ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠲᠦᠩᠯᠢᠶᠣᠤ ᠬᠤᠲᠠ ᠶᠢᠨ 2025 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠣᠣᠱᠯᠠᠭᠤᠯᠤᠨ ᠨᠠᠶᠢᠳᠠᠪᠤᠷᠢᠵᠢᠭᠤᠯᠲᠤᠭᠠᠶ᠃ | | | | 2025 ᠣᠨ ᠤ 2 ᠳ᠋ᠤᠭᠠᠷ ᠰᠠᠷ᠎ᠠ ᠶᠢᠨ 27 | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ | | | | | ᠲᠦᠩᠯᠢᠶᠣᠤ ᠬᠤᠲᠠ ᠶᠢᠨ 2025 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | | | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ | ᠤᠰᠤ ᠠᠷᠪᠢᠯᠠᠵᠤ ᠣᠰᠣᠨ ᠤ ᠡᠬᠢ ᠪᠠᠶᠠᠯᠢᠭ ᠢ ᠬᠠᠮᠠᠭᠠᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠰᠤ ᠠᠷᠪᠢᠯᠠᠬᠤ ᠠᠵᠢᠯ ᠤᠨ | ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠨᠡᠶᠢᠭᠡᠮ ᠤᠨ ᠤᠰᠤ ᠠᠷᠪᠢᠯᠠᠬᠤ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠤᠰᠤᠨ ᠤ ᠡᠬᠢ | ᠪᠠᠶᠠᠯᠢᠭ ᠳᠤᠲᠠᠭᠳᠠᠬᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠶᠢᠨ ᠲᠤᠰᠠᠳᠠ᠂ ᠪᠥᠬᠦ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠠᠵᠢᠯ ᠤᠨ ᠭᠤᠤᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ | ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠭᠦᠨᠵᠡᠭᠡᠢ ᠦᠢᠯᠡᠳᠦᠯᠭᠡᠵᠢᠭᠦᠯᠵᠦ᠂ | ᠶᠡᠷᠦᠩᠬᠡᠢ ᠬᠡᠮᠵᠢᠶ᠎ᠡ ᠶᠢ ᠡᠵᠡᠮᠳᠡᠬᠦ᠂ ᠠᠵᠢᠯ ᠲᠦᠷᠦᠯ ᠢ ᠡᠵᠡᠮᠳᠡᠬᠦ᠂ ᠲᠣᠭᠲᠠᠭᠰᠠᠨ ᠨᠤᠷᠮ᠎ᠠ ᠶᠢ ᠡᠵᠡᠮᠳᠡᠬᠦ ᠶᠢ ᠪᠠᠷᠢᠮᠲᠠᠯᠠᠵᠤ᠂ ᠪᠦᠬᠦ ᠨᠡᠶᠢᠭᠡᠮ ᠤᠨ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠲᠦᠷᠢᠮ᠂ ᠲᠦᠷᠦ ᠶᠢᠨ ᠪᠤᠳᠤᠯᠭ᠎ᠠ᠂ ᠮᠡᠷᠭᠡᠵᠢᠯ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠶᠡᠬᠡᠪᠡᠷ | ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ᠂ ᠠᠮᠢ ᠠᠬᠤᠢ ᠶᠢᠨ ᠪᠦᠬᠦ ᠶᠠᠪᠤᠴᠠ ᠳᠤ ᠬᠡᠷᠡᠭᠯᠡᠬᠦ ᠤᠰᠤ ᠶᠢ ᠠᠷᠪᠢᠯᠠᠬᠤ ᠶᠢ ᠲᠦᠷᠭᠡᠳᠬᠡᠨ | ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠪᠦᠬᠦ ᠬᠤᠳᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤᠨ ᠤ ᠠᠶᠤᠯᠭᠦᠢ ᠶᠢᠨ ᠪᠠᠲᠤᠯᠠᠭ᠎ᠠ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠭᠤᠣᠯ ᠤᠳᠤᠷᠢᠳᠴᠤ᠂ ᠰᠠᠯᠠᠭ᠎ᠠ ᠮᠥᠴᠢᠷ ᠬᠠᠮᠵᠢᠯᠴᠠᠨ᠎ᠠ᠃ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠤᠰᠤ | ᠠᠷᠪᠢᠯᠠᠬᠤ ᠶᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠬᠤᠲᠠ ᠶᠢᠨ ᠠᠵᠢᠯᠯᠠᠭᠠᠨ ᠢ ᠬᠠᠮᠢᠶᠠᠷᠬᠤ ᠳᠤ | ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠵᠤ᠂ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠶ᠃ | ︵ᠬᠤᠶᠠᠷ︶ ᠪᠦᠬᠦᠯᠢ ᠴᠣᠭᠴᠠ ᠪᠠᠷ ᠨᠢ ᠠᠬᠢᠭᠤᠯᠵᠤ᠂ ᠭᠤᠤᠯᠳᠠᠯᠭ᠎ᠠ ᠲᠠᠢ ᠰᠢᠪᠲᠤᠯᠤᠯᠲᠠ ᠬᠢᠨ᠎ᠡ᠃ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ | ᠡᠯ᠎ᠡ ᠭᠠᠵᠠᠷ ᠡᠯ᠎ᠡ ᠬᠦᠷᠢᠶᠡᠨ ᠳᠤ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠳᠣᠤᠷᠠᠬᠢ | ᠤᠰᠤ ᠶᠢ ᠬᠡᠲᠦᠷᠡᠲᠡᠯ᠎ᠡ ᠲᠠᠲᠠᠬᠤ᠂ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠬᠡᠪᠴᠢᠶ᠎ᠡ ᠶᠢ ᠥᠷᠭᠡᠳᠬᠡᠵᠦ᠂ | ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠲᠦᠭᠡᠮᠡᠯᠵᠢᠭᠦᠯᠦᠨ᠂ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠤᠨ᠎ᠠ᠃ | ︵ᠭᠤᠷᠪᠠ︶ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ | ᠠᠵᠢᠯ ᠲᠥᠷᠥᠯ ᠢ ᠡᠵᠡᠮᠳᠡᠬᠦ᠂ ᠲᠣᠭᠲᠠᠭᠰᠠᠨ ᠨᠣᠷᠮ᠎ᠠ ᠶᠢ ᠬᠢᠵᠠᠭᠠᠷᠯᠠᠬᠤ︾ ᠵᠡᠷᠭᠡ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠬᠦ ᠶᠢ ᠪᠠᠷᠢᠮᠲᠠᠯᠠᠵᠤ᠂ ᠤᠰᠤ | ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠬᠢᠷᠠᠯ ᠢ ᠪᠠᠭᠠᠰᠬᠠᠬᠤ᠂ ᠤᠰᠤ ᠶᠢ ᠠᠰᠢᠭᠯᠠᠬᠤ ᠶᠢ | ᠲᠠᠷᠢᠶᠠᠯᠠᠩ᠂ ᠠᠵᠤ ᠦᠢᠯᠡᠳᠪᠦᠷᠢ᠂ ᠦᠢᠯᠡᠳᠪᠦᠷᠢᠯᠡᠯ ᠠᠮᠢᠳᠤᠷᠠᠯ ᠤᠨ ᠬᠡᠷᠡᠭᠯᠡᠬᠦ ᠤᠰᠤᠨ ᠤ ᠪᠦᠬᠦ ᠶᠠᠪᠤᠴᠠ ᠳᠤ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠰᠢᠨᠵᠢᠯᠡᠭᠡ ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠠᠵᠤ ᠦᠢᠯᠡᠰ ᠢ ᠪᠤᠶᠢᠵᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠬᠤ | ᠦᠢᠯᠡᠳᠦᠯ ᠢ ᠴᠢᠩᠭᠠᠷᠠᠭᠤᠯᠤᠨ᠂ ᠲᠡᠷᠢᠭᠦᠨ ᠤ ᠤᠰᠤ ᠠᠷᠪᠢᠯᠠᠬᠤ ᠮᠡᠷᠭᠡᠵᠢᠯ ᠬᠢᠭᠡᠳ ᠤᠷᠠᠨ ᠳᠠᠷᠬ᠎ᠠ ᠶᠢ ᠳᠡᠯᠭᠡᠷᠡᠭᠦᠯᠵᠦ᠂ ᠦᠷ᠎ᠡ ᠪᠦᠲᠦᠭᠡᠯ ᠢ ᠬᠤᠪᠢᠷᠠᠭᠤᠯᠬᠤ | ᠠᠯᠬᠤᠴᠠ ᠶᠢ ᠲᠦᠷᠭᠡᠳᠬᠡᠨ᠂ ᠤᠰᠤ ᠠᠷᠪᠢᠯᠠᠬᠤ ᠮᠡᠷᠭᠡᠵᠢᠯ ᠲᠣᠨᠣᠭᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠵᠢᠴᠢ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ᠃ | ︵ᠲᠠᠪᠤ︶ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠴᠤ᠂ ᠬᠤᠶᠠᠷ ᠲᠠᠯ᠎ᠠ ᠪᠠᠷ ᠬᠦᠴᠦᠯᠡᠨ᠎ᠠ᠃ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡ ᠲᠠᠯ᠎ᠠ ᠪᠠᠷ ᠭᠠᠵᠠᠷ ᠳᠣᠤᠷᠠᠬᠢ ᠤᠰᠤ ᠶᠢ ᠠᠷᠪᠢᠯᠠᠵᠤ | ᠠᠰᠢᠭᠯᠠᠬᠤ ᠶᠢ ᠠᠳᠬᠤᠨ᠂ ᠨᠥᠭᠦᠭᠡ ᠲᠠᠯ᠎ᠠ ᠪᠠᠷ ᠭᠠᠳᠠᠨ᠎ᠠ ᠠᠴᠠ ᠤᠰᠤ ᠲᠠᠲᠠᠬᠤ ᠶᠢ ᠪᠦᠲᠦᠮᠵᠢᠲᠡᠶ ᠨᠥᠬᠦᠪᠥᠷᠢᠯᠡᠬᠦ ᠶᠢ ᠠᠳᠬᠤᠵᠤ᠂ ᠤᠰᠤ ᠠᠷᠪᠢᠯᠠᠬᠤ | ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠶ᠃ | ᠭᠤᠷᠪᠠ᠂ ᠠᠵᠢᠯ ᠤᠨ ᠬᠠᠷᠠᠯᠲᠠ | 2025 ᠣᠨ ᠤ ᠡᠴᠦᠰ ᠪᠣᠯᠬᠤ ᠳᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ | ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠤᠰᠤ ᠠᠷᠪᠢᠯᠠᠬᠤ | ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠤᠨ᠎ᠠ︔ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 26.81 ᠳ᠋ᠦᠩᠰᠢᠭᠤᠷ ᠺᠦᠪ ᠮᠧᠲᠷ ᠤᠨ | ᠳᠣᠲᠣᠷ᠎ᠠ ᠬᠢᠵᠠᠭᠠᠷᠯᠠᠵᠤ᠂ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 0.68 ᠳ᠋ᠦᠩᠰᠢᠭᠤᠷ ᠺᠦᠪ ᠮᠧᠲᠷ ᠠᠴᠠ ᠳᠡᠭᠡᠭᠰᠢ | ᠬᠦᠷᠦᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 1.3 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠲᠦᠮᠡᠨ | ᠲᠥᠭᠦᠷᠢᠭ ᠪᠦᠷᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ | ᠪᠦᠷᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 20% ᠪᠠ 13.5% ᠠᠴᠠ | ᠳᠡᠭᠡᠭᠰᠢ ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.69 ᠠᠴᠠ ᠳᠡᠭᠡᠭᠰᠢ | ᠬᠦᠷᠦᠭᠦᠯᠵᠦ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠬᠤ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠤᠰᠤᠨ ᠤ ᠡᠬᠢ ᠪᠠᠶᠠᠯᠢᠭ ᠤᠨ ᠬᠠᠳᠠᠭᠤ ᠬᠢᠵᠠᠭᠠᠷᠯᠠᠯ ᠢ ᠴᠢᠩᠭᠠᠳᠬᠠᠨ᠎ᠠ | 1. ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠦᠨᠳᠦᠰᠦᠯᠡᠨ᠂ ᠬᠤᠰᠢᠭᠤ ᠰᠢᠶᠠᠨ ᠬᠤᠲᠠ | ᠲᠣᠭᠤᠷᠢᠭ ᠤᠨ ᠤᠰᠤᠨ ᠤ ᠬᠡᠮᠵᠢᠶ᠎ᠡ ᠶᠢᠨ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠶᠢ ᠲᠦᠷᠭᠡᠳᠬᠡᠬᠦ ᠬᠡᠷᠡᠭᠲᠡᠶ᠃ ᠬᠤᠰᠢᠭᠤ ᠰᠢᠶᠠᠨ ᠬᠤᠲᠠ ᠲᠣᠭᠤᠷᠢᠭ ᠤᠰᠤ | ᠬᠤᠪᠢᠶᠠᠬᠤ ᠭᠦᠢᠴᠡᠳᠬᠡᠯ ᠲᠤᠭ᠎ᠠ ᠶᠢ ᠦᠨᠳᠦᠰᠦᠯᠡᠨ᠂ ᠦᠨᠳᠦᠰᠦᠨ ᠤᠰᠤ ᠬᠡᠷᠡᠭᠯᠡᠬᠦ ᠡᠷᠦᠬᠡ ᠪᠠ ᠤᠰᠤ ᠬᠡᠷᠡᠭᠯᠡᠬᠦ ᠨᠢᠭᠡᠴᠡ ᠳᠤ ᠨᠠᠷᠢᠯᠢᠬᠵᠢᠭᠤᠯᠤᠨ ᠵᠠᠳᠠᠯᠤᠨ᠎ᠠ᠃ | 2025 ᠣᠨ ᠳᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 26.81 ᠳ᠋ᠦᠩᠰᠢᠭᠤᠷ ᠺᠦᠪ ᠮᠧᠲᠷ ᠢᠶᠠᠷ ᠬᠢᠵᠠᠭᠠᠷᠯᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ | ᠲᠥᠷᠥᠯ ᠤᠨ ᠤᠰᠤ ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠲᠦᠮᠡᠨ ᠲᠥᠭᠦᠷᠢᠭ ᠪᠦᠷᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ ᠪᠦᠷᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠶᠢ 2020 ᠣᠨ ᠤ ᠬᠢ ᠠᠴᠠ 20% ᠪᠠ 13.5% ᠠᠴᠠ ᠳᠡᠭᠡᠭᠰᠢ ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ | ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.69% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ | ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 2. ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠪᠠᠷᠠᠭᠤᠨ ᠯᠢᠶᠣᠤ ᠾᠧ ᠭᠤᠤᠯ ᠤᠨ ᠣᠷᠣᠨ | ᠪᠦᠰᠡ ᠶᠢᠨ ᠳᠣᠲᠣᠷᠠᠬᠢ ᠤᠰᠤᠨ ᠤ ᠬᠡᠮᠵᠢᠶ᠎ᠡ ᠨᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠠᠴᠠ ᠬᠡᠲᠦᠷᠡᠭᠰᠡᠨ ᠬᠤᠷᠴᠢᠨ ᠲᠣᠭᠤᠷᠢᠭ᠂ ᠨᠡᠭᠡᠭᠡᠯᠲᠡ ᠶᠢᠨ | ᠲᠣᠭᠤᠷᠢᠭ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠺᠠᠶᠢᠯᠦ ᠰᠢᠶᠠᠨ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠨ ᠤᠰᠤᠨ ᠤ ᠭᠦᠢᠴᠡᠳᠬᠡᠯ | ᠲᠤᠭ᠎ᠠ ᠣᠯᠤᠭᠰᠠᠨ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠭᠠᠵᠠᠷ ᠳᠣᠤᠷᠠᠬᠢ ᠤᠰᠤ ᠶᠢ ᠰᠢᠨ᠎ᠡ ᠪᠠᠷ ᠲᠠᠲᠠᠵᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠᠨ ᠴᠥᠮ | ᠲᠦᠷ ᠵᠣᠭᠰᠣᠭᠠᠨ᠎ᠠ᠃ ᠤᠰᠤ ᠠᠪᠬᠤ ᠵᠥᠪᠰᠢᠶᠡᠷᠡᠯ ᠢ ᠬᠢᠨᠠᠨ ᠬᠠᠮᠢᠶᠠᠷᠬᠤ ᠪᠠᠨ ᠴᠢᠩᠭᠠᠷᠠᠭᠤᠯᠵᠤ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠤᠰᠤ ᠠᠪᠤᠭᠰᠠᠨ | ᠂ ᠲᠣᠭᠲᠠᠭᠰᠠᠨ ᠨᠥᠬᠦᠴᠡᠯ ᠢᠶᠠᠷ ᠤᠰᠤ ᠠᠪᠤᠭᠰᠠᠨ ᠦᠭᠡᠶ᠂ ᠴᠣᠬᠤᠯᠠᠪᠤᠷᠢᠯᠠᠭᠰᠠᠨ ᠠᠴᠠ ᠳᠠᠪᠠᠭᠤᠯᠤᠨ ᠲᠥᠯᠥᠪᠯᠡᠭᠡ ᠠᠴᠠ ᠳᠠᠪᠠᠭᠤᠯᠤᠨ ᠤᠰᠤ ᠠᠪᠤᠭᠰᠠᠨ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 3. ᠭᠤᠤᠯᠳᠠᠯᠭ᠎ᠠ ᠲᠠᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠤᠰᠤᠨ ᠤ ᠡᠬᠢ ᠪᠠᠶᠠᠯᠢᠭ ᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠢ ᠬᠢᠨᠠᠨ | ᠵᠥᠪᠰᠢᠶᠡᠷᠡᠬᠦ ᠭᠤᠭᠴᠤᠭ᠎ᠠ ᠳᠤ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠡᠷᠬᠡᠪᠰᠢ ᠠᠵᠢᠯ | ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ᠃ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠤ ᠦᠢᠯᠡᠳᠪᠦᠷᠢ ᠪᠣᠯᠤᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠤᠨ ᠤᠰᠤ ᠬᠡᠷᠡᠭᠯᠡᠬᠦ ᠬᠢᠷᠢ | ᠬᠡᠮᠵᠢᠶ᠎ᠡ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠬᠡᠮᠵᠢᠭᠳᠡᠯ ᠠᠴᠠ | ᠳᠣᠤᠷ᠎ᠠ ᠦᠭᠡᠶ ᠪᠠᠶᠢᠬᠤ ᠬᠡᠷᠡᠭᠲᠡᠶ︔ ᠲᠡᠷᠢᠭᠦᠨ ᠤ ᠬᠡᠮᠵᠢᠭᠳᠡᠯ ᠢ ᠬᠠᠷᠠᠬᠠᠨ ᠲᠣᠭᠲᠠᠭᠠᠭᠠᠳᠤᠶ ᠪᠣᠯ ᠨᠡᠶᠢᠳᠡᠮ ᠬᠡᠷᠡᠭᠯᠡᠬᠦ ᠤᠰᠤ ᠬᠡᠷᠡᠭᠯᠡᠬᠦ ᠲᠣᠭᠲᠠᠭᠰᠠᠨ ᠨᠣᠷᠮ᠎ᠠ ᠠᠴᠠ | ᠳᠣᠤᠷ᠎ᠠ ᠦᠭᠡᠶ ᠪᠠᠶᠢᠬᠤ ᠬᠡᠷᠡᠭᠲᠡᠶ᠃ ᠤᠰᠤ ᠬᠡᠷᠡᠭᠯᠡᠬᠦ ᠬᠢᠷᠢ ᠬᠡᠮᠵᠢᠶ᠎ᠡ ᠨᠢ ᠨᠡᠶᠢᠳᠡᠮ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠳᠣᠤᠷ᠎ᠠ ᠪᠠᠶᠢᠬᠤ ᠠᠵᠤ | ᠦᠢᠯᠡᠳᠪᠦᠷᠢ ᠪᠣᠯᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠬᠤᠭᠤᠴᠠᠭ᠎ᠠ ᠬᠢᠵᠠᠭᠠᠷᠯᠠᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ | ᠬᠡᠷᠡᠭᠲᠡᠶ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠤᠰᠤ ᠠᠷᠪᠢᠯᠠᠬᠤ ᠶᠢ ᠦᠨᠡᠯᠡᠬᠦ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠤᠰᠤ ᠠᠷᠪᠢᠯᠠᠬᠤ ᠳᠤ | ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠲᠠᠯ᠎ᠠ ᠪᠠᠷ ᠬᠢ ᠬᠡᠷᠡᠭᠯᠡᠯᠲᠡ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 4. ᠬᠢᠨᠠᠨ ᠬᠡᠮᠵᠢᠵᠦ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠤᠭᠰᠠᠷᠠᠪᠠᠯ ᠵᠣᠬᠢᠬᠤ ᠶᠢ ᠨᠢ ᠴᠥᠮ ᠤᠭᠰᠠᠷᠠᠵᠤ᠂ | ᠪᠠᠶᠢᠴᠠᠭᠠᠪᠠᠯ ᠵᠣᠬᠢᠬᠤ ᠶᠢ ᠨᠢ ᠴᠥᠮ ᠪᠠᠶᠢᠴᠠᠭᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ 2025 ᠣᠨ ᠤ ᠠᠵᠤ ᠦᠢᠯᠡᠳᠪᠦᠷᠢ᠂ ᠠᠮᠢᠳᠤᠷᠠᠯ᠂ | ᠦᠢᠯᠡᠴᠢᠯᠡᠭᠡᠨ ᠤ ᠦᠢᠯᠡᠰ ᠤᠨ ᠤᠰᠤ ᠲᠠᠲᠠᠬᠤ ᠳᠤ ᠬᠡᠮᠵᠢᠯᠲᠡ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠡᠭᠦᠨ ᠳᠤ᠂ ᠵᠢᠯ ᠤᠨ ᠵᠥᠪᠰᠢᠶᠡᠷᠡᠯ ᠤᠨ | ᠤᠰᠤᠨ ᠤ ᠬᠡᠮᠵᠢᠶ᠎ᠡ ᠨᠢ 50 ᠲᠦᠮᠡᠨ ᠺᠦᠪ ᠮᠧᠲᠷ ᠠᠴᠠ ᠳᠡᠭᠡᠭᠰᠢᠬᠢ ᠭᠠᠵᠠᠷ ᠤᠨ ᠭᠠᠳᠠᠷᠭᠤ ᠶᠢᠨ ᠤᠰᠤ ᠶᠢ ᠲᠠᠲᠠᠬᠤ ᠬᠡᠮᠵᠢᠶ᠎ᠡ ᠂ 5 ᠲᠦᠮᠡᠨ ᠺᠦᠪ ᠮᠧᠲᠷ ᠠᠴᠠ | ᠳᠡᠭᠡᠭᠰᠢᠬᠢ ᠭᠠᠵᠠᠷ ᠳᠣᠣᠷᠠᠬᠢ ᠤᠰᠤ ᠶᠢ ᠲᠠᠲᠠᠬᠤ ᠬᠡᠮᠵᠢᠶ᠎ᠡ ᠶᠢ ᠴᠥᠮ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠦᠨ᠎ᠡ᠃ ᠭᠠᠵᠠᠷ ᠤᠨ ᠭᠠᠳᠠᠷᠭᠤ ᠶᠢᠨ ᠤᠰᠤᠨ ᠤ | ᠤᠰᠤᠯᠠᠯᠲᠠ ᠶᠢᠨ ᠣᠷᠣᠨ 1 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ ᠤᠰᠤ ᠠᠪᠬᠤ ᠬᠡᠮᠵᠢᠯᠲᠡ ᠶᠢᠨ ᠪᠦᠬᠦᠨ ᠢ ᠬᠠᠮᠤᠷᠬᠤ ᠶᠢ ᠪᠡᠶᠡᠯᠡᠭᠦᠯᠵᠦ᠂ | ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ᠂ ᠬᠤᠳᠳᠤᠭ᠂ ᠴᠠᠬᠢᠯᠭᠠᠨ ᠤ ᠲᠥᠬᠦᠭᠡᠷᠦᠮᠵᠢ ᠳᠤ ᠴᠥᠮ ᠬᠡᠮᠵᠢᠬᠦ ᠲᠥᠬᠦᠭᠡᠷᠦᠮᠵᠢ | ᠤᠭᠰᠠᠷᠠᠵᠤ᠂ ᠠᠯᠤᠰ ᠠᠴᠠ ᠬᠢᠨᠠᠨ ᠬᠡᠮᠵᠢᠬᠦ ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 5. ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠤ ᠵᠠᠰᠠᠯᠲᠠ ᠶᠢ ᠴᠢᠩᠭᠠᠷᠠᠭᠤᠯᠤᠨ᠎ᠠ᠃ ᠬᠤᠷᠴᠢᠨ ᠲᠣᠭᠤᠷᠢᠭ ᠤᠨ ᠬᠡᠲᠦᠷᠡᠲᠡᠯ᠎ᠡ | ᠮᠠᠯᠲᠠᠭᠰᠠᠨ ᠣᠷᠣᠨ ᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 50 | ᠲᠦᠮᠡᠨ ᠮᠦ ᠠᠴᠠ ᠳᠡᠭᠡᠭᠰᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠷᠠᠭᠤᠨ ᠯᠢᠶᠣᠤ ᠾᠧ ᠭᠤᠣᠯ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ᠂ | ᠦᠯᠵᠡᠶᠢᠮᠥ᠋ᠷᠡᠨ ᠤ ᠤᠰᠤ ᠶᠢ ᠲᠠᠲᠠᠵᠤ ᠲᠥᠩᠯᠢᠶᠣᠣ ᠳᠤ ᠣᠷᠣᠭᠤᠯᠬᠤ ᠢᠨᠵᠧᠨᠧᠷᠢᠩ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ | ᠣᠷᠣᠭᠤᠯᠬᠤ ᠢᠨᠵᠧᠨᠧᠷᠢᠩ ᠢ ᠠᠰᠢᠭᠯᠠᠵᠤ ᠵᠢᠯ ᠳᠤ 1.2 ᠳ᠋ᠦᠩᠰᠢᠭᠤᠷ ᠺᠦᠪ ᠮᠧᠲᠷ ᠠᠴᠠ ᠳᠡᠭᠡᠭᠰᠢ ᠭᠠᠵᠠᠷ ᠳᠣᠣᠷᠠᠬᠢ ᠤᠰᠤ ᠶᠢ ᠡᠭᠡᠭᠦᠯᠦᠨ ᠨᠥᠬᠦᠪᠦᠷᠢᠯᠡᠵᠦ᠂ | ᠴᠥᠭᠦᠷᠥᠮ ᠵᠢᠴᠢ ᠭᠤᠣᠯ ᠤᠨ ᠵᠠᠮ ᠳᠠᠬᠢ ᠤᠰᠤᠯᠠᠯᠲᠠ ᠶᠢᠨ ᠲᠠᠯᠠᠪᠠᠢ ᠶᠢ 6 ᠲᠦᠮᠡᠨ ᠮᠦ ᠠᠴᠠ ᠳᠡᠭᠡᠭᠰᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ | 2025 ᠣᠨ ᠤ ᠰᠡᠭᠦᠯᠴᠢ ᠠᠴᠠ ᠡᠮᠦᠨ᠎ᠡ ᠲᠠᠲᠠᠬᠤ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠣᠯᠭᠠᠵᠤ᠂ ᠤᠰᠤᠨ ᠲᠦᠪᠰᠢᠨ ᠢ ᠬᠢᠵᠠᠭᠠᠷᠯᠠᠵᠤ ᠪᠦᠬᠦᠢ ᠤᠰᠤᠨ | ᠲᠦᠪᠰᠢᠨ ᠠᠴᠠ ᠳᠡᠭᠡᠭᠰᠢ ᠬᠦᠷᠦᠭᠦᠯᠬᠦ ᠶᠢᠨ ᠬᠠᠮᠲᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠪᠠᠷᠠᠭᠤᠨ ᠯᠢᠶᠣᠤ ᠾᠧ | ᠭᠤᠣᠯ ᠤᠨ ᠰᠠᠪᠠ ᠭᠠᠵᠠᠷ ᠤᠨ ᠬᠡᠲᠦᠷᠡᠲᠡᠯ᠎ᠡ ᠲᠠᠲᠠᠭᠰᠠᠨ ᠣᠷᠣᠨ ᠤ ᠬᠤᠪᠢᠶᠠᠷᠢᠯᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠬᠤᠰᠢᠭᠤ | ᠰᠢᠶᠠᠨ ︽ᠨᠢᠭᠡ ᠣᠷᠣᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠵᠠᠰᠠᠯᠲᠠ ᠶᠢᠨ ᠲᠥᠰᠦᠯ ᠢ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ | ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠪᠠᠷᠠᠭᠤᠨ ᠯᠢᠶᠣᠤ ᠾᠧ ᠭᠤᠣᠯ ᠤᠨ ᠪᠥᠬᠦ ᠱᠤᠭᠤᠮ ᠢᠶᠠᠷ ᠤᠷᠤᠰᠬᠠᠯ ᠲᠠᠢ ᠪᠣᠯᠵᠤ᠂ ᠠᠮᠢ ᠠᠬᠤᠢ ᠶᠢᠨ | ᠰᠡᠷᠭᠦᠯᠲᠡ ᠶᠢᠨ ᠡᠷᠴᠢᠮ ᠢ ᠴᠢᠩᠭᠠᠷᠠᠭᠤᠯᠤᠨ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ᠂ ᠥᠪᠥᠷ ᠮᠣᠩᠭᠤᠯ ᠤᠨ ᠣᠰᠣᠨ ᠬᠠᠩᠭᠠᠯᠲᠠ ᠶᠢᠨ ᠲᠦᠩᠯᠢᠶᠣᠤ ᠶᠢᠨ ᠰᠠᠯᠪᠤᠷᠢ ᠱᠤᠭᠤᠮ ᠤᠨ ᠢᠨᠵᠧᠨᠧᠷᠢᠩ ᠪᠠ ᠠᠵᠤ ᠦᠢᠯᠡᠳᠪᠦᠷᠢ᠂ | ᠠᠮᠢᠳᠤᠷᠠᠯ ᠳᠤ ᠬᠡᠷᠡᠭᠯᠡᠬᠦ ᠤᠰᠤ ᠶᠢ ᠰᠣᠯᠢᠬᠤ ᠢᠨᠵᠧᠨᠧᠷᠢᠩ ᠢ ᠲᠦᠷᠭᠡᠳᠬᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ | ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ 2030 ᠣᠨ ᠠᠴᠠ ᠡᠮᠦᠨ᠎ᠡ ᠭᠠᠵᠠᠷ ᠳᠣᠣᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ | ᠲᠣᠭᠲᠠᠪᠤᠷᠢᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ | 6. ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢ | ᠴᠢᠩᠭᠠᠳᠬᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠡᠬᠡ ᠳᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠭᠠᠵᠠᠷ ᠰᠢᠷᠣᠶ ᠶᠢᠨ ᠡᠷᠬᠡ ᠶᠢᠨ ᠬᠠᠷᠢᠶ᠎ᠠ᠂ ᠬᠦᠴᠦᠳᠡᠯ ᠥᠭᠡᠷᠡᠴᠢᠯᠡᠭᠴᠢ᠂ ᠴᠠᠬᠢᠯᠭᠠᠨ ᠬᠡᠮᠵᠢᠭᠦᠷ᠂ ᠮᠠᠰᠢᠨ ᠴᠠᠬᠢᠯᠭᠠᠨ ᠬᠤᠳᠳᠤᠭ ᠤᠨ ᠪᠠᠶᠢᠷᠢᠰᠢᠯ᠂ | ᠤᠰᠤᠯᠠᠯᠲᠠ ᠶᠢᠨ ᠲᠠᠯᠠᠪᠠᠶ᠂ ᠬᠡᠮᠵᠢᠯᠲᠡ ᠶᠢᠨ ᠠᠷᠭ᠎ᠠ ᠮᠠᠶ᠋ᠢᠭ᠂ ᠤᠰᠤ ᠬᠡᠷᠡᠭᠯᠡᠬᠦ ᠡᠷᠦᠬᠡ ᠶᠢᠨ ᠲᠠᠷᠢᠮᠠᠯ ᠤᠨ ᠲᠠᠯᠠᠪᠠᠶ ᠵᠢᠴᠢ ᠲᠠᠷᠢᠮᠠᠯ᠂ ᠮᠠᠰᠢᠨ ᠴᠠᠬᠢᠯᠭᠠᠨ | ᠬᠤᠳᠳᠤᠭ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠡᠷᠭᠡ ᠡᠬᠡ ᠲᠠᠩᠰᠠ ᠪᠠᠶᠢᠭᠤᠯᠵᠤ᠂ ᠬᠠᠤᠯᠢ ᠶᠣᠰᠣᠨ ᠤ ᠮᠠᠰᠢᠨ ᠴᠠᠬᠢᠯᠭᠠᠨ ᠬᠤᠳᠳᠤᠭ ᠢ ᠬᠢᠨᠠᠨ | ᠪᠠᠶᠢᠴᠠᠭᠠᠵᠤ ᠳᠠᠩᠰᠠᠯᠠᠨ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠨᠢᠭᠡ | ᠴᠣᠭᠴᠠᠵᠢᠭᠤᠯᠬᠤ ᠶᠢᠨ ᠬᠠᠮᠲᠤ ᠲᠠᠷᠢᠶᠠᠯᠠᠩ ᠤᠨ ᠤᠰᠤ ᠬᠡᠷᠡᠭᠯᠡᠬᠦ ᠶᠢ ᠬᠢᠨᠠᠨ ᠬᠠᠮᠢᠶᠠᠷᠬᠤ ᠲᠠᠪᠴᠠᠩ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 7. ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠯᠠᠯᠲᠠ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠬᠤᠪᠢᠶᠠᠷᠢᠯᠠᠬᠤ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠭᠠᠴᠠᠭ᠎ᠠ ᠲᠣᠰᠬᠤᠨ᠂ ᠭᠠᠵᠠᠷ ᠰᠢᠷᠣᠶ᠂ ᠬᠠᠷᠢᠭᠤᠴᠠᠯᠭᠠᠲᠠᠨ ᠳᠤ ᠬᠦᠷᠲᠡᠯ᠎ᠡ ᠵᠠᠳᠠᠯᠤᠨ᠎ᠠ᠃ ᠭᠠᠵᠠᠷ ᠳᠣᠤᠷᠠᠬᠢ ᠤᠰᠤ ᠶᠢ | ᠨᠢᠭᠡᠨᠲᠡ ᠬᠡᠲᠦᠷᠡᠲᠡᠯ᠎ᠡ ᠲᠠᠲᠠᠭᠰᠠᠨ ᠪᠤᠶᠤ ᠰᠢᠨ᠎ᠡ ᠪᠠᠷ ᠨᠡᠮᠡᠵᠦ ᠠᠪᠤᠭᠠᠳ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠬᠡᠲᠦᠷᠡᠭᠰᠡᠨ ᠭᠠᠵᠠᠷ ᠣᠷᠣᠨ ᠳᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ | ᠪᠠᠶᠢᠭᠤᠯᠵᠤ ᠪᠣᠯᠬᠤ ᠥᠬᠡᠶ᠂ ᠲᠣᠰ ᠬᠤᠰᠢᠭᠤ ᠰᠢᠶᠠᠨ ᠬᠤᠲᠠ ᠲᠣᠭᠤᠷᠢᠭ ᠤᠨ ᠭᠠᠵᠠᠷ ᠳᠣᠤᠷᠠᠬᠢ ᠤᠰᠤ ᠶᠢ ᠰᠢᠨ᠎ᠡ ᠪᠠᠷ ᠨᠡᠮᠡᠭᠳᠡᠭᠦᠯᠬᠦ ᠳᠤ ᠬᠢᠵᠠᠭᠠᠷᠯᠠᠨ ᠬᠢᠨᠠᠨ | ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠨᠢᠭᠡᠴᠡ ᠪᠤᠶᠤ ᠬᠤᠪᠢ ᠬᠥᠮᠦᠨ ᠰᠢᠨ᠎ᠡ ᠪᠠᠷ ᠴᠠᠬᠢᠯᠭᠠᠨ ᠲᠥᠬᠦᠭᠡᠷᠦᠮᠵᠢ ᠤᠭᠰᠠᠷᠠᠬᠤ ᠪᠤᠶᠤ ᠪᠠᠭᠲᠠᠭᠠᠮᠵᠢ ᠶᠢ ᠨᠢ | ᠨᠡᠮᠡᠭᠳᠡᠭᠦᠯᠦᠨ ᠭᠠᠵᠠᠷ ᠳᠣᠤᠷᠠᠬᠢ ᠤᠰᠤ ᠶᠢ ᠠᠪᠴᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠪᠠᠷ ᠭᠤᠶᠤᠴᠢᠯᠠᠪᠠᠯ᠂ ᠤᠰᠤ ᠠᠪᠬᠤ ᠪᠠᠷ ᠭᠤᠶᠤᠴᠢᠯᠠᠬᠤ | ᠬᠡᠷᠡᠭᠲᠡᠶ᠃ ᠤᠰᠤ ᠠᠪᠬᠤ ᠭᠤᠶᠤᠴᠢᠯᠠᠯ ᠢ ᠨᠢ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳᠦᠶ ᠪᠣᠯ ᠴᠠᠬᠢᠯᠭᠠᠨ ᠬᠠᠩᠭᠠᠬᠤ ᠰᠠᠯᠠᠭ᠎ᠠ ᠮᠥᠴᠢᠷ ᠨᠢ | ᠴᠠᠬᠢᠯᠭᠠᠨ ᠬᠠᠩᠭᠠᠵᠤ ᠪᠣᠯᠬᠤ ᠦᠭᠡᠶ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠨᠤᠲᠠᠯᠠᠯᠲᠠ᠂ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠬᠤ ᠬᠡᠪᠴᠢᠶ᠎ᠡ ᠠᠴᠠ ᠭᠠᠳᠠᠨᠠᠬᠢ ᠮᠥᠷᠲᠡᠭᠡᠨ ᠤᠰᠤ ᠠᠪᠬᠤ | ᠵᠥᠪᠰᠢᠶᠡᠷᠡᠯ ᠣᠯᠤᠭᠰᠠᠨ ᠥᠬᠡᠶ ᠲᠠᠷᠢᠶᠠᠨ ᠭᠠᠵᠠᠷ ᠵᠢᠴᠢ ᠭᠤᠷᠪᠠᠨ ᠵᠢᠯ ᠠᠴᠠ ᠳᠡᠭᠡᠭᠰᠢᠬᠢ ᠣᠶᠢᠲᠤ ᠭᠠᠵᠠᠷ ᠲᠤ ᠭᠠᠵᠠᠷ ᠳᠣᠤᠷᠠᠬᠢ ᠤᠰᠤ ᠶᠢ ᠲᠠᠲᠠᠵᠤ | ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠴᠠᠬᠢᠯᠭᠠᠨ ᠬᠠᠩᠭᠠᠬᠤ ᠶᠢ ᠴᠠᠭᠠᠵᠠᠯᠠᠨ᠎ᠠ᠃ ᠬᠤᠰᠢᠭᠤ ᠰᠢᠶᠠᠨ ᠬᠤᠲᠠ | ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠥᠷᠪᠡᠨ ᠱᠠᠲᠤᠨ ᠤ ᠭᠠᠵᠠᠷ | ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠪᠢᠶᠠᠷᠢᠯᠠᠨ | ᠲᠣᠭᠲᠠᠭᠠᠭᠰᠠᠨ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ ᠤᠰᠤ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠤ ᠶᠣᠰᠣᠭᠠᠷ᠂ ᠬᠠᠷᠢᠶ᠎ᠠ | ᠪᠦᠬᠦᠢ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠲᠤ ᠲᠣᠣᠷᠵᠢᠭᠤᠯᠤᠭᠰᠠᠨ ᠬᠠᠮᠢᠶᠠᠷᠤᠯᠲᠠ ᠪᠠ ︽ᠪᠡᠶ᠎ᠡ ᠶᠢᠨ ᠦᠨᠡᠮᠯᠡᠯ ᠤᠨ ᠬᠡᠯᠪᠡᠷᠢ︾ ᠶᠢᠨ ᠳ᠋ᠤᠭᠠᠷᠯᠠᠯ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ | ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 8. ᠤᠰᠤ ᠬᠡᠷᠡᠭᠯᠡᠬᠦ ᠬᠡᠮᠵᠢᠯᠲᠡ ᠬᠢᠭᠡᠳ ᠬᠡᠷᠡᠭᠯᠡᠯᠲᠡ ᠶᠢ ᠲᠡᠭᠦᠯᠳᠡᠷᠵᠢᠭᠦᠯᠦᠨ᠎ᠡ᠃ ᠮᠠᠰᠢᠨ ᠴᠠᠬᠢᠯᠭᠠᠨ ᠬᠤᠳᠳᠤᠭ ᠠᠴᠠ ᠤᠰᠤ ᠠᠪᠴᠤ ᠬᠡᠷᠡᠭᠯᠡᠬᠦ ᠶᠢ | ᠬᠡᠮᠵᠢᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 2025 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠠᠪᠴᠤ ᠬᠡᠷᠡᠭᠯᠡᠬᠦ ᠶᠢ ᠬᠡᠮᠵᠢᠬᠦ ᠲᠥᠬᠦᠭᠡᠷᠦᠮᠵᠢ ᠶᠢ ᠵᠡᠷᠭᠡᠪᠡᠷ ᠤᠭᠰᠠᠷᠠᠬᠤ ᠶᠢᠨ ᠬᠠᠮᠲᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠤᠰᠤ ᠴᠠᠬᠢᠯᠭᠠᠨ ᠢ ᠬᠢᠨᠠᠨ ᠬᠡᠮᠵᠢᠬᠦ ᠲᠠᠪᠴᠠᠩ ᠳᠤ ᠵᠠᠯᠭᠠᠨ ᠣᠷᠣᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠴᠢᠮᠡᠭᠡ | ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠢ︔ ᠪᠦᠬᠦ ᠬᠤᠲᠠ ᠶᠢᠨ ᠣᠳᠣ ᠪᠠᠶᠢᠭ᠎ᠠ 1434 ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ | ᠨᠡᠶᠢᠲᠡᠯᠢᠭ ᠬᠤᠳᠳᠤᠭ ᠤᠨ ᠰᠠᠭᠤᠷᠢᠨ ᠳᠡᠭᠡᠷ᠎ᠡ᠂ ᠨᠡᠶᠢᠲᠡᠯᠢᠭ ᠬᠤᠳᠳᠤᠭ ᠤᠨ ᠲᠤᠭ᠎ᠠ ᠬᠡᠮᠵᠢᠶ᠎ᠡ ᠪᠠ ᠬᠡᠪᠴᠢᠶ᠎ᠡ ᠶᠢ ᠥᠷᠭᠡᠳᠬᠡᠵᠦ᠂ ︽ᠴᠠᠬᠢᠯᠭᠠᠨ ᠢᠶᠠᠷ ᠤᠰᠤ ᠶᠢ | ᠨᠤᠭᠤᠯᠤᠨ ᠪᠣᠳᠣᠬᠤ︾ ᠨᠡᠶᠢᠲᠡᠯᠢᠭ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ | ᠢᠯᠡᠳᠬᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ | ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 9. ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ ︽ᠲᠣᠰᠬᠤᠨ ᠤ ᠬᠠᠮᠲᠤ + ᠬᠤᠷᠰᠢᠶ᠎ᠠ + ᠠᠵᠤ | ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠪᠠᠷ ᠭᠤᠤᠯᠳᠠᠯᠭ᠎ᠠ ᠪᠣᠯᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠯᠲᠠ ᠶᠢ | ᠠᠬᠢᠭᠤᠯᠬᠤ ᠶᠢ ᠵᠣᠷᠢᠭᠵᠢᠭᠤᠯᠤᠨ᠎ᠠ᠃ ︽ᠰᠤᠮᠤ ᠰᠢᠶᠠᠩ ᠪᠠᠯᠭᠠᠰᠤ ᠨᠢᠭᠡᠳᠦᠯᠲᠡᠶ ᠲᠥᠯᠥᠪᠯᠡᠬᠦ + ᠭᠠᠴᠠᠭ᠎ᠠ ᠲᠣᠰᠬᠤᠨ ᠬᠠᠷᠢᠭᠤᠴᠠᠬᠤ︾ ᠵᠠᠭᠪᠤᠷ ᠢ ᠬᠡᠷᠡᠭᠵᠢᠭᠦᠯᠵᠦ | ᠂ ᠮᠠᠰᠢᠨ ᠴᠠᠬᠢᠯᠭᠠᠨ ᠬᠤᠳᠳᠤᠭ ᠤᠨ ᠲᠥᠬᠦᠭᠡᠷᠦᠮᠵᠢ᠂ ᠬᠠᠮᠢᠶᠠᠷᠴᠤ ᠬᠠᠮᠠᠭᠠᠯᠠᠬᠤ ᠪᠠ ᠤᠰᠤᠨ ᠤ ᠰᠦᠢᠳᠬᠡᠯ ᠢ ᠬᠤᠷᠢᠶᠠᠬᠤ ᠶᠢ ᠭᠠᠴᠠᠭ᠎ᠠ ᠲᠣᠰᠬᠤᠨ ᠤ | ᠬᠠᠮᠲᠤ ᠠᠴᠠ ᠨᠢᠭᠡᠳᠦᠯᠲᠡᠶ ᠡᠵᠡᠩᠨᠡᠨ ᠬᠠᠮᠢᠶᠠᠷᠬᠤ ᠬᠡᠷᠡᠭᠲᠡᠶ᠃ ︽ᠲᠣᠰᠬᠤᠨ ᠤ ᠬᠠᠮᠲᠤ + ᠤᠰᠤ ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ︾ ᠶᠢᠨ | ᠵᠠᠭᠪᠤᠷ ᠢ ᠬᠡᠷᠡᠭᠵᠢᠭᠦᠯᠵᠦ᠂ ᠬᠤᠷᠰᠢᠶᠠᠨ ᠤ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠳᠦᠷᠢᠮ᠂ ᠤᠰᠤᠨ ᠤ ᠰᠦᠢᠳᠬᠡᠯ ᠢ ᠬᠤᠷᠢᠶᠠᠬᠤ ᠳᠦᠷᠢᠮ | ᠪᠣᠯᠤᠨ ᠤᠰᠤ ᠠᠷᠪᠢᠯᠠᠬᠤ ᠱᠠᠩᠨᠠᠵᠤ ᠲᠣᠷᠭᠠᠬᠤ ᠲᠣᠭᠲᠠᠴᠠ ᠶᠢ ᠵᠢᠷᠤᠮᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 10. ᠲᠣᠭᠲᠠᠭᠰᠠᠨ ᠨᠤᠷᠮ᠎ᠠ ᠠᠴᠠ ᠳᠠᠪᠠᠭᠰᠠᠨ ᠤ ᠦᠨ᠎ᠡ ᠶᠢ ᠥᠰᠬᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ︽ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠣᠰᠣᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ ﹇2024﹈ 28 ᠳ᠋ᠤᠭᠠᠷ ᠲᠣᠭᠠᠲᠤ︶᠂ ︽ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2024﹈ 36 ᠳ᠋ᠤᠭᠠᠷ ᠲᠣᠭᠠᠲᠤ︶᠂ ︽ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠵᠦᠢᠯᠡᠰ ᠢ | ᠲᠣᠳᠣᠷᠬᠠᠶᠢᠯᠠᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠭᠠᠶᠢᠯᠢ ᠶᠢᠨ ᠶᠠᠪᠤᠳᠠᠯ ᠤᠨ ᠲᠤᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠭᠠᠶᠢᠯᠢ ᠲᠠᠷᠬᠠᠭᠠᠭᠰᠠᠨ ﹇2024﹈ 64 ᠳ᠋ᠦ᠋ᠭᠡᠷ ᠲᠣᠭᠠᠲᠤ︶ | ᠪᠠ ︽ᠲᠦᠩᠯᠢᠶᠣᠤ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠯᠣᠭᠤᠳᠬᠤ ᠰᠠᠨᠠᠯ ᠢ ᠳᠠᠷᠤᠮᠠᠯᠯᠠᠨ | ᠲᠠᠷᠬᠠᠭᠠᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠲᠦᠩᠯᠢᠶᠤᠤ ᠵᠠᠰᠠᠭ ᠠᠯᠪᠠᠨ ᠲᠠᠷᠬᠠᠭᠠᠭᠰᠠᠨ | ﹇2024﹈ 20 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠪᠠᠶᠢᠭᠤᠯᠤᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠪᠠ ᠤᠷᠢᠳᠠᠪᠠᠷ ᠬᠡᠷᠡᠭᠵᠢᠭᠦᠯᠬᠦ ᠣᠷᠣᠨ ᠨᠢ ᠲᠣᠭᠲᠠᠭᠰᠠᠨ ᠨᠤᠷᠮ᠎ᠠ ᠠᠴᠠ | ᠳᠠᠪᠠᠭᠰᠠᠨ ᠤ ᠦᠨ᠎ᠡ ᠶᠢ ᠥᠰᠬᠡᠬᠦ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠨᠥᠬᠦᠴᠡᠯ ᠪᠦᠷᠢᠯᠳᠦᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ | ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ︶ | 11. ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ | ᠡᠳ᠋ ᠤᠨ ᠵᠠᠰᠠᠭ ᠤᠨ ᠲᠥᠰᠦᠪ ᠲᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠥᠩᠭᠦ᠂ ᠳᠡᠭᠡᠳᠦ ᠱᠠᠲᠤᠨ ᠤ | ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ᠂ ᠲᠠᠲᠠᠪᠤᠷᠢᠯᠠᠭᠰᠠᠨ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠬᠡᠰᠡᠭ ᠤᠰᠤᠨ ᠤ ᠰᠦᠢᠳᠬᠡᠯ | ᠵᠡᠷᠭᠡ ᠶᠢ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠵᠦ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠢᠳᠡᠪᠬᠢᠲᠡᠶ ᠬᠡᠷᠡᠭᠯᠡᠬᠦ᠂ ᠲᠠᠷᠢᠮᠠᠯ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠬᠦ᠂ ᠤᠰᠤᠯᠠᠯᠲᠠ ᠶᠢᠨ ᠳᠦᠷᠢᠮ ᠢ ᠰᠢᠯᠢᠳᠡᠭᠵᠢᠭᠦᠯᠬᠦ ᠶᠢᠨ ᠬᠠᠮᠲᠤ᠂ ᠤᠰᠤᠯᠠᠯᠲᠠ ᠶᠢᠨ ᠲᠣᠭᠲᠠᠭᠰᠠᠨ ᠨᠣᠷᠮ᠎ᠠ ᠶᠢᠨ ᠳᠣᠲᠣᠷ᠎ᠠ ᠤᠰᠤ | ᠠᠷᠪᠢᠯᠠᠵᠤ ᠬᠡᠷᠡᠭᠯᠡᠬᠦ ᠭᠤᠣᠯ ᠴᠣᠭᠴᠠ ᠳᠤ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠭᠰᠠᠨ ᠱᠠᠩᠨᠠᠯ ᠣᠯᠭᠤᠵᠤ᠂ ᠤᠰᠤ ᠬᠡᠷᠡᠭᠯᠡᠬᠦ ᠭᠤᠣᠯ | ᠴᠣᠭᠴᠠ ᠶᠢᠨ ᠤᠰᠤ ᠠᠷᠪᠢᠯᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 12. ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠭᠰᠠᠨ ᠰᠠᠭᠤᠷᠢᠨ ᠳᠡᠭᠡᠷ᠎ᠡ᠂ ᠮᠠᠯᠵᠢᠬᠤ ᠲᠠᠷᠢᠶᠠᠯᠠᠬᠤ ᠣᠷᠣᠨ ᠨᠢᠭᠡᠪᠦᠷᠢ ᠳᠤ ᠠᠳᠠᠭ ᠲᠠᠭᠠᠨ 1 | ᠰᠤᠮᠤ ᠰᠢᠶᠠᠩ ᠪᠠᠯᠭᠠᠰᠤ᠂ ᠰᠤᠮᠤ ᠰᠢᠶᠠᠩ ᠪᠠᠯᠭᠠᠰᠤ ᠨᠢᠭᠡᠪᠦᠷᠢ ᠳᠤ ᠠᠳᠠᠭ ᠲᠠᠭᠠᠨ 1 ᠭᠠᠴᠠᠭ᠎ᠠ ᠲᠣᠰᠬᠤᠨ ᠢ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠪᠤᠶᠤ | ᠤᠷᠢᠳᠠᠪᠠᠷ ᠬᠡᠷᠡᠭᠵᠢᠭᠦᠯᠬᠦ ᠣᠷᠣᠨ ᠪᠣᠯᠭᠠᠨ᠎ᠠ᠃ 2025 ᠣᠨ ᠳᠤ᠂ ᠵᠢᠱᠢᠶ᠎ᠡ ᠦᠵᠡᠭᠦᠯᠬᠦ ᠣᠷᠣᠨ ᠪᠠ ᠤᠷᠢᠳ ᠢᠶᠠᠷ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ | ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠪᠦᠬᠦᠨ ᠢ ᠬᠠᠮᠤᠷᠴᠤ᠂ ᠠᠳᠠᠯᠢ ᠪᠤᠰᠤ ᠲᠠᠷᠢᠮᠠᠯ ᠤᠨ ᠤᠰᠤᠯᠠᠯᠲᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤᠯᠠᠯᠲᠠ ᠶᠢᠨ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ ᠶᠢ ᠣᠨᠣᠪᠴᠢᠲᠠᠶ ᠡᠵᠡᠮᠰᠢᠬᠦ ᠵᠢᠴᠢ ᠲᠣᠭᠲᠠᠭᠰᠠᠨ | ᠨᠤᠷᠮ᠎ᠠ ᠠᠴᠠ ᠳᠠᠪᠠᠭᠰᠠᠨ ᠤ ᠦᠨ᠎ᠡ ᠶᠢ ᠥᠰᠬᠡᠬᠦ ᠲᠦᠷᠢᠮ ᠢ ᠬᠡᠷᠡᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ | ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠲᠠᠷᠢᠶᠠᠯᠠᠩ ᠤᠨ ᠮᠡᠷᠭᠡᠵᠢᠯ ᠢᠶᠠᠷ ᠤᠰᠤ ᠠᠷᠪᠢᠯᠠᠬᠤ ᠪᠠ ᠭᠤᠤᠯ ᠮᠦᠷᠡᠨ ᠨᠠᠭᠤᠷ ᠴᠦᠬᠦᠷᠦᠮ ᠤᠨ ᠤᠷᠤᠨ ᠤ ᠲᠠᠷᠢᠶᠠᠯᠠᠬᠤ ᠶᠢ ᠵᠤᠭᠰᠤᠭᠠᠵᠤ | ᠤᠰᠤᠯᠠᠯᠲᠠ ᠶᠢ ᠵᠤᠭᠰᠤᠭᠠᠵᠤ ᠤᠰᠤ ᠠᠷᠪᠢᠯᠠᠬᠤ ᠶᠢ ᠴᠢᠩᠭᠠᠷᠠᠭᠤᠯᠤᠨ᠎ᠠ | 13. ᠬᠡᠪᠴᠢᠶᠡᠲᠦ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢ ᠠᠬᠢᠭᠤᠯᠬᠤ ᠬᠡᠷᠡᠭᠲᠡᠶ᠃ ᠭᠦᠶᠦᠭᠡᠨ ᠪᠤᠯᠠᠵᠤ ᠳᠤᠰᠤᠯᠭᠠᠨ | ᠤᠰᠤᠯᠠᠬᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠡᠷᠭᠡ ᠤᠰᠤ ᠠᠷᠪᠢᠯᠠᠵᠤ | ᠣᠷᠣᠯᠭ᠎ᠠ ᠶᠢ ᠨᠡᠮᠡᠭᠳᠡᠭᠦᠯᠬᠦ ᠮᠡᠷᠭᠡᠵᠢᠯ ᠢ ᠪᠥᠬᠦ ᠬᠦᠷᠢᠶ᠎ᠡ ᠴᠠᠷᠠᠭᠠᠨ ᠳᠤ ᠳᠡᠯᠭᠡᠷᠡᠭᠦᠯᠵᠦ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ᠂ ᠠᠮᠤ ᠪᠤᠳᠠᠭᠠᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠬᠡᠪᠴᠢᠶ᠎ᠡ ᠶᠢ 1000 ᠲᠦᠮᠡᠨ ᠮᠦ ᠠᠴᠠ ᠳᠠᠪᠠᠭᠤᠯᠵᠤ᠂ ᠵᠢᠯ ᠳᠤ | ᠭᠠᠵᠠᠷ ᠳᠣᠣᠷᠠᠬᠢ ᠤᠰᠤ ᠶᠢ ᠠᠷᠪᠢᠯᠠᠬᠤ ᠴᠢᠳᠠᠪᠤᠷᠢ ᠶᠢ 1.3 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠶᠡᠷᠦᠩᠬᠡᠶ | ᠤᠨᠠᠯᠲᠠ ᠶᠢ 200 ᠳ᠋ᠦᠩᠰᠢᠭᠤᠷ ᠵᠢᠩ ᠠᠴᠠ ᠳᠠᠪᠠᠭᠤᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 14. ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠮᠡᠷᠭᠡᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠲᠠᠷᠢᠮᠠᠯ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 5 ᠲᠦᠮᠡᠨ ᠮᠦ ᠪᠠᠭᠠᠰᠬᠠᠨ᠂ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ | ᠂ ᠴᠢᠭᠢᠭ ᠬᠠᠮᠠᠭᠠᠯᠠᠬᠤ ᠶᠢ ᠬᠠᠮᠤᠷᠬᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠶᠢ ᠪᠠᠲᠤᠯᠠᠬᠤ ᠰᠢᠨ᠎ᠡ ᠮᠠᠲ᠋ᠧᠷᠢᠶᠠᠯ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ | ᠳᠦᠬᠦᠷ ᠮᠡᠷᠭᠡᠵᠢᠯ ᠢ 5 ᠲᠦᠮᠡᠨ ᠮᠦ ᠳᠡᠯᠭᠡᠷᠡᠭᠦᠯᠦᠨ᠂ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠬᠤᠰᠢᠭᠤ ᠰᠢᠶᠠᠨ ᠢ 1 ᠡᠭᠦᠳᠦᠨ ᠪᠠᠶᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 15. ᠭᠤᠣᠯ ᠮᠥᠷᠡᠨ ᠨᠠᠭᠤᠷ ᠴᠥᠭᠦᠷᠥᠮ ᠤᠨ ᠣᠷᠣᠨ ᠳᠤ ᠵᠣᠬᠢᠬᠤ ᠬᠡᠮᠵᠢᠶ᠎ᠡ ᠪᠠᠷ ᠲᠠᠷᠢᠶᠠᠯᠠᠬᠤ ᠶᠢ ᠵᠣᠭᠰᠣᠭᠠᠵᠤ ᠤᠰᠤᠯᠠᠯᠲᠠ ᠶᠢ ᠵᠣᠭᠰᠣᠭᠠᠨ᠎ᠠ᠃ | ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠦᠷᠦᠭᠦᠯᠡᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠭᠰᠠᠨ︾ ᠢ ᠲᠠᠬᠢᠨ | ᠪᠠᠶᠢᠴᠠᠭᠠᠬᠤ ᠵᠢᠴᠢ ︽ᠬᠤᠩᠭᠢᠯ ᠢ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠮᠠᠯ ᠲᠠᠷᠢᠶᠠᠯᠠᠩ ᠤᠨ ᠰᠠᠯᠠᠭ᠎ᠠ ᠮᠥᠴᠢᠷ | ᠬᠠᠮᠵᠢᠯᠴᠠᠨ 8 ᠭᠤᠤᠯ ᠮᠥᠷᠡᠨ ᠤ ᠭᠤᠤᠯ ᠬᠤᠩᠭᠢᠯ ᠳᠤ ᠲᠠᠷᠢᠶ᠎ᠠ ᠲᠠᠷᠢᠵᠤ ᠪᠠᠶᠢᠭ᠎ᠠ ᠶᠢ ᠠᠯᠬᠤᠮ ᠠᠯᠬᠤᠮ ᠢᠶᠠᠷ ᠵᠣᠭᠰᠣᠭᠠᠨ᠎ᠠ᠃ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠡᠷᠬᠡ ᠶᠢ ᠨᠤᠲᠠᠯᠠᠨ ᠲᠣᠭᠲᠠᠭᠠᠭᠠᠳᠤᠶ ᠵᠢᠴᠢ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠠᠴᠠ ᠭᠠᠳᠠᠨᠠᠬᠢ ᠲᠠᠷᠢᠶᠠᠨ ᠭᠠᠵᠠᠷ ᠲᠤ ᠤᠰᠤᠯᠠᠯᠲᠠ ᠶᠢ ᠵᠣᠭᠰᠣᠭᠠᠬᠤ ᠵᠠᠰᠠᠯᠲᠠ ᠶᠢ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠢ | ᠠᠭᠤᠯᠠᠷᠬᠠᠭ ᠣᠷᠣᠨ ᠤ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠪᠤᠰᠤ ᠪᠠᠷ ᠬᠤᠳᠳᠤᠭ ᠮᠠᠯᠲᠠᠵᠤ | ᠤᠰᠤᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠣᠶᠢᠲᠤ ᠭᠠᠵᠠᠷ ᠲᠤ ᠰᠢᠨ᠎ᠡ ᠪᠠᠷ ᠮᠠᠰᠢᠨ ᠴᠠᠬᠢᠯᠭᠠᠨ ᠬᠤᠳᠳᠤᠭ ᠮᠠᠯᠲᠠᠵᠤ ᠪᠣᠯᠬᠤ ᠦᠭᠡᠢ᠂ | ᠤᠤᠯ ᠤᠨ ᠪᠠᠶᠢᠭᠰᠠᠨ ᠮᠠᠰᠢᠨ ᠴᠠᠬᠢᠯᠭᠠᠨ ᠬᠤᠳᠳᠤᠭ ᠢ ᠳᠠᠷᠦ᠋ᠢᠬᠠᠨ ᠪᠥᠭᠯᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠲᠦᠷᠪᠡ︶ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠠᠰᠢᠭᠯᠠᠮᠵᠢ᠂ ᠳᠠᠬᠢᠮᠠᠯ ᠤᠰᠤ ᠶᠢ ᠠᠰᠢᠭᠯᠠᠬᠤ ᠬᠡᠪᠴᠢᠶ᠎ᠡ ᠪᠠ ᠤᠰᠤ ᠳᠠᠲᠠᠨ ᠲᠣᠬᠢᠷᠠᠭᠤᠯᠬᠤ | ᠴᠠᠭ ᠤᠨ ᠬᠦᠴᠦᠨ ᠢ ᠳᠡᠭᠡᠭᠰᠢᠯᠡᠭᠦᠯᠦᠨ᠎ᠠ | 16. ᠡᠨᠧᠷᠭᠢ ᠶᠢᠨ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ | ᠠᠷᠪᠢᠯᠠᠬᠤ ᠲᠥᠯᠥᠪᠵᠢᠭᠦᠯᠭᠡ ᠶᠢᠨ ᠬᠢᠵᠠᠭᠠᠷᠯᠠᠯ ᠢ ᠴᠢᠩᠭᠠᠷᠠᠭᠤᠯᠤᠨ᠎ᠠ︔ ᠨᠢᠭᠡᠨᠲᠡ ᠪᠠᠶᠢᠭᠤᠯᠤᠭᠰᠠᠨ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠤᠰᠤ | ᠠᠷᠪᠢᠯᠠᠬᠤ ᠥᠭᠡᠷᠡᠴᠢᠯᠡᠯᠲᠡ ᠶᠢᠨ ᠳᠡᠰ ᠳᠡᠪᠰᠢᠬᠦ ᠶᠢ ᠠᠬᠢᠭᠤᠯᠵᠤ᠂ ᠴᠢᠯᠠᠭᠤᠨ ᠲᠣᠰᠣ ᠨᠡᠭᠡᠭᠡᠨ ᠮᠠᠯᠲᠠᠬᠤ ᠳᠤ ᠳᠠᠬᠢᠯᠲᠠ ᠤᠰᠤ ᠪᠠᠷ ᠣᠷᠣᠯᠠᠭᠤᠯᠬᠤ ᠪᠠ | ᠬᠠᠶᠠᠭᠳᠠᠮᠠᠯ ᠤᠰᠤ ᠶᠢ ᠣᠷᠴᠢᠯᠲᠤᠭᠤᠯᠤᠨ ᠠᠰᠢᠭᠯᠠᠬᠤ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠤᠰᠤ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠨᠧᠷᠭᠢ ᠶᠢᠨ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 17. ᠭᠤᠤᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ᠂ | ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ 2025 ᠣᠨ ᠳᠤ ᠬᠤᠭᠤᠯᠠᠶ ᠶᠢᠨ | ᠲᠣᠣᠷ ᠢ ᠥᠭᠡᠷᠡᠴᠢᠯᠡᠬᠦ᠂ ᠮᠡᠷᠭᠡᠵᠢᠯ ᠢ ᠳᠡᠰ ᠳᠡᠪᠰᠢᠭᠦᠯᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 5 | ᠲᠥᠷᠥᠯ ᠵᠦᠢᠯ ᠢ ᠪᠡᠶᠡᠯᠡᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ᠂ ᠤᠰᠤ | ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠎ᠡ᠃ 2025 ᠣᠨ ᠳᠤ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ 2 ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 18. ᠡᠩ ᠤᠨ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠴᠢᠩᠭᠠᠳᠬᠠᠨ᠎ᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠢᠯᠳᠡ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠦᠨ᠂ ᠲᠣᠬᠢᠷᠠᠭᠤᠯᠤᠨ ᠠᠰᠢᠭᠯᠠᠬᠤ | ᠱᠠᠭᠠᠷᠳᠠᠯᠭ᠎ᠠ ᠶᠢ ᠬᠠᠩᠭᠠᠨ᠎ᠠ᠃ ᠳᠡᠭᠢᠯᠳᠡ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠤᠨ | ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠵᠤ᠂ ᠳᠡᠭᠢᠯᠳᠡ ᠤᠰᠤ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ | ᠂ ᠠᠮᠢ ᠠᠬᠤᠶ ᠶᠢᠨ ᠤᠰᠤ ᠨᠥᠬᠦᠪᠥᠷᠢᠯᠡᠬᠦ ᠵᠡᠷᠭᠡ ᠬᠦᠷᠢᠶᠡᠨ ᠳᠤ ᠬᠡᠷᠡᠭᠯᠡᠬᠦ ᠶᠢ ᠥᠷᠭᠡᠳᠬᠡᠨ᠂ ᠠᠰᠢᠭᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ | ᠃ ᠬᠤᠣᠯᠢᠩᠭᠤᠣᠯ ᠬᠤᠲᠠ᠂ ᠵᠠᠷᠣᠳ ᠬᠤᠰᠢᠭᠤᠨ ᠤ ᠨᠡᠭᠦᠷᠡᠰᠦᠨ ᠳᠠᠪᠬᠤᠷᠭ᠎ᠠ ᠶᠢᠨ ᠣᠰᠣᠨ ᠤ ᠬᠡᠮᠵᠢᠶ᠎ᠡ ᠨᠡᠯᠢᠶᠡᠳ ᠶᠡᠭᠡ ᠭᠠᠵᠠᠷ ᠣᠷᠣᠨ ᠤ ᠨᠡᠭᠦᠷᠡᠰᠦᠨ | ᠳᠠᠪᠬᠤᠷᠭ᠎ᠠ ᠶᠢᠨ ᠤᠰᠤ ᠬᠠᠩᠭᠠᠬᠤ ᠲᠠᠯᠳᠠ ᠬᠦᠴᠦᠨ ᠢ ᠠᠭᠤᠳᠠᠯᠠᠵᠦ᠂ ᠨᠡᠭᠦᠷᠡᠰᠦᠨ ᠳᠠᠪᠬᠤᠷᠭ᠎ᠠ ᠶᠢᠨ ᠣᠰᠣᠨ ᠤ ᠠᠰᠢᠭᠯᠠᠯᠳᠠ ᠶᠢᠨ ᠡᠷᠴᠢᠮ ᠢ ᠲᠡᠭᠡᠭᠰᠢᠯᠡᠬᠦᠯᠦᠨ᠎ᠡ | ᠃ ᠲᠦᠩᠯᠢᠶᠣᠤ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠥᠩ ᠬᠤᠸᠠ ᠰᠢᠤᠸᠠᠢ ︵ᠥᠪᠥᠷ ᠮᠣᠩᠭᠤᠯ︶ ᠰᠢᠨ᠎ᠡ | ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠬᠡᠮᠵᠢᠶ᠎ᠡ ᠶᠢ ᠲᠣᠰ ᠲᠣᠰ 200 ᠲᠦᠮᠡᠨ ᠲᠣᠨ ᠪᠠ 230 | ᠲᠦᠮᠡᠨ ᠲᠣᠨ ᠠᠴᠠ ᠳᠡᠭᠡᠭᠰᠢ ᠬᠦᠷᠦᠭᠦᠯᠵᠦ᠂ ᠭᠤᠤᠯ ᠬᠤᠲᠠ ᠶᠢᠨ ᠲᠣᠭᠤᠷᠢᠭ ᠲᠤ ᠵᠢᠯ ᠪᠦᠷᠢ 500 ᠺᠦᠪ ᠮᠧᠲᠷ ᠠᠴᠠ ᠳᠡᠭᠡᠭᠰᠢᠬᠢ ᠨᠣᠭᠤᠭᠠᠷᠠᠭᠤᠯᠤᠯᠲᠠ ᠳᠤ | ᠬᠡᠷᠡᠭᠯᠡᠬᠦ ᠳᠠᠬᠢᠯᠲᠠ ᠤᠰᠤᠨ ᠤ ᠠᠰᠢᠭᠯᠠᠯᠲᠠ ᠶᠢᠨ ᠬᠡᠮᠵᠢᠶ᠎ᠡ ᠲᠠᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 19. ᠭᠠᠳᠠᠨ᠎ᠠ ᠠᠴᠠ ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤ ᠾᠧ ᠭᠤᠣᠯ ᠳᠤ ᠤᠷᠤᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠥᠪᠥᠷ ᠮᠣᠩᠭᠤᠯ ᠤᠨ ᠤᠰᠤ ᠬᠠᠩᠭᠠᠬᠤ | ᠲᠦᠩᠯᠢᠶᠣᠤ ᠶᠢᠨ ᠰᠠᠯᠪᠤᠷᠢ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠬᠦᠷᠲᠡᠵᠦ ᠪᠠᠶᠢᠭ᠎ᠠ ᠬᠤᠰᠢᠭᠤ | ᠰᠢᠶᠠᠨ ᠲᠣᠭᠤᠷᠢᠭ ᠭᠠᠳᠠᠨ᠎ᠠ ᠠᠴᠠ ᠤᠰᠤ ᠲᠠᠲᠠᠬᠤ ᠢᠵᠢ ᠪᠦᠷᠢᠳᠦᠭᠦᠯᠬᠦ ᠢᠨᠵᠧᠨᠧᠷᠢᠩ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠵᠤ ᠦᠢᠯᠡᠳᠪᠦᠷᠢ ᠳᠤ | ᠬᠡᠷᠡᠭᠯᠡᠬᠦ ᠤᠰᠤ ᠪᠣᠯᠤᠨ ᠬᠤᠲᠠ ᠪᠠᠯᠭᠠᠰᠤᠨ ᠤ ᠤᠰᠤᠨ ᠰᠤᠷᠪᠤᠯᠵᠢ ᠶᠢ ᠰᠣᠯᠢᠬᠤ ᠶᠢ ᠲᠦᠷᠭᠡᠳᠬᠡᠨ ᠠᠬᠢᠭᠤᠯᠤᠨ᠎ᠠ᠃ 2025 ᠣᠨ ᠳᠤ ᠬᠤᠷᠴᠢᠨ ᠵᠡᠭᠦᠨ | ᠭᠠᠷᠤᠨ ᠳᠤᠮᠳᠠᠳᠤ ᠬᠤᠰᠢᠭᠤ᠂ ᠵᠠᠷᠤᠳ ᠬᠤᠰᠢᠭᠤ 1600 ᠲᠦᠮᠡᠨ ᠺᠦᠪ ᠮᠧᠲᠷ ᠰᠣᠯᠢᠬᠤ ᠪᠠ 3100 ᠲᠦᠮᠡᠨ ᠺᠦᠪ ᠮᠧᠲᠷ ᠭᠠᠳᠠᠨ᠎ᠠ ᠠᠴᠠ ᠤᠰᠤ ᠲᠠᠲᠠᠬᠤ | ᠴᠢᠳᠠᠪᠤᠷᠢ ᠲᠠᠢ ᠪᠣᠯᠣᠨ᠎ᠠ᠃ 2026 ᠣᠨ ᠳᠤ ᠬᠤᠷᠴᠢᠨ ᠲᠣᠭᠤᠷᠢᠭ᠂ ᠺᠠᠶᠢᠯᠦ ᠰᠢᠶᠠᠨ᠂ ᠨᠠᠢᠮᠠᠨ ᠬᠤᠰᠢᠭᠤ᠂ ᠨᠡᠭᠡᠭᠡᠯᠲᠡ ᠶᠢᠨ ᠲᠣᠭᠤᠷᠢᠭ᠂ ᠬᠦᠷᠢᠶ᠎ᠡ ᠬᠤᠰᠢᠭᠤ | ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠡᠷᠭᠡ ᠬᠤᠰᠢᠭᠤ ᠰᠢᠶᠠᠨ ᠲᠣᠭᠤᠷᠢᠭ ᠠᠵᠤ ᠦᠢᠯᠡᠳᠪᠦᠷᠢ ᠳᠤ ᠬᠡᠷᠡᠭᠯᠡᠬᠦ ᠤᠰᠤ ᠪᠠ ᠬᠤᠲᠠ ᠪᠠᠯᠭᠠᠰᠤᠨ ᠤ | ᠤᠰᠤᠨ ᠰᠤᠷᠪᠤᠯᠵᠢ ᠶᠢ ᠰᠣᠯᠢᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠠᠮᠢᠶ᠎ᠠ ᠪᠥᠬᠦᠶ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠲᠠᠪᠤ︶ ᠬᠤᠭᠤᠯᠠᠢ ᠲᠣᠣᠷ ᠤᠨ ᠭᠤᠭᠤᠵᠢᠬᠤ ᠶᠢ ᠡᠵᠡᠮᠳᠡᠬᠦ᠂ ᠤᠰᠤᠨ ᠤ ᠱᠠᠲᠤᠯᠢᠭ ᠦᠨ᠎ᠡ ᠶᠢ ᠠᠬᠢᠭᠤᠯᠬᠤ ᠵᠢᠴᠢ ᠦᠪᠡᠷ ᠢᠶᠠᠨ ᠪᠡᠯᠡᠳᠭᠡᠭᠰᠡᠨ | ᠬᠤᠳᠳᠤᠭ ᠢ ᠴᠡᠭᠴᠡᠯᠡᠨ ᠵᠠᠰᠠᠬᠤ ᠵᠡᠷᠭᠡ ᠠᠷᠭ᠎ᠠ ᠬᠡᠯᠪᠡᠷᠢ ᠶᠢ ᠠᠪᠴᠤ ᠬᠤᠲᠠ ᠬᠦᠳᠡᠭᠡ ᠶᠢᠨ ᠠᠮᠢᠳᠤᠷᠠᠯ ᠠᠮᠢ ᠠᠬᠤᠢ ᠳᠤ ᠬᠡᠷᠡᠭᠯᠡᠬᠦ ᠤᠰᠤ ᠶᠢ ᠠᠷᠪᠢᠯᠠᠨ᠎ᠠ | 20. ᠬᠤᠭᠤᠯᠠᠶ ᠶᠢᠨ ᠲᠣᠤᠷ ᠤᠨ ᠭᠤᠭᠤᠵᠢᠬᠤ ᠶᠢ ᠡᠵᠡᠮᠳᠡᠨ᠎ᠠ᠃ ᠭᠤᠣᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠣᠷ ᠤᠨ ᠭᠤᠭᠤᠵᠢᠬᠤ ᠶᠢ ᠵᠠᠰᠠᠬᠤ ᠶᠢ ᠭᠤᠣᠯᠳᠠᠯᠭ᠎ᠠ ᠲᠠᠢ ᠠᠬᠢᠭᠤᠯᠵᠤ᠂ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ | ᠲᠦᠷᠭᠡᠳᠬᠡᠨ᠂ ᠬᠠᠭᠤᠴᠢᠷᠠᠭᠰᠠᠨ ᠬᠤᠶᠠᠳᠠᠬᠢ ᠤᠳᠠᠭᠠᠨ ᠤ ᠤᠰᠤ ᠬᠠᠩᠭᠠᠬᠤ ᠬᠥᠭᠡᠷᠭᠡ ᠶᠢᠨ ᠭᠡᠷ ᠢ ᠥᠭᠡᠷᠡᠴᠢᠯᠡᠵᠦ᠂ ᠣᠶᠤᠨᠴᠢ ᠤᠰᠤᠨ ᠤ ᠬᠡᠮᠵᠢᠭᠦᠷ ᠢᠶᠠᠷ | ᠰᠣᠯᠢᠬᠤ ᠵᠡᠷᠭᠡ ᠶᠢ ᠪᠦᠲᠦᠭᠡᠨ ᠪᠠᠶᠢᠭᠤᠯᠬᠤ ᠶᠢᠨ ᠬᠠᠮᠲᠤ ᠤᠰᠤ ᠬᠠᠩᠭᠠᠬᠤ ᠬᠤᠭᠤᠯᠠᠶ ᠶᠢᠨ ᠲᠣᠤᠷ ᠤᠨ ᠣᠶᠤᠨᠴᠢ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠬᠤ ᠨᠣᠷᠮ᠎ᠠ ᠶᠢ ᠠᠯᠬᠤᠮ ᠠᠯᠬᠤᠮ ᠢᠶᠠᠷ ᠪᠠᠭᠤᠷᠠᠭᠤᠯᠤᠨ᠎ᠠ | ᠃ 2025 ᠣᠨ ᠳᠤ᠂ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠭᠤᠭᠤᠵᠢᠭᠰᠠᠨ | ᠨᠣᠷᠮ᠎ᠠ ᠶᠢ 2024 ᠣᠨ ᠤ 9.17% ᠠᠴᠠ 9% ᠪᠣᠯᠭᠠᠨ ᠡᠵᠡᠮᠳᠡᠵᠦ᠂ ᠬᠤᠤᠯᠢᠩᠭᠤᠤᠯ ᠬᠤᠲᠠ ᠶᠢᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠤᠷ ᠤᠨ ᠭᠤᠭᠤᠵᠢᠭᠰᠠᠨ ᠨᠣᠷᠮ᠎ᠠ ᠶᠢ 9% ᠶᠢᠨ ᠳᠣᠲᠣᠷ᠎ᠠ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 21. ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠣᠯᠤᠨ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ | ᠬᠢᠵᠠᠭᠠᠷᠯᠠᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠢᠮᠡᠯ ᠴᠠᠰᠤᠨ ᠳᠤ ᠭᠤᠯᠭᠤᠬᠤ ᠲᠠᠯᠠᠪᠠᠢ ᠵᠡᠷᠭᠡ ᠠᠵᠢᠯ ᠲᠦᠷᠦᠯ ᠤᠨ ᠲᠥᠯᠥᠪᠯᠡᠭᠡ ᠪᠠᠷ ᠤᠰᠤ ᠬᠡᠷᠡᠭᠯᠡᠬᠦ | ᠬᠠᠮᠢᠶᠠᠷᠤᠯᠲᠠ ᠶᠢ ᠴᠢᠩᠭ᠎ᠠ ᠬᠢᠵᠠᠭᠠᠷᠯᠠᠵᠤ᠂ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ ᠳᠠᠪᠠᠭᠰᠠᠨ ᠤ ᠦᠨ᠎ᠡ ᠶᠢ ᠥᠰᠬᠡᠬᠦ ᠳᠦᠷᠢᠮ ᠢ ᠴᠢᠩᠭ᠎ᠠ ᠬᠡᠷᠡᠭᠵᠢᠭᠦᠯᠵᠦ | ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠳᠠᠬᠢᠯᠲᠠ ᠤᠰᠤ ᠶᠢ ᠠᠰᠢᠭᠯᠠᠬᠤ ᠬᠠᠷᠢᠴᠠᠯ ᠢ ᠨᠡᠮᠡᠭᠳᠡᠭᠦᠯᠦᠨ᠎ᠡ᠃ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠤᠰᠤᠨ ᠤ ᠦᠨ᠎ᠡ ᠪᠠ ᠰᠠᠭᠤᠭᠠᠯᠢ ᠠᠷᠠᠳ ᠤᠨ ᠪᠤᠰᠤ | ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ ᠳᠠᠪᠠᠭᠰᠠᠨ ᠤ ᠦᠨ᠎ᠡ ᠶᠢ ᠥᠰᠬᠡᠬᠦ ᠪᠠᠷᠢᠮᠵᠢᠶ᠎ᠠ ᠶᠢ ᠲᠣᠭᠲᠠᠭᠠᠵᠤ᠂ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤ ᠬᠡᠷᠡᠭᠯᠡᠬᠦ ᠦᠨ᠎ᠡ ᠬᠠᠩᠰᠢ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠪᠠᠭᠠᠵᠢ ᠬᠡᠷᠡᠭᠰᠡᠯ ᠬᠡᠷᠡᠭᠯᠡᠬᠦ ᠶᠢ ᠠᠬᠢᠭᠤᠯᠵᠤ᠂ ᠤᠰᠤ ᠠᠷᠪᠢᠯᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 22. ᠮᠠᠯᠵᠢᠬᠤ ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ | ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠤᠰᠤ ᠬᠠᠩᠭᠠᠬᠤ ᠠᠷᠭ᠎ᠠ ᠮᠠᠶ᠋ᠢᠭ ᠢ | ᠠᠯᠬᠤᠮ ᠠᠯᠬᠤᠮ ᠢᠶᠠᠷ ᠬᠤᠪᠢᠷᠠᠭᠤᠯᠵᠤ᠂ ᠲᠦᠭᠡᠭᠡᠯ ᠤᠰᠤᠨ ᠤ ᠴᠢᠨᠠᠷ ᠪᠣᠯᠤᠨ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠳᠤ ᠺᠦᠪ ᠮᠧᠲᠷ ᠢᠶᠠᠷ ᠬᠡᠮᠵᠢᠨ ᠰᠦᠢᠳᠬᠡᠯ ᠬᠤᠷᠢᠶᠠᠬᠤ ᠶᠢ ᠠᠬᠢᠭᠤᠯᠵᠤ᠂ | ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠶᠢ ᠲᠦᠷᠭᠡᠳᠬᠡᠵᠦ᠂ ︽ᠮᠢᠩᠭᠠᠨ ᠬᠥᠮᠦᠨ ᠠᠴᠠ ᠳᠡᠭᠡᠭᠰᠢ︾ ᠵᠢᠴᠢ ᠤᠰᠤ ᠬᠠᠩᠭᠠᠬᠤ ᠳᠤ ᠬᠦᠴᠢᠷᠲᠡᠢ ᠪᠠᠶᠢᠬᠤ | ᠪᠠᠷᠢᠯᠭ᠎ᠠ ᠶᠢᠨ ᠲᠣᠰᠬᠤᠨ ᠤ ᠠᠭᠤᠯᠵᠠᠷ ᠲᠤ ᠬᠡᠮᠵᠢᠬᠦ ᠶᠢ ᠪᠡᠶᠡᠯᠡᠭᠦᠯᠵᠦ᠂ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠤᠨ ᠡᠷᠦᠬᠡ ᠳᠤ ᠬᠦᠷᠴᠦ ᠬᠡᠮᠵᠢᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠬᠠᠰᠢᠶ᠎ᠠ ᠪᠠᠨ ᠤᠰᠤᠯᠠᠬᠤ | ᠪᠠ ᠲᠡᠵᠢᠭᠡᠪᠦᠷᠢ ᠳᠤ ᠬᠡᠷᠡᠭᠯᠡᠬᠦ ᠤᠰᠤ ᠨᠢ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠬᠦᠴᠢᠷᠳᠡᠯ ᠳᠤ ᠤᠴᠠᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠭᠠᠵᠠᠷ | ᠣᠷᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠤᠷᠢᠳᠠᠪᠠᠷ ᠪᠠᠲᠤᠯᠠᠨ᠎ᠠ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 23. ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠵᠦ᠂ ᠤᠰᠤᠨ ᠰᠤᠷᠪᠤᠯᠵᠢ ᠶᠢᠨ | ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠬᠥᠳᠡᠭᠡ ᠶᠢᠨ ᠤᠰᠤ ᠬᠠᠩᠭᠠᠬᠤ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠦᠨ᠂ ᠤᠷ᠎ᠠ ᠮᠡᠷᠭᠡᠰᠢᠯ ᠨᠢ ᠲᠡᠭᠦᠯᠳᠡᠷ ᠪᠤᠰᠤ᠂ ᠠᠷᠢᠭᠤᠳᠬᠠᠬᠤ ᠲᠥᠬᠦᠭᠡᠷᠦᠮᠵᠢ ᠨᠢ ᠪᠦᠷᠢᠨ | ᠪᠤᠰᠤ᠂ ᠦᠢᠯᠡᠳᠪᠦᠷᠢ ᠠᠴᠠ ᠭᠠᠷᠤᠭᠰᠠᠨ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠶ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ | ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠶᠢ ᠴᠢᠩᠭᠠᠳᠬᠠᠨ᠂ ᠦᠵᠦᠭᠦᠷ ᠤᠨ ᠬᠡᠷᠡᠭᠯᠡᠭᠴᠢ ᠶᠢᠨ ᠬᠤᠶᠠᠳᠠᠬᠢ ᠤᠳᠠᠭ᠎ᠠ ᠤᠰᠤ ᠴᠡᠪᠡᠷᠯᠡᠬᠦ ᠶᠢ ᠪᠠᠭᠠᠰᠬᠠᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 24. ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠤᠣᠯ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠳᠠᠬᠢᠯᠲᠠ ᠤᠰᠤᠨ ᠤ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠨᠣᠭᠤᠭᠠᠷᠠᠭᠤᠯᠤᠯᠲᠠ ᠶᠢᠨ ᠤᠰᠤᠨ | ᠰᠤᠷᠪᠤᠯᠵᠢ ᠶᠢ ᠠᠯᠬᠤᠮ ᠠᠯᠬᠤᠮ ᠢᠶᠠᠷ ᠳᠠᠬᠢᠯᠲᠠ ᠤᠰᠤ ᠪᠠᠷ ᠰᠣᠯᠢᠨ᠎ᠠ᠃ 2025 ᠣᠨ ᠤ ᠰᠡᠭᠦᠯᠴᠢ ᠪᠠᠷ ᠲᠠᠬᠢᠯᠲᠠ ᠤᠰᠤᠨ ᠤ ᠬᠤᠭᠤᠯᠠᠢ ᠶᠢᠨ ᠲᠣᠣᠷ ᠤᠨ | ᠬᠡᠪᠴᠢᠶᠡᠨ ᠳᠣᠲᠣᠷᠠᠬᠢ ᠨᠣᠭᠤᠭᠠᠷᠠᠭᠤᠯᠤᠯᠲᠠ ᠳᠤ ᠬᠡᠷᠡᠭᠯᠡᠬᠦ ᠥᠪᠡᠰᠦᠪᠡᠨ ᠪᠡᠯᠡᠳᠬᠡᠭᠰᠡᠨ ᠬᠤᠳᠳᠤᠭ ᠤᠨ ᠬᠡᠷᠡᠭᠯᠡᠯᠲᠡ ᠶᠢ ᠵᠣᠭᠰᠣᠭᠠᠨ᠎ᠠ᠃ ᠬᠤᠰᠢᠭᠤ ᠰᠢᠶᠠᠨ | ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠤᠰᠤᠨ ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠲᠣᠭᠲᠠᠭᠠᠯ ᠶᠣᠰᠣᠭᠠᠷ ᠤᠰᠤ | ᠠᠪᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ᠂ ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠬᠡᠷᠡᠭᠲᠡᠶ᠃ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠲᠤᠰ ᠭᠠᠵᠠᠷ ᠣᠷᠣᠨ ᠳᠤ ᠲᠣᠬᠢᠷᠠᠬᠤ ᠭᠠᠩ ᠬᠠᠭᠰᠠᠷᠠᠭᠠᠨ ᠳᠤ ᠲᠡᠰᠪᠦᠷᠢᠲᠡᠶ ᠤᠷᠭᠤᠮᠠᠯ ᠤᠨ | ᠬᠤᠴᠢᠯᠭ᠎ᠠ ᠶᠢ ᠰᠣᠩᠭᠤᠨ ᠬᠡᠷᠡᠭᠯᠡᠵᠦ᠂ ᠤᠰᠤᠯᠠᠯᠲᠠ ᠶᠢᠨ ᠤᠳᠠᠭ᠎ᠠ ᠶᠢ ᠵᠦᠶ ᠵᠣᠬᠢᠰᠲᠠᠶ ᠲᠣᠬᠢᠷᠠᠭᠤᠯᠤᠨ᠂ ᠤᠰᠤᠨ ᠭᠠᠳᠠᠷᠭᠤ ᠶᠢᠨ ᠦᠵᠡᠮᠵᠢ ᠶᠢᠨ ᠬᠡᠷᠡᠭᠯᠡᠬᠦ | ᠤᠰᠤ ᠶᠢ ᠴᠢᠩᠭ᠎ᠠ ᠡᠵᠡᠮᠳᠡᠨ᠎ᠡ︔ ᠭᠠᠵᠠᠷ ᠳᠣᠤᠷᠠᠬᠢ ᠤᠰᠤ ᠶᠢ ᠬᠤᠲᠠ ᠶᠢᠨ ᠤᠰᠤᠨ ᠤ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠳᠤ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 25. ᠥᠪᠡᠰᠦᠪᠡᠨ ᠪᠡᠯᠡᠳᠬᠡᠭᠰᠡᠨ ᠬᠤᠳᠳᠤᠭ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ | ᠲᠣᠣᠷ ᠤᠨ ᠬᠠᠮᠤᠷᠬᠤ ᠬᠡᠪᠴᠢᠶᠡᠨ ᠳᠣᠲᠣᠷᠠᠬᠢ ᠥᠪᠡᠰᠦᠪᠡᠨ ᠪᠡᠯᠡᠳᠬᠡᠭᠰᠡᠨ ᠬᠤᠳᠳᠤᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠷᠠᠭᠤᠯᠵᠤ᠂ | ᠥᠪᠡᠰᠦᠪᠡᠨ ᠪᠡᠯᠡᠳᠬᠡᠭᠰᠡᠨ ᠬᠤᠳᠳᠤᠭ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠵᠢᠯ ᠪᠦᠷᠢ ᠣᠯᠠᠨ | ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠳᠣᠲᠣᠷᠠᠬᠢ ᠤᠬᠢᠶᠠᠯᠭ᠎ᠠ᠂ ᠲᠡᠷᠭᠡ ᠤᠬᠢᠶᠠᠬᠤ᠂ ᠢᠳᠡᠭᠡᠨ ᠤᠮᠳᠠᠭᠠᠨ᠂ ᠨᠡᠶᠢᠭᠡᠮ ᠲᠣᠭᠤᠷᠢᠭ᠂ | ᠨᠣᠭᠤᠭᠠᠷᠠᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ︽ᠪᠦᠬᠦ ᠲᠠᠯ᠎ᠠ︾ ᠤᠨ ᠪᠠᠶᠢᠴᠠᠭᠠᠯᠲᠠ ᠬᠢᠵᠦ᠂ ᠬᠠᠤᠯᠢ | ᠪᠤᠰᠤ ᠪᠠᠷ ᠤᠰᠤ ᠠᠪᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠢᠩᠭ᠎ᠠ ᠴᠣᠬᠢᠯᠲᠠ ᠥᠭᠴᠦ᠂ ᠢᠯᠳᠠᠷ ᠬᠠᠶᠠᠵᠤ ᠪᠣᠯᠬᠤ ᠥᠬᠡᠶ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠵᠢᠷᠭᠤᠭ᠎ᠠ︶ ᠤᠰᠤᠨ ᠤ ᠬᠡᠮᠵᠢᠶ᠎ᠡ ᠶᠢ ᠳᠤᠬᠢᠷᠠᠭᠤᠯᠬᠤ᠂ ᠢᠨᠵᠧᠨᠧᠷᠢᠩ ᠤᠨ ᠤᠰᠤ ᠳᠤᠬᠢᠷᠠᠭᠤᠯᠬᠤ ᠪᠠ ᠤᠰᠤᠲᠤᠯ ᠢ ᠵᠠᠯᠠᠬᠤ ᠪᠠ ᠪᠣᠷᠣᠭᠠᠨ ᠤ ᠤᠰᠤ ᠶᠢ | ᠠᠰᠢᠭᠯᠠᠬᠤ ᠶᠢ ᠴᠢᠩᠭᠠᠳᠬᠠᠵᠤ᠂ ᠭᠠᠵᠠᠷ ᠳᠤᠤᠷᠠᠬᠢ ᠤᠰᠤ ᠶᠢ ᠪᠦᠳᠦᠮᠵᠢᠲᠡᠢ ᠨᠦᠬᠦᠪᠦᠷᠢᠯᠡᠬᠦ ᠪᠠ ᠠᠷᠪᠢᠯᠠᠵᠤ᠂ ᠭᠠᠵᠠᠷ ᠳᠤᠤᠷᠠᠬᠢ ᠤᠰᠤᠨ ᠤ ᠲᠦᠪᠰᠢᠨ ᠢ | ᠳᠡᠭᠡᠭᠰᠢᠯᠡᠭᠦᠯᠦᠨ᠂ ᠭᠤᠤᠯ ᠮᠦᠷᠡᠨ ᠤ ᠠᠮᠢ ᠠᠬᠤᠢ ᠶᠢᠨ ᠰᠡᠷᠭᠦᠯᠲᠡ ᠶᠢ ᠠᠬᠢᠭᠤᠯᠤᠨ᠎ᠠ | 26. ᠪᠠᠷᠠᠭᠤᠨ ᠯᠢᠶᠣᠤ ᠾᠧ ᠭᠤᠣᠯ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃ ᠳᠡᠭᠡᠳᠦ ᠱᠠᠲᠤᠨ ᠠᠴᠠ | ᠪᠠᠭᠤᠯᠭᠠᠭᠰᠠᠨ ᠲᠣᠬᠢᠷᠠᠭᠤᠯᠬᠤ ᠵᠠᠷᠯᠢᠭ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠭᠤᠤᠯ ᠤᠷᠤᠰᠬᠠᠯ ᠢ ᠳᠣᠣᠷᠠᠳᠤ | ᠤᠷᠤᠰᠬᠠᠯ ᠳᠠᠰᠢ ᠤᠷᠲᠤᠳᠬᠠᠬᠤ ᠶᠢ ᠠᠬᠢᠭᠤᠯᠵᠤ᠂ ᠭᠤᠤᠯ ᠤᠷᠤᠰᠬᠠᠯ ᠢ 2024 ᠣᠨ ᠤ ᠣᠷᠣᠨ ᠪᠠᠶᠢᠷᠢ ᠳᠤ ᠬᠦᠷᠭᠡᠬᠦ ᠪᠠᠷ ᠴᠢᠷᠮᠠᠶᠢᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ︶ | 27. ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠤᠷᠤᠭᠤᠯᠬᠤ ᠢᠨᠵᠧᠨᠧᠷᠢᠩ ᠳᠤ ᠲᠦᠰᠢᠭᠯᠡᠨ ᠠᠮᠢ ᠠᠬᠤᠢ ᠶᠢᠨ ᠤᠰᠤ | ᠨᠥᠬᠦᠪᠥᠷᠢᠯᠡᠬᠦ ᠶᠢ ᠬᠡᠷᠡᠭᠵᠢᠭᠦᠯᠦᠨ᠎ᠡ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠤᠰᠤ ᠨᠡᠪᠲᠡᠷᠡᠭᠦᠯᠦᠭᠰᠡᠨ ᠤ ᠳᠠᠷᠠᠭ᠎ᠠ᠂ ᠭᠤᠣᠯ | ᠬᠤᠳᠠ ᠶᠢᠨ ᠲᠣᠭᠤᠷᠢᠭ ᠤᠨ ᠠᠮᠢᠳᠤᠷᠠᠯ ᠳᠤ ᠬᠡᠷᠡᠭᠯᠡᠬᠦ ᠭᠠᠵᠠᠷ ᠳᠣᠣᠷᠠᠬᠢ ᠤᠰᠤ ᠪᠠ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠳᠣᠣᠷᠠᠬᠢ ᠤᠰᠤ ᠶᠢ ᠤᠷᠢᠳᠠᠪᠠᠷ | ᠰᠣᠯᠢᠵᠤ᠂ ᠤᠰᠤ ᠲᠠᠲᠠᠬᠤ ᠬᠡᠮᠵᠢᠶ᠎ᠡ ᠨᠢ ᠰᠢᠨ᠎ᠡ ᠪᠠᠷ ᠨᠡᠮᠡᠭᠳᠡᠭᠰᠡᠨ ᠣᠰᠣᠨ ᠤ ᠬᠡᠷᠡᠭᠯᠡᠯᠲᠡ ᠶᠢ ᠬᠠᠩᠭᠠᠭᠰᠠᠨ ᠤ ᠳᠠᠷᠠᠭ᠎ᠠ᠂ ᠦᠯᠡᠳᠡᠭᠰᠡᠨ ᠤᠰᠤᠨ ᠤ ᠬᠡᠮᠵᠢᠶ᠎ᠡ ᠶᠢ | ᠭᠠᠵᠠᠷ ᠳᠣᠣᠷᠠᠬᠢ ᠤᠰᠤ ᠶᠢ ᠡᠭᠡᠭᠦᠯᠦᠨ ᠨᠥᠬᠦᠪᠦᠷᠢᠯᠡᠬᠦ ᠳᠤ ᠬᠡᠷᠡᠭᠯᠡᠵᠦ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠤᠷᠤᠢ ᠶᠢᠨ | ᠰᠦᠮ᠎ᠡ ᠶᠢᠨ ᠴᠥᠭᠦᠷᠥᠮ ᠢ ᠤᠰᠤ ᠬᠠᠳᠠᠭᠠᠯᠠᠬᠤ ᠨᠥᠬᠦᠴᠡᠯ ᠳᠤ ᠬᠦᠷᠭᠡᠵᠦ᠂ 2025 ᠣᠨ ᠤ ᠰᠡᠭᠦᠯᠴᠢ ᠠᠴᠠ ᠡᠮᠦᠨ᠎ᠡ ᠮᠤᠷᠤᠢ ᠶᠢᠨ ᠰᠦᠮ᠎ᠡ ᠶᠢᠨ | ᠴᠥᠭᠦᠷᠥᠮ ᠳᠤ ᠨᠥᠬᠦᠪᠦᠷᠢᠯᠡᠭᠰᠡᠨ ᠣᠰᠣᠨ ᠤ ᠬᠡᠮᠵᠢᠶ᠎ᠡ ᠶᠢ 6000 ᠲᠦᠮᠡᠨ ᠺᠦᠪ ᠮᠧᠲᠷ ᠠᠴᠠ ᠳᠡᠭᠡᠭᠰᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 28. ᠦᠶᠡᠷ ᠤᠨ ᠤᠰᠤ ᠪᠣᠯᠤᠨ ᠤᠰᠤᠳᠤᠯ ᠣᠰᠣᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ᠃ ᠪᠠᠷᠠᠭᠤᠨ ᠯᠢᠶᠣᠤ ᠾᠧ ᠭᠤᠤᠯ ᠤᠨ ᠰᠠᠪᠠ | ᠭᠠᠵᠠᠷ ᠲᠤ ᠦᠶᠡᠷ ᠭᠠᠷᠤᠭᠰᠠᠨ ᠦᠶ᠎ᠡ ᠳᠤ᠂ ᠣᠳᠣ ᠶᠢᠨ ᠪᠠᠶᠢᠭ᠎ᠠ ᠪᠠᠷᠢᠯᠭ᠎ᠠ ᠶᠢ ᠭᠦᠢᠴᠡᠳ ᠠᠰᠢᠭᠯᠠᠨ ᠦᠶᠡᠷ ᠢ ᠬᠠᠵᠠᠭᠤ ᠶᠢᠨ ᠴᠥᠭᠦᠷᠥᠮ ᠳᠤ ᠣᠷᠣᠭᠤᠯᠬᠤ | ᠬᠡᠷᠡᠭᠲᠡᠶ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠵᠤ᠂ ᠲᠠᠲᠠᠷᠠᠭᠤᠯᠬᠤ ᠪᠠ ᠬᠠᠳᠠᠭᠠᠯᠠᠬᠤ ᠶᠢ ᠤᠶᠠᠯᠳᠤᠭᠤᠯᠵᠤ᠂ ᠤᠰᠤᠲᠤᠯ ᠢ ᠵᠠᠯᠠᠬᠤ | ᠰᠤᠪᠠᠭ ᠢ ᠨᠡᠪᠲᠡᠷᠡᠭᠦᠯᠵᠦ᠂ ᠤᠰᠤᠲᠤᠯ ᠢ ᠵᠠᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠮᠰᠢᠭ ᠢ ᠰᠡᠷᠬᠡᠶᠢᠯᠡᠵᠥ ᠭᠠᠮᠰᠢᠭ ᠢ ᠪᠠᠭᠠᠰᠬᠠᠬᠤ | ᠴᠢᠳᠠᠪᠤᠷᠢ ᠶᠢ ᠲᠡᠭᠡᠭᠰᠢᠯᠡᠬᠦᠯᠬᠦ ᠶᠢᠨ ᠬᠠᠮᠳᠤ ᠤᠰᠤᠲᠤᠯ ᠤᠰᠤᠨ ᠤ ᠡᠬᠢ ᠪᠠᠶᠠᠯᠢᠭ ᠢ ᠬᠦᠢᠴᠡᠳ ᠠᠰᠢᠬᠯᠠᠵᠥ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ | ᠤᠰᠤᠲᠤᠯ ᠤᠰᠤ ᠶᠢ ᠲᠤᠭᠤᠯᠵᠢᠨ ᠠᠭᠤᠯᠠᠨ ᠤ ᠴᠥᠭᠦᠷᠥᠮ ᠳᠤ ᠣᠷᠣᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠨᠥᠬᠦᠪᠦᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠳᠤᠯᠤᠭ᠎ᠠ︶ ᠠᠮᠢ ᠠᠬᠤᠢ ᠶᠢᠨ ᠤᠰᠤ ᠠᠷᠪᠢᠯᠠᠬᠤ ᠠᠵᠢᠯ ᠢ ᠢᠳᠡᠪᠬᠢᠲᠡᠢ ᠠᠬᠢᠭᠤᠯᠤᠨ᠎ᠠ | 29. ᠣᠰᠣᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠤᠰᠤᠨ ᠰᠤᠷᠪᠤᠯᠵᠢ ᠶᠢ ᠬᠠᠳᠠᠭᠠᠯᠠᠬᠤ᠂ ᠤᠯᠤᠰ ᠤᠨ | ᠭᠠᠵᠠᠷ ᠰᠢᠷᠣᠶ ᠶᠢ ᠨᠣᠭᠤᠭᠠᠷᠠᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠨᠤᠭᠤ ᠭᠠᠵᠠᠷ ᠢ ᠰᠡᠷᠭᠦᠭᠡᠬᠦ ᠵᠡᠷᠭᠡ ᠨᠣᠭᠤᠭᠠᠷᠠᠭᠤᠯᠤᠯᠲᠠ ᠶᠢᠨ ᠠᠷᠭ᠎ᠠ | ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ ᠲᠠᠷᠢᠬᠤ ᠳᠤ ᠳᠣᠭᠢᠷᠠᠪᠠᠯ ᠡᠪᠡᠰᠦ ᠪᠡᠯᠴᠢᠭᠡᠷ ᠢ | ᠰᠡᠷᠭᠦᠭᠡᠵᠦ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ︔ ᠠᠶᠠᠨᠳᠠᠭᠠᠨ ᠰᠡᠷᠭᠦᠭᠡᠬᠦ ᠪᠠ | ᠬᠥᠮᠦᠨ ᠤ ᠬᠦᠴᠦ ᠪᠠᠷ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠣᠷᠣᠭᠠᠨ ᠢᠶᠠᠷ ᠤᠮᠳᠠᠯᠠᠵᠤ᠂ ᠤᠰᠤ ᠠᠷᠪᠢᠯᠠᠬᠤ ᠪᠠᠷ ᠤᠳᠤᠷᠢᠳᠤᠮᠵᠢ | ᠪᠣᠯᠭᠠᠵᠤ᠂ ᠤᠰᠤ ᠠᠷᠪᠢᠯᠠᠬᠤ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠶᠡᠬᠡᠪᠡᠷ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 30. ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠠᠬᠢᠭᠤᠯᠬᠤ ᠬᠡᠷᠡᠭᠲᠡᠶ᠃ ᠲᠤᠷᠤᠭ ᠮᠣᠳᠣ ᠪᠤᠲᠠᠯᠢᠭ ᠮᠣᠳᠣ | ᠡᠪᠡᠰᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠩ ᠬᠠᠭᠰᠠᠷᠠᠭᠠᠨ ᠳᠤ ᠲᠡᠰᠪᠦᠷᠢᠲᠡᠢ ᠤᠰᠤ ᠠᠷᠪᠢᠯᠠᠬᠤ ᠬᠡᠯᠪᠡᠷᠢ ᠶᠢᠨ ᠡᠪᠡᠰᠦ ᠮᠣᠳᠣ ᠶᠢᠨ ᠡᠭᠦᠯᠳᠡᠷ ᠢ | ᠤᠷᠢᠳᠠᠪᠠᠷ ᠰᠣᠩᠭᠤᠨ ᠬᠡᠷᠡᠭᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠶ ᠵᠣᠬᠢᠰᠲᠠᠶ | ᠳᠣᠭᠢᠷᠠᠭᠤᠯᠤᠨ᠎ᠠ︔ ᠣᠶ ᠰᠢᠭᠤᠶ ᠡᠪᠡᠰᠦ ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠤᠰᠤ | ᠠᠷᠪᠢᠯᠠᠬᠤ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠭᠡ ᠮᠡᠷᠭᠡᠵᠢᠯ ᠤᠨ ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠪᠠᠶᠢᠭᠠᠯᠢ ᠶᠢᠨ ᠬᠤᠷ᠎ᠠ | ᠲᠣᠨᠣᠳᠠᠰᠤ ᠪᠠ ᠳᠠᠬᠢᠯᠲᠠ ᠤᠰᠤ ᠶᠢ ᠵᠦᠶ ᠵᠣᠬᠢᠰᠲᠠᠶ ᠠᠰᠢᠭᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 31. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠰᠤᠨ ᠤ ᠶᠠᠪᠤᠳᠠᠯ᠂ ᠮᠠᠯ | ᠲᠠᠷᠢᠶᠠᠯᠠᠩ᠂ ᠠᠵᠤ ᠦᠢᠯᠡᠳᠪᠦᠷᠢ ᠴᠢᠮᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ᠂ ᠭᠠᠶᠢᠯᠢ ᠶᠢᠨ ᠶᠠᠪᠤᠳᠠᠯ᠂ ᠴᠠᠬᠢᠯᠭᠠᠨ ᠬᠦᠴᠦᠨ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | 32. ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠪᠠᠷ ᠤᠰᠤᠨ ᠤ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠳᠡᠮᠵᠢᠵᠦ᠂ ᠭᠤᠤᠯᠳᠠᠭᠤ | ᠲᠠᠷᠢᠶᠠᠯᠠᠩ ᠤᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠳᠡᠭᠢᠯᠳᠡ ᠤᠰᠤ ᠶᠢ | ᠠᠰᠢᠭᠯᠠᠵᠤ ᠲᠣᠬᠢᠷᠠᠭᠤᠯᠬᠤ ᠵᠡᠷᠭᠡ ᠲᠠᠯ᠎ᠠ ᠪᠠᠷ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠰᠤ ᠠᠷᠪᠢᠯᠠᠬᠤ ᠪᠡᠯᠡ ᠣᠷᠣᠭᠤᠯᠵᠤ ᠪᠡᠯᠡ | ᠲᠣᠬᠢᠷᠠᠭᠤᠯᠬᠤ ᠵᠠᠭᠪᠤᠷ ᠢ ᠥᠷᠭᠡᠳᠬᠡᠵᠦ᠂ ᠨᠡᠶᠢᠭᠡᠮ ᠤᠨ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ | 33. ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ | ᠪᠣᠯᠤᠨ ᠲᠤᠰᠬᠠᠶ ᠮᠡᠷᠭᠡᠵᠢᠯ ᠤᠨ ᠳᠠᠪᠠᠭᠤᠯᠢᠭ ᠶᠣᠰᠣᠭᠠᠷ᠂ ᠤᠰᠤ ᠠᠷᠪᠢᠯᠠᠬᠤ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠦᠨᠳᠦᠰᠦᠯᠡᠨ᠂ ᠠᠵᠢᠯ ᠲᠥᠷᠥᠯ ᠤᠨ | ᠵᠢᠯᠣᠭᠤᠳᠤᠯᠭ᠎ᠠ ᠪᠣᠯᠤᠨ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ | ᠬᠡᠷᠡᠭᠲᠡᠶ᠃ ᠮᠥᠷᠳᠡᠨ ᠲᠣᠬᠢᠷᠠᠭᠤᠯᠬᠤ᠂ ᠵᠠᠷᠯᠠᠨ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠠᠬᠢᠴᠠ ᠨᠢ ᠤᠳᠠᠭᠠᠨ ᠢ ᠵᠠᠷᠯᠠᠨ ᠮᠡᠳᠡᠭᠳᠡᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠬᠦᠴᠦᠨ ᠥᠬᠡᠶ ᠶᠢ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃ | 34. ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ | ᠶᠠᠩᠵᠤ ᠬᠡᠯᠪᠡᠷᠢ ᠶᠢᠨ᠂ ᠣᠷᠣᠨ ᠨᠤᠲᠤᠭ ᠪᠣᠯᠤᠨ ᠠᠵᠢᠯ ᠲᠥᠷᠥᠯ ᠤᠨ ᠣᠨᠴᠠᠯᠢᠭ ᠲᠠᠢ ᠤᠰᠤ ᠠᠷᠪᠢᠯᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ | ᠢᠳᠡᠪᠬᠢᠲᠡᠢ ᠤᠬᠠᠭᠠᠯᠠᠨ ᠥᠷᠨᠢᠭᠦᠯᠬᠦ ᠬᠡᠷᠡᠭᠲᠡᠶ᠃ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ ᠢ ᠪᠠᠶᠢᠭᠤᠯᠵᠤ᠂ | ᠤᠰᠤ ᠠᠷᠪᠢᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠪᠠᠷ | ᠳᠠᠮᠵᠢᠭᠤᠯᠤᠨ᠂ ᠤᠰᠤ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠰᠤ ᠠᠷᠪᠢᠯᠠᠬᠤ ᠣᠶᠢᠯᠠᠭᠠᠭᠳᠠᠬᠤᠨ ᠤ ᠮᠡᠳᠡᠯᠭᠡ ᠶᠢ | ᠤᠯᠠᠮᠵᠢᠯᠠᠵᠤ᠂ ︽ᠠᠷᠠᠳ ᠢᠷᠭᠡᠳ ᠤᠨ ᠤᠰᠤ ᠠᠷᠪᠢᠯᠠᠬᠤ ᠦᠢᠯᠡ ᠠᠵᠢᠯᠯᠠᠭ᠎ᠠ ᠶᠢᠨ ᠵᠢᠷᠤᠮᠵᠢᠯ︾ ᠢ ᠦᠢᠯᠡᠳᠦᠯᠭᠡᠵᠢᠭᠦᠯᠭᠦ ᠬᠡᠷᠡᠭᠲᠡᠶ︔ ᠤᠰᠤ ᠠᠷᠪᠢᠯᠠᠬᠤ ᠶᠢ | ᠰᠤᠷᠭᠠᠭᠤᠯᠢ ᠶᠢᠨ ᠬᠦᠷᠢᠶ᠎ᠡ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ︽ᠲᠠᠪᠤ ᠳᠤ | ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠨᠡᠶᠢᠭᠡᠮ ᠳᠠᠶᠠᠭᠠᠷ ᠲᠤ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠠᠭᠠᠯᠳᠤᠭᠤᠯᠤᠯ᠄ 1. ᠲᠦᠩᠯᠢᠶᠣᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠬᠠᠷᠠᠯᠲᠠ ᠶᠢᠨ ᠵᠠᠳᠠᠯᠤᠯᠲᠠ ᠶᠢᠨ ᠬᠦᠰᠦᠨᠦᠭᠲᠦ | 2. ᠲᠦᠩᠯᠢᠶᠣᠤ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | |