢᠯᠳᠦᠭᠰᠡᠨ ᠦᠵᠡᠯᠲᠡ᠂ ᠦᠵᠡᠯ ᠰᠠᠨᠠᠭ᠎ᠠ ᠪᠠ ᠥᠷᠲᠡᠭ ᠤᠨ ᠦᠵᠡᠯᠲᠡ ᠶᠢᠨ ᠭᠤᠣᠯ ᠢᠯᠡᠷᠡᠯ ᠪᠤᠯᠬᠤ ᠪᠠᠷ | ᠪᠠᠷᠠᠬᠤ ᠦᠭᠡᠢ᠂ ᠲᠡᠦᠬᠡᠨ ᠳᠡᠭᠡᠷ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠩᠭᠠᠳᠬᠠᠬᠤ ᠳᠤ | ᠲᠤᠲᠠᠭᠳᠠᠵᠤ ᠪᠣᠯᠣᠰᠢ ᠦᠭᠡᠢ ᠦᠢᠯᠡᠳᠦᠯ ᠢ ᠪᠠᠳᠠᠷᠠᠭᠤᠯᠵᠤ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠬᠠᠷᠢᠯᠴᠠᠨ ᠵᠣᠬᠢᠴᠠᠭᠤᠯᠤᠭᠰᠠᠨ᠂ ᠬᠠᠷᠢᠯᠴᠠᠨ ᠤᠶᠠᠯᠳᠤᠭᠤᠯᠤᠭᠰᠠᠨ ᠦᠢᠯᠡᠳᠦᠯᠭᠡ ᠶᠢᠨ ᠠᠴᠢᠶᠠᠯᠠᠪᠤᠷᠢ ᠪᠣᠯᠵᠤ᠂ ᠰᠢᠨ᠎ᠡ ᠴᠠᠭ ᠦᠶ᠎ᠡ ᠳᠤ ᠬᠦᠴᠦᠷᠬᠡᠭ | ᠶᠡᠭᠡ ᠦᠷᠳᠡᠭ ᠤᠨ ᠬᠥᠲᠥᠯᠥᠨ ᠳᠠᠭᠠᠭᠤᠯᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ᠂ ᠤᠶᠤᠨ ᠰᠠᠨᠠᠭᠠᠨ ᠤ ᠲᠦᠯᠬᠢᠴᠡ ᠬᠦᠴᠦᠨ ᠲᠠᠢ ᠠᠮᠢ | ᠠᠬᠤᠢ ᠶᠢᠨ ᠦᠵᠡᠯᠲᠡ᠂ ᠡᠮᠬᠢ ᠳᠢᠭᠯᠢᠮ ᠤᠨ ᠦᠵᠡᠯᠲᠡ᠂ ᠪᠣᠯᠪᠠᠰᠤᠨ ᠤ ᠦᠵᠡᠯᠲᠡ ᠪᠣᠯᠵᠤ ᠬᠥᠭᠵᠢᠭᠰᠡᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠱᠤᠭᠤᠬᠤ ᠪᠣᠯ ᠤᠯᠤᠰ ᠲᠦᠷᠦ ᠶᠢᠨ ᠦᠭᠡ ᠬᠡᠯᠡᠯᠭᠡ ᠶᠢ ᠰᠣᠶᠣᠯ ᠤᠨ ᠦᠭᠡ ᠶᠠᠷᠢᠶ᠎ᠠ ᠪᠣᠯᠭᠠᠨ | ᠬᠤᠪᠢᠷᠠᠭᠤᠯᠬᠤ ᠰᠢᠨ᠎ᠡ ᠦᠢᠯᠡᠳᠦᠯᠭᠡ ᠶᠢ ᠠᠬᠢᠭᠤᠯᠵᠤ ᠪᠠᠶᠢᠭ᠎ᠠ ᠶᠠᠪᠤᠳᠠᠯ ᠮᠥᠨ | ᠰᠤᠳᠤᠯᠭᠠᠨ ᠤ ᠣᠳᠣᠬᠢ ᠪᠠᠶᠢᠳᠠᠯ ᠠᠴᠠ ᠦᠵᠡᠪᠡᠯ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠣᠳᠣᠬᠢᠴᠢᠯᠠᠯᠲᠠ ᠶᠢᠨ ᠲᠤᠬᠠᠢ ᠣᠨᠣᠯ ᠤᠨ | ᠲᠠᠶᠢᠯᠪᠤᠷᠢᠯᠠᠯᠲᠠ ᠨᠢ ᠣᠯᠠᠩᠬᠢ ᠳᠠᠭᠠᠨ ᠰᠣᠶᠣᠯ ᠤᠨ ᠢᠯᠡ ᠦᠵᠡᠭᠳᠡᠯ ᠪᠣᠯᠣᠨ ᠮᠠᠷᠺᠰ ᠤᠨ ᠦᠵᠡᠯ ᠤᠨ ᠰᠣᠩᠭᠤᠳᠠᠭ ᠥᠭᠦᠯᠡᠯᠲᠡ ᠶᠢᠨ ᠥᠩᠭᠡᠨ ᠲᠠᠯ᠎ᠠ ᠶᠢᠨ | ᠤᠶᠠᠯᠳᠤᠯ ᠳᠡᠭᠡᠷ᠎ᠡ ᠵᠣᠭᠰᠣᠩᠭᠢᠷᠠᠵᠤ᠂ ᠳᠤᠮᠳᠠᠳᠤ ᠶᠢᠨ ᠪᠣᠯᠪᠠᠰᠤᠨ ᠤ ᠬᠥᠭᠵᠢᠯᠲᠡ ᠶᠢᠨ ᠪᠦᠬᠦᠯᠢ ᠴᠣᠭᠴᠠ ᠶᠢᠨ ᠬᠠᠷᠠᠭᠠᠰᠤ ᠠᠴᠠ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠣᠲᠣᠭᠠᠳᠤ ᠲᠣᠭᠲᠠᠴᠠ ᠪᠣᠯᠣᠨ ᠤᠯᠠᠷᠢᠨ ᠬᠤᠪᠢᠰᠬᠤ ᠠᠷᠭ᠎ᠠ ᠵᠠᠮ ᠤᠨ ᠲᠤᠬᠠᠢ ᠭᠦᠨᠵᠡᠭᠡᠢ ᠰᠦᠪᠡᠭᠴᠢᠯᠡᠯᠲᠡ | ᠬᠢᠭᠰᠡᠨ ᠢᠶᠠᠷ ᠳᠤᠲᠠᠮᠠᠭ ᠪᠠᠶᠢᠵᠤ᠂ ᠢᠯᠠᠩᠭᠤᠶ᠎ᠠ ᠲᠠᠪᠤᠨ ᠮᠢᠩᠭ᠎ᠠ ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠭᠡᠭᠡᠨ ᠬᠥᠭᠵᠢᠭᠦᠯᠬᠦ ᠵᠢᠴᠢ ︽ᠬᠤᠶᠠᠳᠠᠭᠢ ᠤᠶᠠᠯᠳᠤᠯ︾ ᠤᠨ ᠲᠡᠦᠬᠡ ᠶᠢᠨ ᠲᠠᠶᠢᠯᠪᠤᠷᠢᠯᠠᠯᠲᠠ᠂ ᠤᠨᠤᠯ ᠤᠨ | ᠲᠠᠶᠢᠯᠪᠤᠷᠢᠯᠠᠯᠲᠠ ᠶᠢᠨ ᠲᠤᠬᠠᠢ ᠰᠤᠳᠤᠯᠭᠠᠨ ᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠥᠷᠥᠨᠡᠳᠠᠬᠢᠨ ᠤ ᠮᠠᠰᠢ ᠤᠯᠠᠨ | ᠬᠥᠮᠥᠰ ᠳᠤᠮᠳᠠᠳᠤ ᠤᠯᠤᠰ ᠢ ᠥᠷᠥᠨᠡᠳᠠᠬᠢᠨ ᠤ ᠣᠳᠣᠬᠢᠴᠢᠯᠠᠯᠲᠠ ᠶᠢᠨ ᠤᠨᠤᠯ ᠤᠨ ᠬᠠᠷᠠᠭᠠᠰᠤ ᠠᠴᠠ ᠣᠷᠴᠢᠨ ᠤᠳᠤ ᠦᠶ᠎ᠡ ᠶᠢᠨ ᠦᠨᠳᠦᠰᠦᠲᠡᠨ ᠤ ᠤᠯᠤᠰ ᠬᠡᠮᠡᠨ | ᠦᠵᠡᠭᠡᠳ ᠵᠠᠩᠰᠢᠵᠠᠢ᠂ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠶᠢᠨ ᠡᠭᠦᠳᠡᠨ ᠠᠴᠠ ᠳᠤᠮᠳᠠᠳᠤ ᠤᠯᠤᠰ ᠢ ᠠᠵᠢᠭᠯᠠᠬᠤ ᠦᠭᠡᠢ ᠪᠣᠯᠪᠠᠯ ᠳᠤᠮᠳᠠᠳᠤ | ᠤᠯᠤᠰ ᠤᠨ ᠥᠩᠭᠡᠷᠡᠭᠰᠡᠨ᠂ ᠤᠳᠤ᠂ ᠢᠷᠡᠭᠡᠳᠦᠢ ᠶᠢ ᠦᠨᠡᠨ ᠬᠦ ᠣᠶᠢᠯᠠᠭᠠᠬᠤ ᠳᠤ ᠪᠡᠷᠬᠡ ᠶᠤᠮ︾ ᠭᠡᠵᠦ ᠵᠢᠭᠠᠵᠤ ᠭᠠᠷᠭᠠᠪᠠ᠃ ︽ᠤᠮᠠᠷᠠᠲᠤ ᠬᠢᠯᠢ ᠶᠢᠨ ᠰᠣᠶᠣᠯ︾ | ᠪᠣᠯ ᠲᠣᠳᠣᠷᠬᠠᠢ ᠤᠯᠤᠰ ᠲᠥᠷᠥ ᠶᠢᠨ ᠣᠷᠣᠨ ᠵᠠᠢ ᠶᠢᠨ ᠭᠡᠯᠪᠡᠷᠢ ᠪᠠᠶᠢᠳᠠᠯ ᠪᠠ ᠲᠣᠳᠣᠷᠬᠠᠢ ᠳᠤᠮᠳᠠᠳᠤ ᠶᠢᠨ ᠪᠣᠯᠪᠠᠰᠤᠨ ᠤ ᠲᠡᠦᠬᠡ ᠶᠢᠨ ᠪᠠᠶᠢᠭᠤᠯᠤᠯᠲᠠ ᠶᠢᠨ | ᠬᠠᠷᠠᠭᠠᠰᠤ ᠲᠠᠢ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠮᠥᠨ᠃ ᠲᠠᠨᠢᠯᠲᠠ ᠶᠢᠨ ᠤᠨᠤᠯ ᠤᠨ ᠲᠠᠯ᠎ᠠ ᠠᠴᠠ ᠠᠪᠴᠤ ᠦᠵᠡᠪᠡᠯ᠂ ᠲᠡᠷᠡ ᠨᠢ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠶᠡᠭᠡ ᠲᠠᠯ᠎ᠠ ᠶᠢ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠨᠳᠦᠰᠦᠲᠡᠨ ᠤ ᠲᠠᠯ᠎ᠠ ᠶᠢ ᠬᠠᠮᠤᠷᠴᠤ ᠪᠠᠶᠢᠭ᠎ᠠ ᠪᠥᠭᠡᠳ ᠪᠠᠰᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠦᠭᠦ ᠪᠥᠮᠪᠥᠷᠴᠡᠭ ᠤᠨ | ᠲᠠᠯ᠎ᠠ ᠶᠢ ᠬᠠᠮᠤᠷᠴᠤ ᠪᠤᠢ᠃ ᠠᠷᠭ᠎ᠠ ᠶᠢᠨ ᠤᠨᠤᠯ ᠤᠨ ᠡᠭᠦᠳᠡᠨ ᠠᠴᠠ ᠠᠪᠴᠤ ᠬᠡᠯᠡᠪᠡᠯ᠂ ᠲᠡᠷᠡ ᠨᠢ ᠦᠢᠯᠡᠳᠦᠯᠭᠡ ᠶᠢᠨ ᠦᠵᠡᠯᠲᠡ᠂ ᠲᠡᠦᠬᠡ ᠶᠢᠨ ᠦᠵᠡᠯᠲᠡ᠂ | ᠬᠤᠪᠢᠰᠤᠩᠭᠤᠢ ᠠᠷᠭ᠎ᠠ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠤᠯᠤᠰ ᠲᠥᠷᠥ ᠶᠢᠨ ᠦᠢᠯᠡᠳᠦᠯᠭᠡ ᠠᠴᠠ ᠰᠣᠶᠣᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠪᠣᠯᠪᠠᠰᠤᠨ ᠤ | ᠲᠡᠦᠬᠡ ᠶᠢᠨ ᠠᠬᠢᠴᠠ ᠳᠤ ᠴᠢᠬᠤᠯᠠ ᠦᠢᠯᠡᠳᠦᠯ ᠦᠵᠡᠭᠦᠯᠦᠭᠰᠡᠨ ᠣᠷᠣᠨ ᠪᠦᠰᠡ ᠶᠢᠨ ᠰᠣᠶᠣᠯ ᠤᠨ ᠪᠦᠷᠢᠯᠳᠦᠯ ᠤᠨ ᠲᠣᠭᠲᠠᠴᠠ ᠪᠣᠯᠣᠨ ᠳᠣᠲᠣᠭᠠᠳᠤ | ᠬᠤᠪᠢᠰᠤᠯᠲᠠ ᠶᠢᠨ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠪᠠᠷ ᠳᠠᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠴᠢᠬᠤᠯᠠᠴᠢᠯᠠᠭᠰᠠᠨ ︽ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ ᠰᠣᠩᠭᠤᠯᠲᠠ ᠬᠠᠩᠭᠠᠪᠠ︾ | ᠭᠡᠬᠦ ᠡᠨᠡ ᠬᠦ ᠴᠢᠬᠤᠯᠠ ᠨᠤᠲᠠᠯᠠᠯᠲᠠ ᠶᠢ ᠭᠦᠨᠵᠡᠭᠡᠢ ᠲᠠᠶᠢᠯᠪᠤᠷᠢᠯᠠᠬᠤ ᠶᠢᠨ ᠲᠥᠯᠥᠭᠡ ᠶᠤᠮ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠱᠤᠭᠤᠬᠤ ᠪᠣᠯ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ | ᠪᠠᠶᠢᠭᠤᠯᠬᠤ ᠰᠢᠨ᠎ᠡ ᠠᠷᠭ᠎ᠠ ᠬᠡᠮᠵᠢᠶ᠎ᠡ ᠪᠣᠯᠣᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠡᠯ᠎ᠡ ᠵᠦᠢᠯ ᠤᠨ ᠠᠵᠢᠯ ᠢ ᠴᠥᠮ ᠪᠣᠳᠠᠲᠠᠢ ᠪᠠᠷ ᠠᠳᠬᠤᠵᠤ᠂ ᠨᠠᠷᠢᠨ ᠨᠢᠮᠪᠠᠢ ᠪᠠᠶᠢᠬᠤ ᠬᠡᠷᠡᠭᠲᠡᠢ᠃ | ᠰᠢᠨ᠎ᠡ ᠴᠠᠭ ᠦᠶ᠎ᠡ ᠳᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠠᠬᠢᠭᠤᠯᠵᠤ᠂ ᠤᠯᠠᠮᠵᠢᠯᠠᠯᠲᠤ ᠦᠨᠳᠦᠰᠦᠲᠡᠨ ᠤ | ᠰᠣᠶᠣᠯ ᠢ ᠬᠠᠮᠠᠭᠠᠯᠠᠬᠤ ᠪᠠ ᠤᠯᠠᠮᠵᠢᠯᠠᠯ ᠢ ᠴᠢᠩᠭᠠᠳᠬᠠᠬᠤ ᠳᠤ᠂ ᠨᠢᠭᠡ ᠲᠠᠯ᠎ᠠ ᠪᠠᠷ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠰᠢᠰᠲ᠋ᠧᠮ ᠤᠨ | ᠪᠦᠬᠦᠯᠢ ᠴᠣᠭᠴᠠᠲᠤ ᠴᠢᠨᠠᠷ ᠪᠠ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ ᠳᠦᠷᠢᠮ ᠤᠨ ᠴᠢᠨᠠᠷᠲᠠᠢ ᠲᠠᠶᠢᠯᠪᠤᠷᠢᠯᠠᠯᠲᠠ ᠪᠠ | ᠵᠠᠰᠠᠯᠲᠠ ᠶᠢᠨ ᠰᠢᠰᠲ᠋ᠧᠮᠲᠦ ᠴᠢᠨᠠᠷᠲᠠᠢ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠶᠠᠮᠠᠷᠪᠠ ᠠᠵᠢᠯ ᠢ ᠬᠢᠬᠦ᠂ ᠶᠠᠮᠠᠷᠪᠠ ᠶᠠᠪᠤᠳᠠᠯ ᠢ ᠬᠢᠬᠦ ᠳᠤ ᠴᠥᠮ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ | ᠬᠡᠯᠪᠠᠶᠢᠯᠭᠡᠵᠦ ᠪᠤᠯᠬᠤ ᠦᠭᠡᠢ ᠪᠥᠭᠡᠳ ᠡᠭᠦᠨ ᠢᠶᠠᠷ ᠦᠷ᠎ᠡ ᠪᠦᠲᠦᠮᠵᠢ ᠶᠢ ᠨᠢ ᠦᠨᠡᠯᠡᠨ ᠰᠢᠯᠭᠠᠬᠤ ᠬᠡᠷᠡᠭᠲᠡᠢ ; ᠨᠥᠭᠦᠭᠡ ᠲᠠᠯ᠎ᠠ ᠪᠠᠷ᠂ ᠮᠣᠩᠭᠤᠯ ᠮᠣᠷᠢᠨ ᠤ | ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ ᠪᠠᠷ ᠳᠠᠮᠵᠢᠭᠤᠯᠤᠨ᠂ ᠴᠥᠭᠡᠨ ᠲᠣᠭᠠᠲᠤ | ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠶᠢ ᠶᠡᠭᠡ ᠪᠠᠷ ᠳᠡᠮᠵᠢᠵᠦ᠂ ᠣᠷᠣᠨ ᠨᠤᠲᠤᠭ ᠤᠨ ᠳᠣᠲᠣᠷᠠᠬᠢ ᠣᠯᠠᠨ ᠦᠨᠳᠦᠰᠦᠲᠡᠨ ᠤ ᠣᠯᠠᠨ | ᠡᠰᠢᠲᠦ ᠰᠣᠶᠣᠯ ᠤᠨ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠳᠤ ᠣᠷᠤᠯᠴᠠᠬᠤ ᠶᠢ ᠠᠬᠢᠭᠤᠯᠵᠤ᠂ ᠡᠭᠦᠨ ᠤ | ᠤᠯᠠᠮ ᠢᠶᠠᠷ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠲᠡᠦᠬᠡᠨ ᠦᠵᠡᠯᠲᠡ ᠶᠢ ᠪᠤᠢ ᠪᠤᠯᠭᠠᠬᠤ ᠣᠨᠣᠯ ᠤᠨ ᠲᠠᠶᠢᠯᠪᠤᠷᠢᠯᠠᠯᠲᠠ ᠶᠢ ᠴᠢᠩᠭᠠᠳᠬᠠᠬᠤ | ᠬᠡᠷᠡᠭᠲᠡᠢ᠃ | ᠳᠤᠮᠳᠠᠳᠤ ᠶᠢᠨ ᠪᠣᠯᠪᠠᠰᠤᠨ ᠤ ᠲᠠᠪᠤᠨ ᠮᠢᠩᠭ᠎ᠠ ᠭᠠᠷᠤᠢ ᠵᠢᠯ ᠤᠨ ᠬᠥᠭᠵᠢᠯᠲᠡ ᠶᠢᠨ ᠲᠡᠦᠬᠡ ᠨᠢ ᠠᠮᠢᠳᠤ ᠪᠣᠳᠠᠰ ᠤᠨ ᠲᠦᠷᠦᠯ᠂ ᠲᠧᠭᠨᠢᠭ ᠮᠡᠷᠭᠡᠵᠢᠯ᠂ ᠡᠬᠢ | ᠪᠠᠶᠠᠯᠢᠭ ᠴᠢᠨᠠᠭᠰᠢᠯᠠᠪᠠᠯ ᠦᠵᠡᠯ ᠰᠠᠨᠠᠭ᠎ᠠ᠂ ᠰᠣᠶᠣᠯ ᠤᠨ ᠠᠯᠢ ᠨᠢ ᠴᠤ ᠭᠡᠰᠡᠨ ᠴᠥᠮ ᠲᠠᠰᠤᠷᠠᠯᠳᠡ ᠦᠭᠡᠢ ᠤᠯᠠᠮᠵᠢᠯᠠᠬᠤ᠂ ᠰᠣᠯᠢᠯᠴᠠᠬᠤ᠂ ᠬᠠᠷᠢᠯᠴᠠᠨ | ᠦᠢᠯᠡᠳᠦᠯᠴᠡᠬᠦ ᠶᠠᠪᠤᠴᠠ ᠳᠤ ᠬᠥᠭᠵᠢᠨ ᠳᠠᠪᠰᠢᠵᠤ ᠪᠠᠶᠢᠳᠠᠭ ᠭᠡᠳᠡᠭ ᠢ ᠭᠦᠢᠴᠡᠳ ᠭᠡᠷᠡᠴᠢᠯᠡᠪᠡ᠃ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ | ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠶᠢᠨ ᠪᠣᠯᠪᠠᠰᠤᠨ ᠤ ᠲᠠᠪᠤᠨ ᠲᠣᠪᠤᠶᠢᠮ᠎ᠠ ᠣᠨᠴᠠᠯᠢᠭ᠂ ᠮᠠᠷᠺᠰ ᠤᠨ ᠦᠵᠡᠯ ᠪᠣᠯᠣᠨ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠤᠭᠤᠷᠣᠨᠳᠤ ᠳᠡᠭᠡᠳᠦ ᠬᠡᠮᠵᠢᠶᠡᠨ ᠤ ᠵᠣᠬᠢᠴᠠᠬᠤ ᠴᠢᠨᠠᠷ ᠣᠷᠣᠰᠢᠵᠤ ᠪᠠᠶᠢᠬᠤ᠂ ︽ᠬᠤᠶᠠᠳᠠᠭᠢ ᠤᠶᠠᠯᠳᠤᠯ︾ | ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠂ | ᠰᠢᠨᠵᠢᠯᠡᠬᠦ ᠤᠬᠠᠭᠠᠨᠴᠢ ᠤᠨᠤᠯ ᠤᠨ ᠯᠣᠭᠢᠭ ᠪᠠ ᠲᠡᠦᠬᠡ ᠶᠢᠨ ᠯᠣᠭᠢᠭ ᠢ ᠢᠯᠡᠷᠡᠭᠦᠯᠵᠦ᠂ ᠪᠢᠳᠡᠨ ᠤ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠢᠨ᠎ᠡ ᠰᠣᠶᠣᠯ ᠤᠨ | ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ ᠰᠢᠨ᠎ᠡ ᠴᠢᠭᠯᠡᠯ ᠢ ᠵᠢᠭᠠᠵᠤ ᠥᠭᠪᠡ᠃ ︽ᠤᠮᠠᠷᠠᠲᠤ ᠬᠢᠯᠢ ᠶᠢᠨ ᠰᠣᠶᠣᠯ︾ ᠪᠣᠯ ᠶᠠᠭ ᠡᠨᠡ ᠬᠦ ᠰᠢᠨ᠎ᠡ ᠲᠡᠦᠬᠡ ᠶᠢᠨ | ᠠᠵᠠ ᠲᠣᠭᠢᠶᠠᠯ ᠳᠣᠣᠷ᠎ᠠ ᠳᠤᠷᠠᠳᠤᠭᠰᠠᠨ ᠤᠨᠤᠯ ᠢᠶᠠᠷ ᠦᠢᠯᠡᠳᠦᠯᠭᠡ ᠶᠢ ᠠᠬᠢᠭᠤᠯᠬᠤ ᠰᠢᠨ᠎ᠡ ᠤᠬᠠᠭᠳᠠᠬᠤᠨ ᠪᠣᠯᠣᠨ᠎ᠠ᠂ ︽ᠤᠮᠠᠷᠠᠲᠤ ᠬᠢᠯᠢ ᠶᠢᠨ ᠰᠣᠶᠣᠯ︾ ᠤᠨ | ᠲᠦᠷᠦᠯ ᠲᠡᠮᠳᠡᠭ ᠢ ᠡᠭᠦᠳᠬᠦ ᠪᠣᠯ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠰᠢᠨ᠎ᠡ ᠠᠷᠭ᠎ᠠ ᠬᠡᠮᠵᠢᠶ᠎ᠡ ᠪᠣᠯᠣᠨ᠎ᠠ᠃ | ᠳᠠᠷᠠᠭᠠᠴᠢ ᠶᠢᠨ ᠠᠯᠬᠤᠮ ᠳᠤ᠂ ᠪᠢᠳᠡ ᠡᠭᠦᠨ ᠢᠶᠠᠷ ᠰᠢᠪᠲᠤᠯᠤᠯᠲᠠ ᠶᠢᠨ ᠴᠡᠭ ᠪᠤᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠳᠣᠲᠣᠭᠠᠳᠤ | ᠪᠦᠲᠦᠴᠡ ᠶᠢ ᠭᠦᠨᠵᠡᠭᠡᠢ ᠠᠵᠢᠭᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠳᠣᠲᠣᠭᠠᠳᠤ ᠬᠤᠪᠢᠰᠤᠯᠲᠠ ᠶᠢᠨ ᠲᠣᠭᠲᠠᠴᠠ ᠶᠢᠨ ᠰᠤᠳᠤᠯᠭᠠᠨ ᠢ | ᠭᠦᠨᠵᠡᠭᠡᠶᠢᠷᠡᠭᠦᠯᠬᠦ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠣᠯᠣᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠲᠠᠢ ᠰᠠᠶᠢᠲᠤᠷ ᠵᠣᠯᠭᠠᠭᠤᠯᠵᠤ᠂ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠢᠩᠭᠢᠮᠡᠨᠵᠢᠨ ᠰᠠᠶ᠋ᠢ | ᠠᠭᠤᠯᠭ᠎ᠠ᠂ ᠭᠡᠯᠪᠡᠷᠢ᠂ ᠠᠴᠢᠶᠠᠯᠠᠪᠤᠷᠢ᠂ ᠠᠷᠭ᠎ᠠ ᠪᠠᠷᠢᠯ ᠵᠡᠷᠭᠡ ᠤᠯᠠᠨ ᠲᠠᠯ᠎ᠠ ᠠᠴᠠ ᠲᠠᠰᠤᠷᠠᠯᠲᠠ ᠦᠭᠡᠢ ᠥᠭᠡᠷᠡᠴᠢᠯᠡᠨ ᠰᠠᠶᠢᠵᠢᠷᠠᠭᠤᠯᠵᠤ ᠰᠢᠨ᠎ᠡ ᠶᠢ ᠡᠭᠦᠳᠴᠦ᠂ ︽ | ᠤᠮᠠᠷᠠᠲᠤ ᠬᠢᠯᠢ ᠶᠢᠨ ᠰᠣᠶᠣᠯ︾ ᠤᠨ ᠳᠣᠲᠣᠭᠠᠳᠤ ᠦᠷᠳᠡᠭ ᠤᠨ ᠬᠥᠲᠥᠯᠥᠨ ᠵᠢᠯᠤᠭᠤᠳᠬᠤ ᠬᠦᠴᠦᠨ ᠪᠣᠯᠣᠨ ᠤᠶᠤᠨ ᠰᠠᠨᠠᠭᠠᠨ ᠤ ᠬᠥᠳᠡᠯᠭᠡᠬᠦ ᠬᠦᠴᠦᠨ ᠢ | ᠴᠢᠨᠠᠭᠰᠢᠳᠠ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠴᠢᠳᠠᠨ᠎ᠠ᠃ | ︵ᠵᠣᠬᠢᠶᠠᠭᠴᠢ᠄ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠲᠡᠦᠬᠡ ᠰᠤᠳᠤᠯᠬᠤ ᠭᠠᠵᠠᠷ ᠤᠨ ᠡᠷᠲᠡᠨ ᠤ | ᠰᠣᠶᠣᠯ ᠤᠨ ᠲᠡᠦᠬᠡ ᠰᠤᠳᠤᠯᠬᠤ ᠲᠠᠰᠤᠭ ᠤᠨ ᠡᠷᠭᠢᠯᠡᠭᠴᠢ︶ |