ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/14
      3 ᠳ᠋ᠤᠭᠠᠷ ᠰᠠᠷ᠎ᠠ ᠶᠢᠨ 10 ᠳᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠤ ᠶᠢᠨ ᠲᠦᠯᠦᠭᠡᠯᠡᠭᠴᠢᠳ ᠤᠨ ᠪᠦᠯᠬᠦᠮ᠂ ᠴᠢᠯᠦᠭᠡᠯᠡᠬᠦ ᠴᠡᠷᠢᠭ ᠪᠠ ᠵᠡᠪᠰᠡᠭᠳᠦ ᠴᠠᠭᠳᠠᠭᠠᠨ ᠤ ᠴᠡᠷᠢᠭ ᠠᠩᠭᠢ ᠶᠢᠨ ᠲᠦᠯᠦᠭᠡᠯᠡᠭᠴᠢᠳ ᠤᠨ ᠪᠦᠯᠬᠦᠮ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠳᠤ ᠤᠷᠤᠯᠴᠠᠭᠰᠠᠨ ᠠᠷᠠᠳᠴᠢᠯᠠᠭᠰᠠᠨ ᠬᠤᠯᠪᠤᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠦᠮᠦᠵᠢᠯ ᠤᠨ ᠡᠲᠡᠭᠡᠳ ᠤᠨ ᠬᠡᠰᠢᠭᠦᠳ ᠵᠢᠴᠢ ᠬᠠᠮᠳᠤᠷᠠᠭᠰᠠᠨ ᠳᠤᠭᠤᠶᠢᠯᠠᠩ ᠤᠨ ᠬᠤᠷᠠᠯ ᠳᠤ ᠤᠷᠤᠯᠴᠠᠭᠰᠠᠨ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠯᠤᠰ ᠪᠣᠯᠤᠨ ᠴᠡᠷᠢᠭ ᠠᠩᠬᠢ ᠶᠢᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠣᠳᠣᠷᠬᠠᠢ ᠱᠠᠭᠠᠷᠳᠠᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠶᠡᠬᠡᠪᠡᠷ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ᠭᠠᠵᠠᠷ ᠣᠷᠣᠨ ᠤ ᠳᠠᠪᠠᠭᠤᠯᠢᠭ ᠤᠨᠴᠠᠯᠢᠭᠳᠤ ᠭᠤᠣᠯᠯᠠᠬᠤ ᠠᠵᠤ ᠦᠢᠯᠡᠰ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠨᠡᠬᠡᠬᠡᠯᠳᠡ ᠶᠢ ᠥᠷᠭᠡᠳᠬᠡᠵᠦ᠂ ᠳᠣᠲᠣᠭᠠᠳᠤ ᠭᠠᠳᠠᠭᠠᠳᠤ ᠨᠡᠬᠡᠬᠡᠯᠳᠡ ᠶᠢ ᠤᠶᠠᠯᠳᠤᠭᠤᠯᠬᠤ ᠳᠤᠮᠳᠠ ᠠᠴᠠ ᠭᠠᠵᠠᠷ ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠵᠡᠷᠭᠡ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠂ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠩ ᠶᠡᠭᠡ ᠡᠷᠴᠢᠮ ᠲᠠᠢ ᠨᠡᠮᠡᠭᠳᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠪᠣᠳᠠᠲᠠᠢ ᠰᠠᠶᠢᠲᠤᠷ ᠬᠢᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠬᠤ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ ︽ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾᠂ ︽ᠬᠤᠳᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾᠂ ︽ᠬᠤᠳᠠ ᠶᠢᠨ ᠨᠠᠮ ᠤᠨ ᠬᠤᠷᠢᠶ᠎ᠠ ᠶᠢᠨ 2025 ᠣᠨ ᠤ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ︾᠂ ︽ᠲᠦᠩᠯᠢᠶᠣᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠠᠵᠢᠯᠯᠠᠭᠠᠨ ᠤ ᠲᠥᠰᠦᠯ︾᠂ ︽ᠲᠦᠩᠯᠢᠶᠣᠤ ᠬᠤᠳᠠ ᠶᠢᠨ 2025 ᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠭᠦᠷᠭᠡ ᠶᠢᠨ ᠨᠠᠷᠢᠨ ᠲᠠᠩᠰᠠ︾᠂ ︽ᠲᠦᠩᠯᠢᠶᠣᠤ ᠬᠤᠳᠠ ᠶᠢᠨ 2025 ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ