ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠦᠭᠦ ᠲᠠᠯ᠎ᠠ ᠪᠠᠷ ᠥᠷᠨᠢᠬᠦ ᠶᠢ ᠳᠠᠭᠠᠯᠳᠤᠨ᠂ ᠵᠠᠷᠤᠳ ᠬᠤᠰᠢᠭᠤ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠵᠦ᠂ ᠲᠠᠷᠢᠶᠠᠴᠢᠳ ᠤᠨ ᠰᠡᠳᠬᠢᠯ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠡᠷᠡᠭᠯᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠪᠠᠶᠢᠨ᠎ᠠ᠃ ᠣᠶᠢᠷ᠎ᠠ ᠳᠤ᠂ ᠵᠠᠷᠤᠳ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠪᠣᠯᠪᠠᠰᠤᠷᠠᠯ ᠤᠨ ᠬᠤᠷᠠᠯ ᠪᠠ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠬᠦ ᠪᠠᠷ ᠳᠡᠮᠵᠢᠨ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠪᠠᠶᠢᠭᠤᠯᠵᠤ ᠥᠭᠭᠦᠭᠰᠡᠨ ᠪᠠᠶᠢᠨ᠎ᠠ᠃ | ᠤᠷᠢᠳ ᠢᠶᠠᠷ ᠪᠣᠯᠪᠠᠰᠤᠷᠠᠯ ᠬᠦᠷᠲᠡᠭᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠬᠠᠤᠯᠢ ᠪᠠᠷ ᠵᠠᠰᠠᠬᠤ ᠰᠠᠭᠤᠷᠢ ᠶᠢ | ᠪᠠᠲᠤᠳᠬᠠᠪᠠ᠃ 2025 ᠣᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠤᠷᠠᠯ | ᠳᠡᠭᠡᠷ᠎ᠡ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠤᠯᠢ | ᠬᠡᠷᠡᠭᠵᠢᠭᠦᠯᠬᠦ ᠠᠵᠢᠯᠲᠠᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠭᠦᠨᠵᠡᠭᠡᠢ ᠨᠠᠷᠢᠨ ᠲᠠᠶᠢᠯᠤᠮᠵᠢ ᠬᠢᠵᠦ᠂ ᠲᠠᠷᠢᠶᠠᠨ ᠦᠷ᠎ᠡ ᠶᠢᠨ | ᠡᠵᠡᠩᠨᠡᠯᠲᠡ ᠶᠢᠨ ᠳᠠᠩᠰᠠᠯᠠᠯᠲᠠ ᠶᠢᠨ ᠶᠠᠪᠤᠴᠠ᠂ ᠲᠠᠷᠢᠶᠠᠨ ᠡᠮ ᠤᠨ ᠱᠣᠰᠢᠭ᠎ᠠ ᠶᠢ ᠪᠠᠶᠢᠴᠠᠭᠠᠨ ᠰᠢᠯᠭᠠᠬᠤ ᠭᠤᠣᠯᠳᠠᠯᠭ᠎ᠠ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ | ᠦᠨᠡᠮᠯᠡᠯ ᠢ ᠭᠤᠶᠤᠴᠢᠯᠠᠨ ᠭᠦᠢᠴᠡᠳᠬᠡᠬᠦ ᠨᠠᠷᠢᠨ ᠳᠦᠷᠢᠮ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢ | ᠵᠢᠷᠤᠮᠵᠢᠭᠤᠯᠬᠤ ᠵᠡᠷᠭᠡ ᠵᠠᠩᠭᠢᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠡᠢ᠃ ᠡᠭᠦᠨ ᠤ ᠬᠠᠮᠲᠤ ᠡᠯ᠎ᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠪᠡᠶᠡᠴᠢ ᠴᠣᠭᠴᠠ ᠨᠤᠭᠤᠳ ᠢ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠴᠣᠭᠴᠠᠯᠠᠵᠤ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠲᠠᠷᠢᠶᠠᠴᠢᠳ ᠢ ᠬᠢᠬᠠᠵᠤ ᠲᠠᠷᠢᠶᠠᠴᠢᠳ ᠤᠨ ᠠᠰᠢᠭ ᠲᠤᠰᠠ ᠶᠢ | ᠬᠤᠬᠢᠷᠠᠭᠤᠯᠬᠤ ᠬᠡᠷᠡᠭ ᠭᠠᠷᠬᠤ ᠶᠢ ᠡᠷᠡᠰ ᠲᠡᠪᠴᠢᠵᠦ᠂ ᠮᠠᠯᠴᠢᠨ ᠲᠠᠷᠢᠶᠠᠴᠢᠳ ᠤᠨ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠵᠤ | ᠠᠪᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠪᠣᠯᠪᠠᠰᠤᠷᠠᠯ ᠤᠨ ᠬᠤᠷᠠᠯ ᠤᠨ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠮᠠᠲ᠋ᠧᠷᠢᠶᠠᠯ ᠢ ᠨᠡᠶᠢᠲᠡ | 450 ᠭᠠᠷᠤᠢ ᠬᠤᠪᠢ ᠲᠠᠷᠬᠠᠭᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠭᠦᠨᠵᠡᠭᠡᠢ ᠰᠤᠷᠤᠯᠴᠠᠯᠭ᠎ᠠ ᠳᠤ ᠬᠦᠴᠦᠨ ᠨᠡᠮᠡᠷᠢᠯᠡᠪᠡ᠃ | ᠲᠤᠰᠬᠠᠢ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠶᠤᠯᠭᠦᠢ ᠶᠢᠨ ᠪᠣᠭᠤᠮᠲᠠ ᠶᠢ ᠴᠢᠩᠭ᠎ᠠ ᠰᠠᠬᠢᠪᠠ᠃ | ᠣᠶᠢᠷ᠎ᠠ ᠶᠢᠨ ᠡᠳᠦᠷ ᠠᠴᠠ ᠨᠠᠭᠠᠰᠢ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠶᠢᠨ ᠬᠠᠤᠯᠢ ᠬᠡᠷᠡᠭᠵᠢᠭᠦᠯᠦᠭᠴᠢ ᠪᠦᠭᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠭᠦᠨᠵᠡᠭᠡᠶᠢᠷᠡᠨ᠂ | ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠭᠡᠮ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠭᠡᠮ ᠰᠣᠭᠤᠭ᠂ ᠲᠠᠷᠢᠶᠠᠨ ᠡᠮ ᠬᠤᠳᠠᠯᠳᠤᠨ ᠠᠪᠬᠤ | ᠵᠢᠴᠢ ᠡᠬᠡ ᠲᠠᠩᠰᠠ ᠶᠢᠨ ᠲᠡᠮᠳᠡᠭᠯᠡᠯ ᠵᠡᠷᠭᠡ ᠶᠢᠨ ᠲᠣᠭᠤᠷᠢᠨ ᠳᠤ᠂ ᠬᠤᠳᠠᠯᠳᠤᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠳᠤ ᠪᠦᠭᠦ | ᠲᠠᠯ᠎ᠠ ᠶᠢᠨ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠢᠷᠡᠯᠲᠡ ᠲᠣᠳᠣᠷᠬᠠᠢ᠂ ᠣᠴᠢᠭᠰᠠᠨ ᠭᠠᠵᠠᠷ ᠨᠢ ᠲᠣᠳᠣᠷᠬᠠᠢ ᠪᠠᠶᠢᠬᠤ ᠶᠢ | ᠪᠠᠲᠤᠯᠠᠵᠤ᠂ ᠶᠠᠰᠤ ᠴᠢᠨᠠᠷ ᠢ ᠮᠥᠷᠳᠡᠨ ᠬᠢᠨᠠᠨ ᠬᠠᠮᠢᠶᠠᠷᠴᠤ ᠪᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠬᠤᠳᠠᠯᠳᠤᠭᠠᠴᠢᠨ ᠡᠷᠦᠭᠡ ᠳᠤ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠵᠤ᠂ ᠡᠵᠡᠩᠨᠡᠭᠴᠢᠳ ᠤᠨ ᠦᠨᠡᠨᠴᠢ ᠢᠲᠡᠭᠡᠮᠵᠢᠲᠡᠢ᠂ ᠬᠠᠤᠯᠢ ᠶᠣᠰᠣᠨ ᠤ᠂ ᠪᠣᠯᠪᠠᠰᠤᠨ ᠢᠶᠠᠷ ᠡᠵᠡᠩᠨᠡᠬᠦ ᠶᠢ | ᠵᠢᠯᠣᠭᠤᠳᠪᠠ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠪᠠᠷ ᠢᠷᠡᠭᠰᠡᠨ ᠸᠠᠩ ᠰᠡᠷᠭᠦᠯᠡᠩ᠄ ︽ᠤᠳᠤ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠮᠠᠰᠢ ᠵᠢᠷᠤᠮᠵᠢᠭᠤᠨ ᠪᠠᠶᠢᠨ᠎ᠠ᠂ ᠪᠢᠳᠡ ᠬᠡᠷᠡᠭᠯᠡᠬᠦ ᠳᠤ ᠰᠠᠨᠠᠭ᠎ᠠ ᠠᠮᠤᠷ ᠪᠠᠶᠢᠨ᠎ᠠ᠂ ᠡᠨᠡ ᠵᠢᠯ ᠤᠨ ᠬᠤᠷ᠎ᠠ ᠪᠣᠷᠣᠭᠠᠨ | ᠲᠡᠭᠰᠢ ᠪᠠᠶᠢᠵᠤ᠂ ᠰᠠᠶᠢᠨ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠭᠡᠵᠦ ᠶᠠᠷᠢᠨ᠎ᠠ᠃ | ᠳᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠶᠢᠨ ᠬᠢᠨ ᠦᠷᠭᠦᠯᠵᠢᠯᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠢ ᠵᠢᠷᠤᠮᠵᠢᠭᠤᠯᠵᠤ᠂ | ᠦᠨ᠎ᠡ ᠬᠠᠩᠰᠢ ᠭᠡᠲᠦ ᠥᠨᠳᠥᠷ᠂ ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠶᠠᠰᠤ ᠴᠢᠨᠠᠷ ᠪᠣᠯᠣᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠮᠠᠯᠴᠢᠨ | ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠡᠩ ᠰᠠᠶᠢᠲᠤᠷ ᠬᠠᠮᠠᠭᠠᠯᠠᠬᠤ ᠪᠣᠯᠣᠨ᠎ᠠ᠃ | ︵ᠭᠤᠸ᠎ᠠ ᠵᠠᠩ ᠢᠦᠢ ᠪᠠ ᠽᠧᠩ ᠬᠤᠸᠠ︶ | |