︽ᠵᠠᠰᠠᠭ ᠤᠨ ᠣᠷᠳᠣᠨ ᠤ ᠨᠡᠭᠡᠭᠡᠯᠲᠡᠲᠦ ᠡᠳᠦᠷ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠶᠠᠷᠢᠯᠴᠠᠨ ᠰᠣᠯᠢᠯᠴᠠᠪᠠ
ᠨᠡᠶᠢᠲᠡᠯᠡᠭᠰᠡᠨ ᠴᠠᠭ᠄
2025/3/14
      ᠵᠠᠰᠠᠭ ᠤᠨ ᠣᠷᠳᠣᠨ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠵᠢᠯ ᠤᠨ ᠢᠯᠡ ᠲᠣᠳᠣ ᠶᠢᠨ ᠬᠡᠮᠵᠢᠶ᠎ᠡ᠂ ᠨᠡᠭᠡᠭᠡᠯᠲᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠠᠵᠢᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ‌‍ᠲ᠋ᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 11 ᠳᠤ᠂ ︽ᠵᠠᠰᠠᠭ ᠤᠨ ᠣᠷᠳᠣᠨ ᠤ ᠨᠡᠭᠡᠭᠡᠯᠲᠡᠲᠦ ᠡᠳᠦᠷ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠶᠠᠷᠢᠯᠴᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠭᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠪᠦᠦ ᠯᠢ ᠴᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠢᠴᠢ ᠬᠢᠨᠠᠨ ᠵᠥᠪᠰᠢᠶᠡᠷᠡᠬᠦ ᠲᠢᠩᠬᠢᠮ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ︽ᠵᠠᠰᠠᠭ ᠠᠵᠤ ᠠᠬᠤᠶᠢᠯᠠᠯ ᠨᠢᠭᠤᠷᠲᠠᠨ ᠰᠡᠳᠬᠢᠯ ᠰᠠᠨᠠᠭ᠎ᠠ ᠪᠠᠨ ᠰᠣᠯᠢᠯᠴᠠᠮᠤᠢ︾ ᠬᠡᠮᠡᠬᠦ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠨᠢᠭᠤᠷᠳᠠᠨ ᠶᠠᠷᠢᠯᠴᠠᠬᠤ ᠪᠠᠷ ᠳᠠᠮᠵᠢᠭᠤᠯᠵᠤ᠂ ᠤᠢᠢᠷ᠎ᠠ ᠶᠢᠨ ᠵᠢᠯ ᠠᠴᠠ ᠨᠠᠰᠢᠬᠢ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠤᠪᠢᠷᠠᠯᠲᠠ ᠶᠢᠨ ᠲᠤᠬᠠᠢ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃      ᠬᠤᠷᠠᠯ ᠳᠡᠭᠡᠷ᠎ᠡ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠳᠡᠮᠵᠢᠬᠦ ᠪᠣᠯ ᠨᠠᠮ ᠤᠨ ᠲᠥᠪ ᠬᠤᠷᠢᠶᠠᠨ ᠤ ᠢᠮᠠᠭᠲᠠ ᠶᠢᠨ ᠴᠢᠭᠯᠡᠯᠲᠡ ᠮᠥᠨ᠃ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠯᠦᠭᠡ ᠶᠢᠨ ᠪᠠᠶᠢᠩᠭᠤ ᠶᠢᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠵᠥᠪᠳᠡᠯᠴᠡᠨ ᠰᠤᠳᠤᠯᠤᠨ ᠮᠠᠭᠠᠳᠯᠠᠬᠤ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠶᠡᠬᠡᠪᠡᠷ ᠠᠬᠢᠭᠤᠯᠵᠤ᠂ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ᠂ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ ᠢᠳᠡᠪᠬᠢᠲᠡᠢ ᠣᠷᠣᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ