ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ
ᠨᠡᠶᠢᠲᠡᠯᠡᠭᠰᠡᠨ ᠴᠠᠭ᠄
2025/3/17
      ︵2025 ᠣᠨ ᠤ 2 ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠬᠤᠷᠠᠯ ᠠᠴᠠ ᠪᠠᠲᠤᠯᠠᠪᠠ︶      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠬᠤ ᠶᠢᠨ ᠲᠥᠯᠥᠭᠡ ︽ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠠᠰᠠᠭᠤᠳᠠᠯ ᠤᠨ ᠲᠤᠬᠠᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠠᠴᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠬᠢᠬᠦ ᠵᠢᠴᠢ ᠲᠡᠭᠦᠨ ᠳᠤ ᠬᠢᠨᠠᠯᠲᠠ ᠲᠠᠯᠪᠢᠵᠤ ᠬᠠᠮᠢᠶᠠᠷᠬᠤ ᠳᠤ ᠲᠤᠰ ᠳᠦᠷᠢᠮ ᠲᠣᠬᠢᠷᠠᠨ᠎ᠠ᠃      ᠲᠤᠰ ᠳᠦᠷᠢᠮ ᠳᠤ ᠬᠡᠯᠡᠵᠦ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠭᠡᠳᠡᠭ ᠨᠢ ᠵᠠᠷᠭᠤᠯᠳᠤᠭᠠᠨ ᠤ ᠠᠵᠢᠯᠯᠠᠭ᠎ᠠ ᠶᠢᠨ ᠳᠤᠮᠳᠠ ᠬᠢᠨᠠᠨ ᠲᠣᠭᠲᠠᠭᠠᠯᠲᠠ ᠬᠢᠬᠦ ᠬᠥᠮᠥᠨ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ ᠪᠤᠶᠤ ᠲᠤᠰᠬᠠᠢ ᠮᠡᠳᠡᠯᠭᠡ ᠶᠢ ᠬᠡᠷᠡᠭᠯᠡᠨ ᠵᠠᠷᠭᠤᠯᠳᠤᠭᠠᠨ ᠳᠤ ᠬᠤᠯᠪᠣᠭᠳᠠᠭᠰᠠᠨ ᠲᠤᠰᠬᠠᠢ ᠴᠢᠨᠠᠷᠲᠠᠢ ᠠᠰᠠᠭᠤᠳᠠᠯ ᠢ ᠢᠯᠭᠠᠨ ᠲᠣᠳᠣᠯᠠᠬᠤ ᠪᠠ ᠮᠠᠭᠠᠳᠯᠠᠬᠤ ᠶᠢᠨ ᠬᠠᠮᠲᠤ ᠬᠢᠨᠠᠨ ᠲᠣᠭᠲᠠᠭᠠᠯᠲᠠ ᠶᠢᠨ ᠰᠠᠨᠠᠯ ᠬᠠᠩᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃      ᠲᠣᠰ ᠳᠦᠷᠢᠮ ᠳᠤ ᠬᠡᠯᠡᠵᠦ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠭᠡᠳᠡᠭ ᠨᠢ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢ ᠡᠷᠭᠢᠯᠡᠵᠦ ᠪᠠᠶᠢᠭ᠎ᠠ ᠪᠠᠶᠢᠭᠤᠯᠤᠮᠵᠢ ᠪᠠ ᠠᠵᠢᠯᠲᠠᠨ ᠢ ᠵᠢᠭᠠᠵᠤ ᠪᠤᠶ᠃      ᠭᠤᠷᠪᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠪᠡᠶ᠎ᠡ ᠪᠠᠨ ᠳᠠᠭᠠᠭᠠᠬᠤ᠂ ᠪᠤᠰᠤᠳᠴᠢ᠂ ᠰᠢᠨᠵᠢᠯᠡᠬᠦ ᠤᠬᠠᠭᠠᠨᠴᠢ᠂ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠢᠯᠡᠷᠡᠭᠦᠯᠬᠦ ᠬᠡᠷᠡᠭᠲᠡᠢ᠃      ᠳᠥᠷᠪᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ ᠡᠷᠭᠢᠯᠡᠭᠦ ᠰᠠᠬᠢᠯᠭ᠎ᠠ ᠪᠠᠲᠤ ᠶᠢ ᠬᠢᠴᠢᠶᠡᠩᠭᠦᠶᠢᠯᠡᠨ ᠰᠠᠬᠢᠵᠤ᠂ ᠮᠡᠷᠭᠡᠵᠢᠯ ᠤᠨ ᠪᠠᠷᠢᠮᠵᠢᠶ᠎ᠠ ᠪᠠ ᠠᠵᠢᠯᠯᠠᠬᠤ ᠵᠢᠷᠤᠮᠵᠢᠯ ᠢ ᠬᠡᠷᠡᠭᠵᠢᠭᠦᠯᠵᠦ᠂ ᠠᠵᠢᠯ ᠡᠷᠭᠢᠯᠡᠭᠦ ᠠᠵᠢᠯᠯᠠᠭ᠎ᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠶᠢ ᠬᠠᠮᠠᠭᠠᠯᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠶᠣᠰᠣᠭᠠᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠥᠷᠨᠢᠭᠦᠯᠬᠦ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠠᠷ ᠳᠦᠷᠦᠵᠦ ᠪᠤᠯᠬᠤ ᠦᠭᠡᠢ᠃      ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠦᠢᠯᠡᠰ ᠤᠨ ᠬᠥᠭᠵᠢᠯᠲᠡ ᠶᠢ ᠲᠡᠮᠵᠢᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠢ᠃      ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠨᠢ ᠪᠦᠭᠦ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠡᠷᠭᠢᠯᠡᠭᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠡᠷᠭᠢᠯᠡᠭᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃      ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠡᠷᠡᠭ ᠰᠢᠢᠳᠪᠦᠷᠢᠯᠡᠬᠦ ᠪᠠᠶᠢᠭᠤᠯᠭ᠎ᠠ ᠵᠢᠴᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠰᠣᠯᠢᠯᠴᠠᠬᠤ ᠪᠠ ᠪᠠᠶᠢᠳᠠᠯ ᠢᠶᠠᠨ ᠮᠡᠳᠡᠭᠳᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ ᠪᠠᠲᠤᠯᠠᠨ᠎ᠠ᠃      ᠨᠠᠢᠮᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠡᠶᠢᠭᠡᠮᠯᠢᠭ ᠨᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ᠂ ᠬᠢᠨᠠᠯᠲᠠ ᠲᠠᠯᠪᠢᠯᠲᠠ ᠳᠣᠣᠷ᠎ᠠ᠂ ᠨᠡᠶᠢᠭᠡᠮᠯᠢᠭ ᠤᠨ ᠳᠦᠷᠢᠮ ᠶᠣᠰᠣᠭᠠᠷ ᠠᠵᠢᠯ ᠮᠡᠷᠭᠡᠵᠢᠯ ᠤᠨ ᠶᠣᠰᠣ ᠰᠤᠷᠲᠠᠬᠤᠨ᠂ ᠲᠤᠬᠠᠶᠢᠯᠠᠭᠰᠠᠨ ᠠᠵᠢᠯ ᠡᠷᠭᠢᠯᠡᠭᠦ ᠰᠠᠬᠢᠯᠭ᠎ᠠ ᠪᠠᠲᠤ ᠪᠠ ᠠᠵᠢᠯ ᠲᠦᠷᠦᠯ ᠤᠨ ᠵᠢᠷᠤᠮᠵᠢᠯ ᠵᠡᠷᠭᠡ ᠬᠥᠮᠦᠵᠢᠯ ᠪᠣᠯᠪᠠᠰᠤᠷᠠᠯ ᠪᠠ ᠬᠠᠮᠢᠶᠠᠷᠤᠯᠲᠠ ᠶᠢ ᠥᠷᠨᠢᠭᠦᠯᠵᠦ᠂ ᠵᠠᠭᠠᠯᠳᠤᠯᠭ᠎ᠠ ᠪᠠ ᠭᠡᠰᠢᠭᠦᠳ ᠤᠨ ᠭᠤᠮᠣᠳᠠᠯ ᠲᠣᠭᠠᠴᠢᠯᠲᠠ ᠶᠢ ᠭᠥᠯᠢᠶᠡᠨ ᠠᠪᠴᠤ ᠰᠢᠢᠳᠪᠦᠷᠢᠯᠡᠨ᠂ ᠠᠵᠢᠯ ᠡᠷᠭᠢᠯᠡᠭᠦ ᠵᠠᠭᠤᠷᠠᠯᠳᠤᠭᠠᠨ ᠢ ᠡᠶᠡᠳᠡᠭᠦᠯᠵᠦ᠂ ᠠᠵᠢᠯ ᠲᠦᠷᠦᠯ ᠤᠨ ᠵᠠᠯᠬᠠᠭᠠᠯ ᠴᠡᠭᠡᠷᠯᠡᠯ ᠢ ᠬᠡᠷᠡᠭᠵᠢᠭᠦᠯᠦᠨ᠂ ᠭᠡᠰᠢᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃      ᠶᠢᠰᠦᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠠᠮᠢᠶ᠎ᠠ ᠪᠦᠬᠦᠢ ᠤᠨᠤᠯ ᠤᠨ ᠰᠤᠳᠤᠯᠭᠠᠨ ᠪᠠ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠬᠦ ᠶᠢ ᠵᠣᠷᠢᠭᠵᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠨ ᠴᠢᠨᠠᠷ ᠰᠠᠶᠢᠲᠠᠢ᠂ ᠥᠨᠳᠥᠷ ᠲᠦᠪᠰᠢᠨ᠂ ᠲᠤᠰᠬᠠᠢ ᠮᠡᠷᠭᠡᠵᠢᠯ ᠤᠨ ᠣᠨᠴᠠᠯᠢᠭ ᠲᠠᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃      ᠬᠤᠶᠠᠳᠤᠭᠠᠷ ᠪᠦᠯᠦᠭ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ      ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠣᠣᠷᠠᠬᠢ ᠮᠡᠲᠦ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠢᠨᠠᠨ ᠲᠣᠭᠲᠠᠭᠠᠯᠲᠠ ᠬᠢᠬᠦ ᠬᠥᠮᠥᠨ ᠳᠤ ᠳᠠᠩᠰᠠᠯᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠄      ︵ᠨᠢᠭᠡ︶ ᠬᠠᠤᠯᠢ ᠶᠢᠨ ᠡᠮᠴᠢ ᠶᠢᠨ ᠲᠦᠷᠦᠯ ᠤᠨ ᠬᠢᠨᠠᠨ ᠲᠣᠬᠲᠠᠭᠠᠯᠲᠠ︔      ︵ᠬᠤᠶᠠᠷ︶ ᠪᠣᠳᠠᠰ ᠤᠨ ᠭᠡᠷᠡᠴᠢ ᠶᠢᠨ ᠲᠦᠷᠦᠯ ᠤᠨ ᠬᠢᠨᠠᠨ ᠲᠣᠬᠲᠠᠭᠠᠯᠲᠠ︔      ︵ᠭᠤᠷᠪᠠ︶ ᠳᠠᠭᠤᠤ ᠳᠦᠷᠰᠦ ᠶᠢᠨ ᠮᠠᠲ᠋ᠧᠷᠢᠶᠠᠯ ᠤᠨ ᠬᠢᠨᠠᠨ ᠲᠣᠬᠲᠠᠭᠠᠯᠳᠠ︔      ︵ᠳᠥᠷᠪᠡ︶ ᠣᠷᠴᠢᠨ ᠲᠣᠭᠤᠷᠢᠨ ᠤ ᠬᠤᠬᠢᠷᠠᠯ ᠤᠨ ᠬᠢᠨᠠᠨ ᠲᠣᠬᠲᠠᠭᠠᠯᠲᠠ︔      ︵ᠲᠠᠪᠤ︶ ᠵᠠᠷᠭᠤ ᠶᠢᠨ ᠬᠡᠷᠡᠭᠴᠡᠭᠡ ᠶᠢ ᠦᠨᠳᠦᠰᠦᠯᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠲᠠᠢ ᠵᠥᠪᠳᠡᠯᠴᠡᠨ ᠲᠣᠭᠲᠠᠭᠠᠭᠰᠠᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠢᠨᠠᠨ ᠲᠣᠭᠲᠠᠭᠠᠯᠲᠠ ᠬᠢᠬᠦ ᠬᠥᠮᠥᠨ ᠢ ᠲᠠᠩᠰᠠᠯᠠᠨ ᠬᠠᠮᠢᠶᠠᠷᠬᠤ ᠴᠢᠬᠤᠯᠠᠲᠠᠢ ᠪᠤᠰᠤᠳ ᠬᠢᠨᠠᠨ ᠲᠣᠭᠲᠠᠭᠠᠬᠤ ᠵᠦᠢᠯᠡᠰ᠃      ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ ᠪᠣᠯ ᠡᠮᠦᠨᠡᠬᠢ ᠬᠡᠰᠡᠭ ᠲᠤ ᠲᠣᠭᠲᠠᠭᠠᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠡᠷᠭᠢᠯᠡᠵᠦ ᠪᠤᠯᠬᠤ ᠦᠭᠡᠢ᠃      ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠪᠦᠲᠦᠴᠡ ᠶᠢ ᠰᠢᠯᠢᠳᠡᠭᠵᠢᠭᠦᠯᠬᠦ᠂ ᠡᠮᠬᠢ ᠵᠢᠷᠤᠮ ᠲᠠᠢ ᠪᠠᠷ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄      ︵ᠨᠢᠭᠡ︶ ᠨᠡᠷᠡᠶᠢᠳᠦᠯ᠂ ᠣᠷᠣᠨ ᠰᠠᠭᠤᠴᠠ ᠪᠠ ᠲᠣᠭᠲᠠᠭᠠᠭᠰᠠᠨ ᠲᠤᠭ᠎ᠠ ᠳᠤ ᠨᠡᠶᠢᠴᠡᠬᠦ ᠪᠡᠯᠡ ᠮᠥᠩᠭᠦ ᠲᠠᠢ ᠪᠠᠶᠢᠬᠤ︔      ︵ᠬᠤᠶᠠᠷ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠤᠨ ᠲᠣᠳᠣᠷᠬᠠᠢ ᠬᠡᠪᠴᠢᠶ᠎ᠡ ᠲᠠᠢ ᠪᠠᠶᠢᠬᠤ︔      ︵ᠭᠤᠷᠪᠠ︶ ᠲᠤᠬᠠᠶᠢᠯᠠᠭᠰᠠᠨ ᠠᠵᠢᠯ ᠤᠨ ᠬᠡᠪᠴᠢᠶᠡᠨ ᠳᠡᠭᠡᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠳᠤ ᠵᠠᠪᠠᠯ ᠬᠡᠷᠡᠭᠰᠡᠬᠦ ᠬᠡᠮᠵᠢᠭᠦᠷᠯᠢᠭ᠂ ᠲᠥᠬᠦᠭᠡᠷᠦᠮᠵᠢ ᠲᠠᠢ ᠪᠠᠶᠢᠬᠤ︔      ︵ᠳᠥᠷᠪᠡ︶ ᠲᠤᠬᠠᠶᠢᠯᠠᠭᠰᠠᠨ ᠠᠵᠢᠯ ᠤᠨ ᠬᠡᠪᠴᠢᠶᠡᠨ ᠳᠡᠭᠡᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠳᠤ ᠡᠷᠬᠡᠪᠰᠢ ᠱᠠᠭᠠᠷᠳᠠᠭᠳᠠᠬᠤ ᠬᠠᠤᠯᠢ ᠶᠣᠰᠣᠭᠠᠷ ᠬᠡᠮᠵᠢᠯᠲᠡ ᠶᠢᠨ ᠭᠡᠷᠡᠴᠢᠯᠡᠯ ᠪᠤᠶᠤ ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠢ ᠣᠯᠣᠭᠰᠠᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠲᠠᠢ ᠪᠠᠶᠢᠬᠤ︔      ︵ᠲᠠᠪᠤ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠨᠢᠭᠡᠪᠦᠷᠢ ᠳᠤ ᠭᠤᠷᠪᠠ ᠠᠴᠠ ᠳᠡᠭᠡᠭᠰᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠲᠠᠢ ᠪᠠᠶᠢᠬᠤ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠡᠷᠭᠢᠯᠡᠭᠦ ᠪᠠᠷ ᠭᠤᠶᠤᠴᠢᠯᠠᠭᠰᠠᠨ ᠨᠢ ᠬᠤᠯᠪᠣᠭᠳᠠᠯ ᠪᠦᠬᠦᠢ ᠠᠵᠢᠯ ᠲᠦᠷᠦᠯ ᠤᠨ ᠣᠨᠴᠠᠭᠠᠢ ᠱᠠᠭᠠᠷᠳᠠᠯᠭ᠎ᠠ ᠳᠤ ᠬᠤᠯᠪᠣᠭᠳᠠᠭᠰᠠᠨ ᠪᠠᠶᠢᠪᠠᠯ᠂ ᠡᠮᠦᠨᠡᠬᠢ ᠬᠡᠰᠡᠭ ᠲᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠠᠴᠠ ᠭᠠᠳᠠᠨ᠎ᠠ ᠪᠠᠰᠠ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠠ ᠠᠵᠢᠯ ᠲᠦᠷᠦᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠠᠭᠠᠨ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠮᠡᠬᠡᠯᠡᠨ ᠳᠠᠩᠰᠠᠯᠠᠭᠤᠯᠵᠤ ᠪᠤᠯᠬᠤ ᠦᠭᠡᠢ᠃      ᠠᠷᠪᠠᠨ ᠭᠤᠷᠪᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄      ︵ᠨᠢᠭᠡ︶ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠳᠠᠭ ᠮᠣᠷᠠᠯ ᠰᠤᠷᠲᠠᠯ ᠰᠠᠶᠢᠲᠠᠢ ᠠᠷᠠᠳ ᠢᠷᠭᠡᠨ︔      ︵ᠬᠤᠶᠠᠷ︶ ᠡᠷᠭᠢᠯᠡᠭᠦ ᠪᠠᠷ ᠭᠤᠶᠤᠴᠢᠯᠠᠵᠤ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠲᠠᠢ ᠪᠠᠶᠢᠬᠤ︔ ᠡᠰᠡᠭᠦᠯ᠎ᠡ ᠡᠷᠭᠢᠯᠡᠭᠦ ᠪᠠᠷ ᠭᠤᠶᠤᠴᠢᠯᠠᠵᠤ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠲᠤᠰᠬᠠᠢ ᠮᠡᠷᠭᠡᠵᠢᠯ ᠤᠨ ᠠᠵᠢᠯ ᠡᠷᠭᠢᠯᠡᠭᠦ ᠬᠢᠷᠢ ᠭᠡᠮ ᠪᠤᠶᠤ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠬᠤᠯᠪᠣᠭᠳᠠᠯ ᠪᠦᠬᠦᠢ ᠠᠵᠢᠯ ᠢ ᠲᠠᠪᠤᠨ ᠵᠢᠯ ᠠᠴᠠ ᠳᠡᠭᠡᠭᠰᠢ ᠬᠢᠭᠰᠡᠨ ᠪᠠᠶᠢᠬᠤ︔ ᠡᠰᠡᠬᠦᠯ᠎ᠡ ᠡᠷᠭᠢᠯᠡᠭᠦ ᠪᠠᠷ ᠭᠤᠶᠤᠴᠢᠯᠠᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠠᠵᠢᠯ ᠢ ᠠᠷᠪᠠᠨ ᠵᠢᠯ ᠠᠴᠠ ᠳᠡᠭᠡᠭᠰᠢ ᠬᠢᠭᠰᠡᠨ ᠥᠩᠭᠡᠷᠡᠯᠲᠡ ᠲᠠᠢ᠂ ᠨᠡᠯᠢᠶᠡᠳ ᠴᠢᠩᠭ᠎ᠠ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠲᠠᠢ ᠪᠠᠶᠢᠬᠤ︔      ︵ᠭᠤᠷᠪᠠ︶ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠤᠨ ᠬᠡᠷᠡᠭᠴᠡᠭᠡ ᠳᠤ ᠵᠣᠬᠢᠴᠠᠵᠤ ᠴᠢᠳᠠᠬᠤ︔      ︵ᠳᠥᠷᠪᠡ︶ ᠠᠵᠢᠯ ᠡᠷᠭᠢᠯᠡᠭᠦ ᠪᠠᠷ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠤᠶᠤ ︽ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ︾ ᠢ ᠨᠢᠭᠡᠨᠲᠡ ᠣᠯᠣᠭᠰᠠᠨ ᠪᠤᠶᠤ ᠶᠠᠭ ᠭᠤᠶᠤᠴᠢᠯᠠᠵᠤ ᠪᠠᠶᠢᠬᠤ᠃      ᠡᠷᠭᠢᠯᠡᠭᠦ ᠪᠠᠷ ᠭᠤᠶᠤᠴᠢᠯᠠᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠨᠢ ᠠᠵᠢᠯ ᠲᠦᠷᠦᠯ ᠤᠨ ᠣᠨᠴᠠᠭᠠᠢ ᠱᠠᠭᠠᠷᠳᠠᠯᠭ᠎ᠠ ᠳᠤ ᠬᠤᠯᠪᠣᠭᠳᠠᠭᠰᠠᠨ ᠪᠠᠶᠢᠪᠠᠯ᠂ ᠡᠮᠦᠨᠡᠬᠢ ᠬᠡᠰᠡᠭ ᠲᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ ᠠᠴᠠ ᠭᠠᠳᠠᠨ᠎ᠠ ᠪᠠᠰᠠ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠠ ᠠᠵᠢᠯ ᠲᠦᠷᠦᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢᠶᠠᠷ ᠳᠠᠩᠰᠠᠯᠠᠭᠤᠯᠬᠤ ᠪᠠᠷ ᠭᠤᠶᠤᠴᠢᠯᠠᠬᠤ ᠳᠠᠭᠠᠨ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠮᠡᠬᠡᠯᠡᠨ ᠳᠠᠩᠰᠠᠯᠠᠭᠤᠯᠵᠤ ᠪᠤᠯᠬᠤ ᠦᠭᠡᠢ᠃      ᠠᠷᠪᠠᠨ ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢᠶᠠᠷ ᠳᠠᠩᠰᠠᠯᠠᠭᠤᠯᠬᠤ ᠶᠢ ᠭᠤᠶᠤᠴᠢᠯᠠᠵᠤ ᠪᠤᠯᠬᠤ ᠦᠭᠡᠢ᠄      ︵ᠨᠢᠭᠡ︶ ᠵᠣᠷᠢᠭᠤᠳᠠ ᠶᠠᠯ᠎ᠠ ᠬᠢᠭᠰᠡᠨ ᠪᠤᠶᠤ ᠲᠤᠰᠢᠶᠠᠯ ᠤᠨ ᠠᠳᠡᠯ ᠠᠴᠠ ᠪᠣᠯᠵᠤ ᠶᠠᠯ᠎ᠠ ᠬᠢᠭᠡᠳ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ︔      ︵ᠬᠤᠶᠠᠷ︶ ᠠᠯᠪᠠᠨ ᠲᠤᠰᠢᠶᠠᠯ ᠠᠴᠠ ᠨᠢ ᠬᠥᠭᠡᠭᠡᠬᠦ ᠰᠢᠢᠳᠬᠡᠯ ᠣᠯᠵᠤ ᠥᠩᠭᠡᠷᠡᠭᠰᠡᠨ︔      ︵ᠭᠤᠷᠪᠠ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠳᠠᠩᠰᠠᠯᠠᠯᠲᠠ ᠶᠢ ᠬᠦᠴᠦᠨ ᠦᠭᠡᠢ ᠪᠤᠯᠭᠠᠬᠰᠠᠨ︔      ︵ᠳᠥᠷᠪᠡ︶ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠨᠢ ᠠᠵᠢᠯ ᠢ ᠨᠢ ᠵᠣᠭᠰᠤᠭᠠᠬᠤ ᠰᠢᠢᠳᠬᠡᠯ ᠣᠯᠵᠤ᠂ ᠰᠢᠢᠳᠬᠡᠯ ᠤᠨ ᠬᠤᠭᠤᠴᠠᠭ᠎ᠠ ᠨᠢ ᠳᠠᠭᠤᠰᠤᠭᠠᠳᠤᠢ ᠪᠠᠶᠢᠬᠤ︔      ︵ᠲᠠᠪᠤ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠶᠢ ᠨᠢ ᠭᠢᠵᠠᠭᠠᠷᠯᠠᠬᠰᠠᠨ︔      ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠠᠷᠪᠠᠨ ᠲᠠᠪᠤᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢᠭᠡ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠠᠵᠢᠯ ᠡᠷᠭᠢᠯᠡᠭᠦ ᠬᠡᠷᠡᠭᠲᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠲᠤᠰᠢᠶᠠᠯ ᠬᠠᠪᠰᠤᠷᠭᠠᠨ ᠬᠢᠬᠦ ᠳᠤ ᠭᠦᠷᠪᠡᠯ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠪᠠᠶᠢᠭ᠎ᠠ ᠨᠢᠭᠡᠴᠢ ᠶᠢᠨ ᠬᠢᠨᠢ ᠵᠥᠪᠰᠢᠶᠡᠷᠡᠭᠰᠡᠨ ᠪᠢᠴᠢᠭ ᠤᠨ ᠰᠠᠨᠠᠯ ᠢ ᠬᠠᠩᠭᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠡᠷᠭᠢᠯᠡᠭᠦ ᠪᠠᠷ ᠳᠠᠩᠰᠠᠯᠠᠭᠤᠯᠬᠤ ᠶᠢ ᠭᠤᠶᠤᠴᠢᠯᠠᠬᠤ ᠳᠤ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ︔ ᠬᠤᠪᠢ ᠬᠥᠮᠥᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ  ᠶᠢᠨ ᠲᠤᠬᠠᠶᠢᠯᠠᠭᠰᠠᠨ ᠠᠵᠢᠯ ᠡᠷᠭᠢᠯᠡᠭᠦ ᠪᠠᠷ ᠭᠤᠶᠤᠴᠢᠯᠠᠭᠰᠠᠨ ᠮᠠᠲ᠋ᠧᠷᠢᠶᠠᠯ ᠢ ᠠᠵᠢᠯ ᠡᠷᠭᠢᠯᠡᠭᠦ ᠪᠠᠷ ᠭᠤᠶᠤᠴᠢᠯᠠᠬᠤ ᠭᠡᠵᠦ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠲᠤᠰᠢᠶᠠᠬᠤ ᠬᠡᠷᠡᠭᠲᠡᠢ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠤᠶᠤᠴᠢᠯᠠᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ᠂ ᠠᠷᠪᠠᠨ ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠥᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠢᠨᠠᠵᠤ ᠳᠠᠭᠤᠰᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠠᠩᠰᠠᠯᠠᠭᠤᠯᠬᠤ ᠶᠢ ᠵᠥᠪᠰᠢᠶᠡᠷᠡᠬᠦ ᠶᠢᠨ ᠬᠠᠮᠲᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠡᠷᠭᠢᠯᠡᠭᠦ ᠦᠨᠡᠮᠯᠡᠯ ᠣᠯᠭᠤᠨ᠎ᠠ︔ ᠨᠥᠭᠦᠴᠡᠯ ᠳᠤ ᠨᠡᠶᠢᠴᠡᠬᠦ ᠦᠭᠡᠢ ᠪᠠᠶᠢᠪᠠᠯ᠂ ᠲᠠᠩᠰᠠᠯᠠᠵᠤ ᠥᠭᠬᠦ ᠦᠭᠡᠢ ᠪᠥᠭᠡᠳ ᠤᠴᠢᠷ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠢᠯ ᠡᠷᠭᠢᠯᠡᠭᠦ ᠪᠠᠶᠢᠭᠤᠯᠤᠮᠵᠢ ᠶᠢᠨ ᠠᠵᠢᠯ ᠡᠷᠭᠢᠯᠡᠭᠦ ᠲᠠᠯᠠᠪᠤᠷ᠂ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ᠂ ᠬᠡᠮᠵᠢᠭᠦᠷᠯᠢᠭ᠂ ᠲᠥᠬᠦᠭᠡᠷᠦᠮᠵᠢ ᠵᠡᠷᠭᠡ ᠶᠢ ᠬᠢᠨᠠᠨ ᠰᠢᠯᠭᠠᠵᠤ᠂ ᠠᠵᠢᠯ ᠡᠷᠭᠢᠯᠡᠭᠦ ᠪᠠᠷ ᠪᠠᠶᠢᠭ᠎ᠠ ᠬᠥᠮᠥᠰ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ᠂ ᠬᠢᠨᠠᠨ ᠲᠣᠭᠲᠠᠭᠠᠯᠲᠠ ᠶᠢᠨ ᠮᠡᠷᠭᠡᠵᠢᠯ ᠤᠨ ᠮᠡᠳᠡᠯᠭᠡ ᠪᠣᠯᠣᠨ ᠬᠢᠨᠠᠨ ᠲᠣᠭᠲᠠᠭᠠᠯᠲᠠ ᠶᠢᠨ ᠪᠣᠳᠠᠲᠠᠢ ᠠᠵᠢᠯᠯᠠᠬᠤ ᠴᠢᠳᠠᠪᠤᠷᠢ ᠵᠡᠷᠭᠡ ᠶᠢ ᠬᠢᠨᠠᠨ ᠰᠢᠯᠭᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠰᠢᠯᠭᠠᠭᠰᠠᠨ ᠴᠦ ᠪᠣᠯᠣᠨ᠎ᠠ᠃ ᠬᠢᠨᠠᠨ ᠰᠢᠯᠭᠠᠬᠤ ᠴᠠᠭ ᠢ ᠬᠢᠨᠠᠨ ᠬᠠᠷᠭᠤᠭᠤᠯᠬᠤ ᠴᠠᠭ ᠬᠤᠭᠤᠴᠠᠭ᠎ᠠ ᠳᠤ ᠪᠤᠳᠤᠵᠤ ᠣᠷᠣᠭᠤᠯᠬᠤ ᠦᠭᠡᠢ᠃      ᠠᠷᠪᠠᠨ ᠳᠣᠯᠣᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ  ᠶᠢᠨ ᠠᠵᠢᠯ ᠡᠷᠭᠢᠯᠡᠭᠦ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠳᠠᠭᠤᠰᠤᠭᠠᠳ ᠦᠷᠭᠦᠯᠵᠢᠯᠡᠭᠦᠯᠬᠦ ᠴᠢᠬᠤᠯᠠᠲᠠᠢ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠭᠤᠴᠢᠨ ᠡᠳᠦᠷ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠳᠠᠩᠰᠠᠯᠠᠯᠲᠠ ᠶᠢᠨ ᠵᠦᠢᠯᠡᠰ ᠲᠤ ᠬᠤᠪᠢᠷᠠᠯᠲᠠ ᠭᠠᠷᠤᠭᠰᠠᠨ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠤᠪᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃      ᠬᠦᠴᠦᠨ ᠲᠠᠢ ᠬᠤᠭᠤᠴᠠᠭ᠎ᠠ ᠪᠠᠨ ᠤᠷᠲᠤᠳᠬᠠᠬᠤ ᠳᠤ᠂ ᠳᠠᠩᠰᠠᠯᠠᠭᠤᠯᠤᠭᠰᠠᠨ ᠵᠦᠢᠯᠡᠰ ᠢᠶᠠᠨ ᠬᠤᠪᠢᠷᠠᠭᠤᠯᠬᠤ ᠳᠤ ᠲᠣᠰ ᠳᠦᠷᠢᠮ ᠤᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠠᠷᠪᠠᠨ ᠲᠠᠪᠤᠳᠤᠭᠠᠷ ᠵᠦᠢᠯ᠂ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠠᠤᠯᠢ ᠪᠠᠷᠢᠬᠤ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠡᠷᠭᠢᠯᠡᠭᠦ ᠦᠨᠡᠮᠯᠡᠯ ᠢ ᠲᠣᠬᠢᠲᠠᠢ ᠬᠠᠳᠠᠭᠠᠯᠠᠨ ᠬᠠᠮᠢᠶᠠᠷᠬᠤ ᠬᠡᠷᠡᠭᠲᠡᠢ᠂ ᠪᠠᠯᠠᠯᠤᠨ ᠥᠭᠡᠷᠡᠲᠦᠭᠦᠯᠵᠦ᠂ ᠰᠢᠯᠵᠢᠭᠦᠯᠦᠨ ᠥᠭᠴᠦ᠂ ᠲᠦᠷᠢᠶᠡᠰᠦᠯᠡᠭᠦᠯᠵᠦ᠂ ᠵᠢᠭᠡᠯᠡᠭᠦᠯᠵᠦ ᠪᠤᠯᠬᠤ ᠦᠭᠡᠢ᠃      ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠭᠦ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠨᠡᠷᠡᠰ ᠤᠨ ᠳᠡᠪᠲᠡᠷ ᠢ ᠨᠠᠶᠢᠷᠠᠭᠤᠯᠤᠨ ᠵᠣᠬᠢᠶᠠᠵᠤ᠂ ᠨᠡᠶᠢᠭᠡᠮ ᠨᠡᠶᠢᠲᠡ ᠳᠤ ᠵᠠᠷᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ᠃      ᠬᠤᠷᠢᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠲᠤᠰ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠪᠠᠶᠢᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠤᠯᠢ ᠶᠣᠰᠣᠭᠠᠷ ᠬᠦᠴᠦᠨ ᠦᠭᠡᠢ ᠪᠤᠯᠭᠠᠬᠤ ᠳᠠᠩᠰᠠᠯᠠᠯᠲᠠ ᠶᠢ ᠭᠦᠢᠴᠡᠳᠬᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠬᠡᠷᠡᠭᠲᠡᠢ᠄      ︵ᠨᠢᠭᠡ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠪᠠᠨ ᠵᠣᠭᠰᠤᠭᠠᠬᠤ ᠪᠠᠷ ᠬᠠᠤᠯᠢ ᠶᠣᠰᠣᠭᠠᠷ ᠭᠤᠶᠤᠴᠢᠯᠠᠬᠰᠠᠨ︔      ︵ᠬᠤᠶᠠᠷ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠬᠢᠵᠦ ᠪᠠᠶᠢᠭ᠎ᠠ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢ ᠵᠤᠬᠰᠤᠭᠠᠬᠰᠠᠨ︔      ︵ᠭᠤᠷᠪᠠ︶ ᠰᠠᠶᠢᠨ ᠳᠤᠷ᠎ᠠ ᠠᠴᠠ ᠪᠠᠨ ᠲᠠᠷᠬᠠᠭᠰᠠᠨ ᠪᠤᠶᠤ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠡᠷᠭᠢᠯᠡᠭᠦ ᠶᠢ ᠨᠢ ᠵᠣᠭᠰᠣᠭᠠᠭᠠᠳ ᠨᠢᠭᠡ ᠵᠢᠯ ᠠᠴᠠ ᠭᠡᠲᠦᠷᠡᠭᠰᠡᠨ︔      ︵ᠳᠥᠷᠪᠡ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ ᠪᠠᠶᠢᠲᠠᠯ᠎ᠠ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠤᠶᠤ ᠦᠷᠭᠦᠯᠵᠢᠯᠡᠨ ᠬᠢᠨᠠᠨ ᠬᠠᠷᠭᠤᠭᠤᠯᠤᠭᠰᠠᠨ ᠨᠢ ᠪᠠᠲᠤᠯᠠᠭᠳᠠᠭᠰᠠᠨ ᠦᠭᠡᠢ︔      ︵ᠲᠠᠪᠤ︶ ᠬᠠᠤᠯᠢ ᠶᠣᠰᠣᠭᠠᠷ ᠳᠠᠩᠰᠠᠯᠠᠯᠲᠠ ᠶᠢ ᠨᠢ ᠬᠦᠴᠦᠨ ᠦᠭᠡᠢ ᠪᠤᠯᠭᠠᠬᠰᠠᠨ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠵᠦᠢᠯᠡᠰ ᠲᠤ ᠬᠤᠪᠢᠷᠠᠯᠲᠠ ᠭᠠᠷᠤᠭᠠᠳ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠵᠢᠷᠭᠤᠭᠠᠨ ᠰᠠᠷ᠎ᠠ ᠶᠢᠨ ᠳᠣᠲᠣᠷ᠎ᠠ ᠨᠥᠬᠦᠵᠦ ᠭᠦᠢᠴᠡᠳᠬᠡᠬᠦ ᠭᠡᠷᠡᠭᠲᠡᠢ︔ ᠬᠤᠭᠤᠴᠠᠭ᠎ᠠ ᠨᠢ ᠥᠩᠭᠡᠷᠡᠲᠡᠯ᠎ᠡ ᠨᠥᠬᠦᠵᠦ ᠭᠦᠢᠴᠡᠳᠬᠡᠭᠡᠳᠦᠢ ᠪᠣᠯ ᠬᠦᠴᠦᠨ ᠦᠭᠡᠢ ᠪᠤᠯᠭᠠᠬᠤ ᠳᠠᠩᠰᠠᠯᠠᠯᠲᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠭᠦᠢᠴᠡᠳ ᠨᠥᠬᠦᠪᠦᠷᠢᠯᠡᠬᠦ ᠠᠴᠠ ᠡᠮᠦᠨ᠎ᠡ ᠠᠵᠢᠯ ᠡᠷᠭᠢᠯᠡᠭᠦ ᠠᠵᠢᠯᠯᠠᠭ᠎ᠠ ᠥᠷᠨᠢᠭᠦᠯᠵᠦ ᠪᠤᠯᠬᠤ ᠦᠭᠡᠢ᠃      ᠬᠤᠷᠢᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠦᠴᠦᠨ ᠦᠭᠡᠢ ᠪᠤᠯᠭᠠᠬᠤ ᠳᠠᠩᠰᠠᠯᠠᠯᠲᠠ ᠬᠢᠬᠦ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠄      ︵ᠨᠢᠭᠡ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠶᠢ ᠵᠣᠭᠰᠤᠭᠠᠬᠤ ᠪᠠᠷ ᠬᠠᠤᠯᠢ ᠶᠣᠰᠣᠭᠠᠷ ᠭᠤᠶᠤᠴᠢᠯᠠᠬᠰᠠᠨ︔      ︵ᠬᠤᠶᠠᠷ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠡᠷᠭᠢᠯᠡᠭᠦ ᠶᠢ ᠨᠢ ᠵᠣᠭᠰᠣᠭᠠᠭᠠᠳ ᠨᠢᠭᠡ ᠵᠢᠯ ᠠᠴᠠ ᠭᠡᠲᠦᠷᠡᠭᠰᠡᠨ︔      ︵ᠭᠤᠷᠪᠠ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠡᠷᠭᠢᠯᠡᠭᠦ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ ᠪᠠᠶᠢᠲᠠᠯ᠎ᠠ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠤᠶᠤ ᠦᠷᠭᠦᠯᠵᠢᠯᠡᠨ ᠬᠢᠨᠠᠨ ᠬᠠᠷᠭᠤᠭᠤᠯᠤᠭᠰᠠᠨ ᠨᠢ ᠪᠠᠲᠤᠯᠠᠭᠳᠠᠭᠰᠠᠨ ᠦᠭᠡᠢ︔      ︵ᠳᠥᠷᠪᠡ︶ ᠦᠬᠦᠭᠰᠡᠨ ᠪᠤᠶᠤ ᠠᠵᠢᠯᠯᠠᠭ᠎ᠠ ᠶᠢᠨ ᠴᠢᠳᠠᠪᠤᠷᠢ ᠪᠠᠨ ᠠᠯᠳᠠᠬᠰᠠᠨ︔      ︵ᠲᠠᠪᠤ︶ ᠵᠣᠷᠢᠭᠤᠳᠠ ᠶᠠᠯ᠎ᠠ ᠬᠢᠭᠰᠡᠨ ᠪᠤᠶᠤ ᠲᠤᠰᠢᠶᠠᠯ ᠤᠨ ᠠᠳᠡᠯ ᠠᠴᠠ ᠪᠣᠯᠵᠤ ᠶᠠᠯ᠎ᠠ ᠬᠢᠵᠦ ᠡᠷᠡᠭᠦᠦ ᠶᠢᠨ ᠰᠢᠢᠳᠬᠡᠯ ᠣᠯᠤᠬᠰᠠᠨ︔      ︵ᠵᠢᠷᠭᠤᠭ᠎ᠠ︶ ᠠᠯᠪᠠᠨ ᠲᠤᠰᠢᠶᠠᠯ ᠠᠴᠠ ᠨᠢ ᠬᠥᠭᠡᠭᠡᠬᠦ ᠰᠢᠢᠳᠬᠡᠯ ᠣᠯᠤᠬᠰᠠᠨ︔      ︵ᠳᠣᠯᠤᠭ᠎ᠠ︶ ᠬᠠᠤᠯᠢ ᠶᠣᠰᠣᠭᠠᠷ ᠳᠠᠩᠰᠠᠯᠠᠯᠲᠠ ᠶᠢ ᠨᠢ ᠬᠦᠴᠦᠨ ᠦᠭᠡᠢ ᠪᠤᠯᠭᠠᠬᠰᠠᠨ︔      ︵ᠨᠠᠢᠮᠠ︶ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯ ᠡᠷᠭᠢᠯᠡᠭᠦ ᠬᠢᠷᠢ ᠭᠡᠮ ᠢ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠦᠴᠦᠨ ᠦᠭᠡᠢ ᠪᠤᠯᠭᠠᠬᠰᠠᠨ︔      ︵ᠶᠢᠰᠦ︶ ᠪᠠᠶᠢᠭ᠎ᠠ ᠨᠢᠭᠡᠴᠢ ᠨᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠬᠠᠪᠰᠤᠷᠭᠠᠨ ᠬᠢᠬᠦ ᠶᠢ ᠨᠢ ᠵᠥᠪᠰᠢᠶᠡᠷᠡᠭᠰᠡᠨ ᠦᠭᠡᠢ︔      ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠨᠢ ᠳᠠᠩᠰᠠᠯᠠᠯᠲᠠ ᠪᠠᠨ ᠬᠦᠴᠦᠨ ᠦᠭᠡᠢ ᠪᠤᠯᠭᠠᠬᠳᠠᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢ ᠵᠦᠢ ᠶᠣᠰᠣᠨ ᠤ ᠰᠢᠯᠲᠠᠭᠠᠨ ᠦᠭᠡᠢ ᠪᠠᠷ ᠵᠢᠷᠭᠤᠭᠠᠨ ᠰᠠᠷ᠎ᠠ ᠶᠢᠨ ᠳᠣᠲᠣᠷ᠎ᠠ ᠪᠤᠰᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠰᠢᠯᠵᠢᠭᠦᠯᠦᠭᠰᠡᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠭᠠᠷᠳᠠᠮ ᠭᠦᠢᠴᠡᠳᠬᠡᠬᠦ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠲᠣᠰ ᠳᠦᠷᠢᠮ ᠤᠨ ᠬᠤᠷᠢᠨ ᠨᠢᠭᠡᠳᠦᠭᠡᠷ ᠵᠦᠢᠯ᠂ ᠬᠤᠷᠢᠨ ᠬᠤᠶᠠᠳᠤᠭᠠᠷ ᠵᠦᠢᠯ ᠳᠤ ᠵᠢᠭᠰᠠᠭᠠᠭᠳᠠᠭᠰᠠᠨ ᠪᠠᠶᠢᠳᠠᠯ ᠤᠨ ᠨᠢᠭᠡ ᠨᠢ ᠪᠠᠶᠢᠬᠤ ᠮᠥᠷᠲᠡᠭᠡᠨ ᠠᠷᠪᠠᠨ ᠠᠵᠢᠯᠯᠠᠬᠤ ᠡᠳᠦᠷ ᠠᠴᠠ ᠬᠡᠲᠦᠷᠡᠭᠰᠡᠨ ᠪᠠᠶᠢᠲᠠᠯ᠎ᠠ ᠬᠦᠴᠦᠨ ᠦᠭᠡᠢ ᠪᠤᠯᠭᠠᠬᠤ ᠪᠠᠷ ᠭᠤᠶᠤᠴᠢᠯᠠᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠦᠴᠦᠨ ᠦᠭᠡᠢ ᠪᠤᠯᠭᠠᠬᠤ ᠤᠷᠢᠳᠴᠢᠯᠠᠨ ᠮᠡᠳᠡᠭᠳᠡᠬᠦ ᠪᠢᠴᠢᠭ ᠶᠠᠪᠤᠭᠤᠯᠵᠤ᠂ ᠬᠦᠴᠦᠨ ᠦᠭᠡᠢ ᠪᠤᠯᠭᠠᠬᠤ ᠪᠠᠷ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠲᠣᠭᠠᠴᠢᠯᠲᠠ ᠬᠢᠵᠦ ᠵᠥᠪᠲᠥᠭᠡᠨ ᠲᠣᠳᠣᠷᠬᠠᠶᠢᠯᠠᠬᠤ ᠡᠷᠬᠡ ᠲᠠᠢ ᠬᠤᠭᠤᠴᠠᠭ᠎ᠠ  ᠨᠢ ᠬᠡᠲᠦᠷᠡᠭᠰᠡᠨ ᠪᠠᠶᠢᠲᠠᠯ᠎ᠠ ᠳᠤᠷᠠᠳᠤᠭᠰᠠᠨ ᠦᠭᠡᠢ ᠪᠤᠶᠤ ᠰᠢᠯᠲᠠᠭᠠᠨ ᠨᠢ ᠲᠣᠭᠲᠠᠵᠤ ᠳᠡᠶᠢᠯᠭᠦ ᠦᠭᠡᠢ ᠪᠠᠶᠢᠪᠠᠯ ᠬᠦᠴᠦᠨ ᠦᠭᠡᠢ ᠪᠤᠯᠭᠠᠬᠤ ᠳᠠᠩᠰᠠᠯᠠᠯᠲᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃      ᠭᠤᠷᠪᠠᠳᠤᠭᠠᠷ ᠪᠦᠯᠦᠭ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ      ᠬᠤᠷᠢᠨ ᠳᠥᠷᠪᠡᠳᠦᠭᠡᠷ ᠵᠦᠢᠯ ᠬᠡᠷᠡᠭ ᠰᠢᠢᠳᠪᠦᠷᠢᠯᠡᠬᠦ ᠪᠠᠶᠢᠭᠤᠯᠭ᠎ᠠ᠂ ᠪᠤᠰᠤᠳ ᠨᠢᠭᠡᠴᠢ ᠪᠠ ᠬᠤᠪᠢ ᠬᠥᠮᠥᠨ ᠲᠤᠰ ᠳᠦᠷᠢᠮ ᠤᠨ ᠠᠷᠪᠠᠳᠤᠭᠠᠷ ᠵᠦᠢᠯ ᠳᠤ ᠲᠣᠭᠲᠠᠭᠠᠭᠰᠠᠨ ᠲᠤᠬᠠᠶᠢᠯᠠᠭᠰᠠᠨ ᠠᠵᠢᠯ ᠳᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠪᠠᠶᠢᠪᠠᠯ᠂ ᠤᠯᠤᠰ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠨᠡᠷᠡᠰ ᠤᠨ ᠳᠡᠪᠲᠡᠷ ᠲᠠᠬᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠨᠠᠶᠢᠳᠠᠵᠤ ᠬᠢᠨᠠᠨ ᠲᠣᠭᠲᠠᠭᠠᠯᠲᠠ ᠬᠢᠯᠭᠡᠬᠦ ᠬᠡᠷᠡᠭᠲᠡᠢ᠃      ᠬᠡᠷᠡᠭ ᠰᠢᠢᠳᠪᠦᠷᠢᠯᠡᠬᠦ ᠪᠠᠶᠢᠭᠤᠯᠭ᠎ᠠ ᠪᠠ ᠪᠤᠰᠤᠳ ᠨᠢᠭᠡᠴᠢ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ᠂ ᠠᠷᠠᠳ ᠲᠤ ᠲᠦᠭᠦᠮ ᠦᠵᠡᠭᠦᠯᠭᠦ ᠵᠠᠷᠴᠢᠮ ᠢ ᠵᠢᠷᠤᠮᠯᠠᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠠᠶᠢᠳᠠᠭᠰᠠᠨ ᠳᠣᠲᠣᠭᠠᠳᠤ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠰᠣᠩᠭᠤᠬᠤ᠂ ᠨᠠᠶᠢᠳᠠᠬᠤ᠂ ᠬᠢᠨᠠᠨ ᠲᠣᠭᠲᠠᠭᠠᠬᠤ ᠮᠠᠲ᠋ᠧᠷᠢᠶᠠᠯ ᠢ ᠰᠢᠯᠵᠢᠭᠦᠯᠦᠨ ᠬᠦᠷᠭᠡᠬᠦ ᠵᠡᠷᠭᠡ ᠵᠢᠷᠤᠮ ᠢ ᠨᠢᠭᠡᠳᠦᠯᠲᠡᠢ ᠵᠢᠷᠤᠮᠵᠢᠭᠤᠯᠤᠨ᠂ ᠨᠠᠶᠢᠳᠠᠬᠤ ᠶᠠᠪᠤᠴᠠ ᠶᠢᠨ ᠪᠦᠭᠦ ᠶᠠᠪᠤᠴᠠ ᠶᠢ ᠢᠯᠡ ᠲᠣᠳᠣ ᠪᠠᠶᠢᠯᠭᠠᠬᠤ ᠶᠢᠨ ᠬᠠᠮᠲᠤ ᠬᠢᠨᠠᠯᠲᠠ ᠶᠢ ᠬᠦᠯᠢᠶᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ ᠨᠠᠶᠢᠳᠠᠭᠴᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠯᠭᠡᠬᠦ ᠪᠠᠷ ᠨᠠᠶᠢᠳᠠᠬᠤ ᠳᠠᠭᠠᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠦᠨᠡᠨ ᠪᠣᠳᠠᠲᠠᠢ᠂ ᠪᠦᠷᠢᠨ ᠪᠦᠲᠦᠨ᠂ ᠪᠦᠷᠢᠨ ᠭᠦᠢᠴᠡᠳ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ ᠪᠥᠭᠡᠳ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠨ ᠤ ᠴᠢᠨᠠᠷ ᠲᠤ ᠬᠠᠷᠢᠭᠤᠴᠠᠬᠤ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠭᠥᠯᠢᠶᠡᠨ ᠠᠪᠤᠭᠰᠠᠨ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠨᠠᠶᠢᠳᠠᠭᠴᠢ ᠠᠴᠠ ᠪᠢᠴᠢᠭ ᠢᠶᠠᠷ ᠨᠤᠲᠠᠯᠠᠭᠤᠯᠬᠤ ᠬᠡᠷᠡᠭᠲᠡᠢ᠃ ᠤᠯᠠᠨ ᠲᠠᠯ᠎ᠠ ᠶᠢᠨ ᠬᠢᠨ ᠬᠠᠮᠲᠤ ᠪᠠᠷ ᠨᠠᠶᠢᠳᠠᠭᠰᠠᠨ ᠪᠠᠶᠢᠪᠠᠯ᠂ ᠡᠯ᠎ᠡ ᠲᠠᠯ᠎ᠠ ᠶᠢᠨ ᠨᠠᠶᠢᠳᠠᠭᠴᠢ ᠠᠴᠠ ᠬᠠᠮᠲᠤ ᠪᠠᠷ ᠨᠤᠲᠠᠯᠠᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠢᠨᠠᠨ ᠲᠣᠭᠲᠠᠭᠠᠭᠰᠠᠨ ᠮᠠᠲ᠋ᠧᠷᠢᠶᠠᠯ ᠤᠨ ᠨᠡᠷᠡᠶᠢᠳᠦᠯ᠂ ᠲᠦᠷᠦᠯ ᠵᠦᠢᠯ᠂ ᠲᠤᠭ᠎ᠠ ᠬᠡᠮᠵᠢᠶ᠎ᠡ᠂ ᠰᠢᠨᠵᠢ ᠪᠠᠶᠢᠳᠠᠯ᠂ ᠬᠠᠳᠠᠭᠠᠯᠠᠵᠤ ᠪᠠᠶᠢᠭ᠎ᠠ ᠪᠠᠶᠢᠳᠠᠯ᠂ ᠬᠤᠷᠢᠶᠠᠵᠤ ᠣᠯᠣᠭᠰᠠᠨ ᠴᠠᠭ ᠵᠡᠷᠭᠡ ᠶᠢ ᠬᠠᠷᠭᠤᠭᠤᠯᠬᠤ ᠶᠢᠨ ᠬᠠᠮᠲᠤ ᠲᠡᠮᠳᠡᠭᠯᠡᠬᠦ ᠬᠡᠷᠡᠭᠲᠡᠢ ᠪᠥᠭᠡᠳ ᠨᠠᠶᠢᠳᠠᠭᠴᠢ ᠳᠤ ᠮᠠᠲ᠋ᠧᠷᠢᠶᠠᠯ ᠲᠤᠰᠢᠶᠠᠵᠤ ᠭᠥᠯᠢᠶᠡᠨ ᠠᠪᠤᠭᠰᠠᠨ ᠭᠡᠷᠡᠴᠢ ᠪᠠᠷᠢᠮᠲᠠ ᠭᠠᠷᠭᠠᠵᠤ ᠥᠭᠬᠦ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠢᠨᠠᠨ ᠲᠣᠭᠲᠠᠭᠠᠭᠰᠠᠨ ᠮᠠᠲ᠋ᠧᠷᠢᠶᠠᠯ ᠢᠶᠠᠨ ᠲᠣᠬᠢᠲᠠᠢ ᠬᠠᠳᠠᠭᠠᠯᠠᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ ᠪᠤᠯᠬᠤ ᠦᠭᠡᠢ᠄      ︵ᠨᠢᠭᠡ︶ ᠨᠠᠶᠢᠳᠠᠭᠰᠠᠨ ᠬᠢᠨᠠᠨ ᠲᠣᠭᠲᠠᠭᠠᠯᠲᠠ ᠶᠢᠨ ᠵᠦᠢᠯᠡᠰ ᠨᠢ ᠲᠤᠰ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ ᠭᠡᠲᠦᠷᠡᠭᠰᠡᠨ︔      ︵ᠬᠤᠶᠠᠷ︶ ᠬᠢᠨᠠᠨ ᠲᠣᠭᠲᠠᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠂ ᠪᠦᠷᠢᠨ ᠭᠦᠢᠴᠡᠳ ᠪᠤᠰᠤ᠂ ᠭᠦᠢᠴᠡᠳ ᠪᠤᠰᠤ ᠪᠤᠶᠤ ᠣᠯᠣᠭᠰᠠᠨ ᠠᠷᠭ᠎ᠠ ᠮᠠᠶ᠋ᠢᠭ  ᠨᠢ ᠬᠠᠤᠯᠢ ᠳᠤ ᠨᠡᠶᠢᠴᠡᠬᠦ ᠦᠭᠡᠢ ᠪᠠᠶᠢᠬᠤ︔      ︵ᠭᠤᠷᠪᠠ︶ ᠬᠢᠨᠠᠨ ᠲᠣᠭᠲᠠᠭᠠᠯᠲᠠ ᠶᠢᠨ ᠬᠡᠷᠡᠭᠴᠡᠭᠡ ᠨᠢ ᠬᠠᠤᠯᠢ ᠳᠤ ᠨᠡᠶᠢᠴᠡᠬᠦ ᠦᠭᠡᠢ ᠪᠤᠶᠤ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ︔      ︵ᠳᠥᠷᠪᠡ︶ ᠬᠢᠨᠠᠨ ᠲᠣᠭᠲᠠᠭᠠᠯᠲᠠ ᠶᠢᠨ ᠱᠠᠭᠠᠷᠳᠠᠯᠭ᠎ᠠ ᠨᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠡᠷᠭᠢᠯᠡᠭᠦ ᠳᠦᠷᠢᠮ ᠪᠤᠶᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠦᠭᠡᠢ ᠪᠠᠶᠢᠬᠤ︔      ︵ᠲᠠᠪᠤ︶ ᠨᠠᠶᠢᠳᠠᠭᠰᠠᠨ ᠬᠢᠨᠠᠨ ᠲᠣᠭᠲᠠᠭᠠᠯᠲᠠ ᠶᠢᠨ ᠳᠡᠰ ᠳᠠᠷᠠᠭᠠᠯᠠᠯ ᠢ ᠵᠥᠷᠢᠴᠡᠭᠰᠡᠨ︔      ︵ᠵᠢᠷᠭᠤᠭ᠎ᠠ︶ ᠬᠢᠨᠠᠨ ᠲᠣᠭᠲᠠᠭᠠᠯᠲᠠ ᠶᠢᠨ ᠱᠠᠭᠠᠷᠳᠠᠯᠭ᠎ᠠ ᠨᠢ ᠲᠤᠰ ᠪᠠᠶᠢᠭᠤᠯᠤᠮᠵᠢ ᠶᠢᠨ ᠮᠡᠷᠭᠡᠵᠢᠯ ᠤᠨ ᠨᠥᠬᠦᠴᠡᠯ ᠪᠤᠶᠤ ᠬᠢᠨᠠᠨ ᠲᠣᠭᠲᠠᠭᠠᠯᠲᠠ ᠶᠢᠨ ᠴᠢᠳᠠᠪᠤᠷᠢ ᠠᠴᠠ ᠭᠡᠲᠦᠷᠡᠭᠰᠡᠨ︔      ︵ᠲᠤᠯᠤᠭ᠎ᠠ︶ ᠨᠠᠶᠢᠳᠠᠭᠴᠢ ᠠᠳᠠᠯᠢ ᠨᠢᠭᠡᠨ ᠬᠢᠨᠠᠨ ᠲᠣᠭᠲᠠᠭᠠᠯᠲᠠ ᠶᠢᠨ ᠵᠦᠢᠯᠡᠰ ᠢ ᠪᠤᠰᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠵᠡᠷᠭᠡᠪᠡᠷ ᠨᠠᠶᠢᠳᠠᠵᠤ ᠬᠢᠨᠠᠨ ᠲᠣᠭᠲᠠᠭᠠᠯᠲᠠ ᠭᠢᠯᠭᠡᠭᠰᠡᠨ︔      ︵ᠨᠠᠢᠮᠠ︶ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠢᠭᠡᠳ ᠨᠠᠶᠢᠳᠠᠭᠰᠠᠨ ᠬᠢᠨᠠᠨ ᠲᠣᠭᠲᠠᠭᠠᠯᠲᠠ ᠶᠢᠨ ᠵᠦᠢᠯᠡᠰ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ᠂ ᠪᠤᠰᠤᠳᠴᠢ᠂ ᠲᠥᠪ ᠭᠤᠣᠯᠴᠢ ᠬᠢᠨᠠᠨ ᠲᠣᠭᠲᠠᠭᠠᠯᠲᠠ ᠬᠢᠬᠦ ᠶᠢ ᠨᠥᠯᠥᠭᠡᠯᠡᠵᠦ ᠮᠡᠳᠡᠭᠦ︔      ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠬᠤᠷᠢᠨ ᠳᠣᠯᠣᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠠᠶᠢᠳᠠᠯᠭ᠎ᠠ ᠶᠢ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠂ ᠶᠠᠮᠠᠷᠪᠠ ᠭᠡᠯᠪᠡᠷᠢ ᠪᠠᠷ ᠪᠤᠰᠤᠳ ᠪᠠᠶᠢᠭᠤᠯᠤᠮᠵᠢ ᠳᠤ ᠰᠢᠯᠵᠢᠭᠦᠯᠦᠨ ᠨᠠᠶᠢᠳᠠᠵᠤ ᠳᠠᠭᠠᠭᠠᠨ ᠭᠢᠯᠭᠡᠵᠦ ᠪᠤᠯᠬᠤ ᠦᠭᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠨᠢ ᠨᠠᠶᠢᠳᠠᠯᠭ᠎ᠠ ᠶᠢ ᠳᠤᠷ᠎ᠠ ᠪᠠᠷ ᠢᠶᠠᠨ ᠭᠥᠯᠢᠶᠡᠨ ᠠᠪᠴᠤ ᠪᠤᠯᠬᠤ ᠦᠭᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠨᠠᠶᠢᠳᠠᠯᠭ᠎ᠠ ᠶᠢ ᠣᠯᠣᠭᠰᠠᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ ᠪᠤᠶᠤ ᠣᠨᠴᠠᠭᠠᠢ ᠬᠢᠨᠠᠨ ᠲᠣᠭᠲᠠᠭᠠᠯᠲᠠ ᠶᠢᠨ ᠵᠦᠢᠯᠡᠰ ᠤᠨ ᠨᠠᠶᠢᠳᠠᠯᠭ᠎ᠠ ᠶᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠢᠭᠡᠳ ᠨᠠᠶᠢᠳᠠᠭᠴᠢ ᠲᠠᠢ ᠰᠢᠢᠳᠪᠦᠷᠢᠯᠡᠬᠦ ᠪᠠᠷ ᠭᠥᠯᠢᠶᠡᠨ ᠠᠪᠬᠤ ᠴᠠᠭ ᠢᠶᠠᠨ ᠵᠥᠪᠳᠡᠯᠴᠡᠨ ᠲᠣᠭᠲᠠᠭᠠᠵᠤ ᠪᠣᠯᠣᠨ᠎ᠠ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠨᠠᠶᠢᠳᠠᠯᠭ᠎ᠠ ᠶᠢ ᠭᠥᠯᠢᠶᠡᠨ ᠠᠪᠤᠭᠰᠠᠨ ᠪᠠᠶᠢᠪᠠᠯ᠂ ᠨᠠᠶᠢᠳᠠᠭᠴᠢ ᠲᠠᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠠᠶᠢᠳᠠᠯᠭ᠎ᠠ ᠶᠢᠨ ᠪᠢᠴᠢᠭ ᠲᠣᠬᠲᠠᠭᠠᠨ᠎ᠠ︔ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠣᠯ᠂ ᠤᠴᠢᠷ ᠰᠢᠯᠲᠠᠭᠠᠨ ᠢᠶᠠᠨ ᠨᠠᠶᠢᠳᠠᠭᠴᠢ ᠳᠤ ᠪᠢᠴᠢᠭ ᠢᠶᠠᠷ ᠲᠣᠳᠣᠷᠬᠠᠶᠢᠯᠠᠵᠤ᠂ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠪᠤᠴᠠᠭᠠᠨ᠎ᠠ᠃      ᠬᠤᠷᠢᠨ ᠨᠠᠢᠮᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠠᠶᠢᠳᠠᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ᠂ ᠲᠤᠰ ᠪᠠᠶᠢᠭᠤᠯᠤᠮᠵᠢ ᠶᠢᠨ ᠲᠤᠰ ᠬᠢᠨᠠᠨ ᠲᠣᠭᠲᠠᠭᠠᠯᠲᠠ ᠶᠢᠨ ᠵᠦᠢᠯᠡᠰ ᠤᠨ ᠠᠵᠢᠯ ᠡᠷᠭᠢᠯᠡᠭᠦ ᠬᠢᠷᠢ ᠭᠡᠮ ᠪᠦᠬᠦᠢ ᠬᠤᠶᠠᠷ ᠠᠴᠠ ᠳᠡᠭᠡᠭᠰᠢᠬᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠵᠢᠭᠠᠨ ᠲᠣᠭᠲᠠᠭᠠᠵᠤ ᠬᠢᠨᠠᠨ ᠲᠣᠭᠲᠠᠭᠠᠯᠲᠠ ᠬᠢᠯᠭᠡᠬᠦ ᠬᠡᠷᠡᠭᠲᠡᠢ᠃      ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭᠠᠢ ᠮᠡᠷᠭᠡᠵᠢᠯ ᠤᠨ ᠠᠰᠠᠭᠤᠳᠠᠯ ᠳᠤ ᠬᠤᠯᠪᠣᠭᠳᠠᠭᠰᠠᠨ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠲᠤᠰ ᠪᠠᠶᠢᠭᠤᠯᠤᠮᠵᠢ ᠠᠴᠠ ᠭᠠᠳᠠᠨᠠᠬᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠠᠴᠠ ᠵᠥᠪᠯᠡᠯᠭᠡ ᠠᠪᠴᠤ ᠪᠣᠯᠣᠨ᠎ᠠ᠃      ᠬᠤᠷᠢ ᠶᠢᠰᠦᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠵᠠᠶᠢᠯᠠᠰᠬᠢᠬᠦ ᠬᠡᠷᠡᠭᠲᠡᠢ᠄      ︵ᠨᠢᠭᠡ︶ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ᠂ ᠥᠮᠥᠭᠯᠡᠭᠴᠢ᠂ ᠵᠠᠷᠭᠤ ᠶᠢᠨ ᠣᠷᠣᠯᠠᠭᠴᠢ ᠶᠢᠨ ᠣᠶᠢᠷ᠎ᠠ ᠲᠦᠷᠦᠯ ᠰᠠᠳᠤᠨ ᠪᠤᠯᠬᠤ︔      ︵ᠬᠤᠶᠠᠷ︶ ᠲᠤᠰ ᠬᠥᠮᠥᠨ ᠪᠤᠶᠤ ᠲᠡᠭᠦᠨ ᠤ ᠣᠶᠢᠷ᠎ᠠ ᠲᠦᠷᠦᠯ ᠰᠠᠳᠤᠨ ᠨᠢ ᠲᠤᠬᠠᠢ ᠶᠢᠨ ᠬᠥᠮᠥᠨ᠂ ᠥᠮᠥᠭᠯᠡᠭᠴᠢ᠂ ᠵᠠᠷᠭᠤ ᠶᠢᠨ ᠣᠷᠣᠯᠠᠭᠴᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠦᠢᠯᠡᠰ ᠲᠤ ᠬᠤᠯᠪᠣᠭᠳᠠᠭᠰᠠᠨ ᠬᠡᠷᠡᠭ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔      ︵ᠭᠤᠷᠪᠠ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠦᠢᠯᠡᠰ ᠲᠤ ᠬᠤᠯᠪᠣᠭᠳᠠᠭᠰᠠᠨ ᠬᠡᠷᠡᠭ ᠤᠨ ᠬᠠᠪᠰᠤᠷᠤᠨ ᠰᠢᠭᠦᠭᠴᠢ᠂ ᠥᠮᠥᠭᠯᠡᠭᠴᠢ᠂ ᠵᠠᠷᠭᠤ ᠶᠢᠨ ᠣᠷᠣᠯᠠᠭᠴᠢ᠂ ᠭᠡᠷᠡᠴᠢᠯᠡᠭᠴᠢ᠂ ᠣᠷᠴᠢᠭᠤᠯᠤᠭᠴᠢ ᠪᠣᠯᠵᠤ ᠥᠩᠭᠡᠷᠡᠭᠰᠡᠨ︔      ︵ᠳᠥᠷᠪᠡ︶ ᠠᠳᠠᠯᠢ ᠨᠢᠭᠡᠨ ᠬᠢᠨᠠᠨ ᠲᠣᠭᠲᠠᠭᠠᠯᠲᠠ ᠶᠢᠨ ᠵᠦᠢᠯᠡᠰ ᠲᠤ ᠯᠠᠪᠯᠠᠨ ᠠᠰᠠᠭᠤᠭᠰᠠᠨ ᠰᠠᠨᠠᠯ ᠬᠠᠩᠭᠠᠵᠤ᠂ ᠠᠳᠠᠯᠢ ᠨᠢᠭᠡᠨ ᠬᠢᠨᠠᠨ ᠲᠣᠭᠲᠠᠭᠠᠯᠲᠠ ᠶᠢᠨ ᠵᠦᠢᠯᠡᠰ ᠤᠨ ᠬᠢᠨᠠᠨ ᠲᠣᠭᠲᠠᠭᠠᠯᠲᠠ ᠪᠤᠶᠤ ᠲᠤᠯᠭᠠᠨ ᠭᠡᠷᠡᠴᠢᠯᠡᠯᠲᠡ ᠳᠤ ᠣᠷᠣᠯᠴᠠᠬᠰᠠᠨ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠵᠠᠶᠢᠯᠠᠰᠬᠢᠬᠦ ᠶᠢ ᠲᠡᠭᠦᠨ ᠤ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠲᠣᠭᠲᠠᠭᠠᠨ᠎ᠠ᠃ ᠨᠠᠶᠢᠳᠠᠭᠴᠢ ᠨᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠭᠠᠷᠭᠠᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠵᠠᠶᠢᠯᠠᠰᠬᠢᠬᠦ ᠡᠰᠡᠬᠦ ᠲᠤᠬᠠᠢ ᠲᠣᠭᠲᠠᠭᠠᠯ ᠳᠤ ᠣᠨᠳᠣᠣ ᠰᠠᠨᠠᠯ ᠲᠠᠢ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠠᠶᠢᠳᠠᠯᠭ᠎ᠠ ᠶᠢ ᠬᠦᠴᠦᠨ ᠦᠭᠡᠢ ᠪᠤᠯᠭᠠᠵᠤ ᠪᠣᠯᠣᠨ᠎ᠠ᠃      ᠭᠤᠴᠢᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠢᠨᠠᠨ ᠲᠣᠭᠲᠠᠭᠠᠯᠲᠠ ᠬᠢᠬᠦ ᠳᠡᠭᠡᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ᠂ ᠲᠤᠰ ᠲᠤᠰᠬᠠᠢ ᠮᠡᠷᠭᠡᠵᠢᠯ ᠤᠨ ᠬᠦᠷᠢᠶᠡᠨ ᠳᠠᠬᠢ ᠣᠯᠠᠩᠬᠢ ᠲᠣᠭᠠᠨ ᠤ ᠲᠤᠰᠬᠠᠢ ᠮᠡᠷᠭᠡᠵᠢᠯᠲᠡᠨ ᠤ ᠮᠡᠳᠡᠷᠡᠭᠰᠡᠨ ᠮᠡᠷᠭᠡᠵᠢᠯ ᠤᠨ ᠠᠷᠭ᠎ᠠ ᠶᠢ ᠳᠡᠰ ᠳᠠᠷᠠᠭᠠᠯᠠᠨ ᠬᠡᠷᠡᠭᠯᠡᠨ᠎ᠡ᠃      ᠲᠤᠰᠬᠠᠢ ᠮᠡᠷᠭᠡᠵᠢᠯ ᠤᠨ ᠬᠦᠷᠢᠶᠡᠨ ᠳᠠᠬᠢ ᠣᠯᠠᠩᠬᠢ ᠲᠤᠰᠬᠠᠢ ᠮᠡᠷᠭᠡᠵᠢᠯᠲᠡᠨ ᠤ ᠮᠡᠳᠡᠷᠡᠨ ᠵᠥᠪᠰᠢᠶᠡᠷᠡᠭᠰᠡᠨ ᠮᠡᠷᠭᠡᠵᠢᠯ ᠤᠨ ᠠᠷᠭ᠎ᠠ ᠶᠢ ᠬᠡᠷᠡᠭᠯᠡᠬᠦ ᠳᠤ ᠭᠦᠷᠪᠡᠯ᠂ ᠨᠠᠶᠢᠳᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠪᠢᠴᠢᠭ ᠤᠨ ᠭᠡᠯᠪᠡᠷᠢ ᠪᠠᠷ ᠵᠥᠪᠰᠢᠶᠡᠷᠡᠭᠦᠯᠬᠦ ᠬᠡᠷᠡᠭᠲᠡᠢ᠃ ᠨᠠᠶᠢᠳᠠᠭᠴᠢ ᠨᠢ ᠵᠥᠪᠰᠢᠶᠡᠷᠡᠬᠦ ᠦᠭᠡᠢ ᠪᠠᠶᠢᠪᠠᠯ ᠬᠢᠨᠠᠨ ᠲᠣᠭᠲᠠᠭᠠᠯᠲᠠ ᠶᠢ ᠵᠣᠭᠰᠤᠭᠠᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠭᠠᠷᠭᠠᠨ ᠠᠪᠬᠤ᠂ ᠲᠣᠭᠲᠠᠮᠠᠯ ᠪᠠᠶᠢᠯᠭᠠᠬᠤ ᠵᠢᠴᠢ ᠪᠠᠶᠢᠴᠠᠭᠠᠨ ᠰᠢᠯᠭᠠᠬᠤ ᠲᠤᠷᠰᠢᠯᠲᠠ ᠬᠢᠬᠦ ᠵᠡᠷᠭᠡ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭᠠᠨ ᠤ ᠵᠠᠩᠭᠢᠯᠠᠭ᠎ᠠ ᠶᠢᠨ ᠭᠤᠭᠴᠤᠭ᠎ᠠ ᠶᠢ ᠡᠩ ᠤᠨ ᠪᠠᠶᠢᠳᠠᠯ ᠳᠤ ᠳᠠᠩᠰᠠᠯᠠᠭᠤᠯᠤᠭᠰᠠᠨ ᠠᠵᠢᠯ ᠡᠷᠭᠢᠯᠡᠭᠦ ᠲᠠᠯᠠᠪᠤᠷ ᠲᠤ ᠬᠡᠷᠡᠭᠵᠢᠭᠦᠯᠪᠡᠯ ᠵᠣᠬᠢᠨ᠎ᠠ᠂ ᠡᠷᠬᠡᠪᠰᠢ ᠲᠤᠬᠠᠢ ᠶᠢᠨ ᠲᠠᠯᠠᠪᠤᠷ ᠪᠤᠶᠤ ᠬᠢᠨᠠᠨ ᠲᠣᠭᠲᠠᠭᠠᠯᠲᠠ ᠬᠢᠬᠦ ᠮᠠᠲ᠋ᠧᠷᠢᠶᠠᠯ ᠤᠨ ᠪᠠᠶᠢᠭ᠎ᠠ ᠭᠠᠵᠠᠷ ᠲᠤ ᠣᠴᠢᠬᠤ ᠴᠢᠬᠤᠯᠠᠲᠠᠢ ᠪᠠᠶᠢᠪᠠᠯ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃      ᠬᠥᠮᠥᠨ ᠤ ᠪᠡᠶ᠎ᠡ ᠶᠢᠨ ᠭᠠᠷᠤᠯ ᠪᠤᠶᠤ ᠪᠡᠶ᠎ᠡ ᠶᠢᠨ ᠭᠠᠷᠤᠯ ᠤᠨ ᠬᠠᠷᠢᠴᠠᠭ᠎ᠠ ᠶᠢ ᠭᠡᠷᠡᠴᠢᠯᠡᠬᠦ ᠬᠢᠨᠠᠨ ᠲᠣᠭᠲᠠᠭᠠᠯᠲᠠ ᠬᠢᠬᠦ ᠳᠤ᠂ ᠬᠥᠮᠥᠨ ᠤ ᠪᠡᠶ᠎ᠡ ᠠᠴᠠ ᠠᠮᠢᠳᠤ ᠪᠣᠳᠠᠰ ᠤᠨ ᠰᠢᠯᠭᠠᠨ ᠪᠠᠶᠢᠴᠠᠭᠠᠯᠲᠠ ᠬᠢᠬᠦ ᠮᠠᠲ᠋ᠧᠷᠢᠶᠠᠯ ᠢ ᠭᠠᠷᠭᠠᠵᠤ ᠠᠪᠬᠤ ᠠᠵᠢᠯ ᠢ ᠬᠡᠷᠡᠭ ᠰᠢᠢᠳᠪᠦᠷᠢᠯᠡᠬᠦ ᠪᠠᠶᠢᠭᠤᠯᠭ᠎ᠠ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠪᠡᠶᠡᠯᠡᠭᠦᠯᠪᠡᠯ ᠵᠣᠬᠢᠨ᠎ᠠ᠂ ᠲᠡᠷᠡᠴᠢᠯᠡᠨ ᠠᠮᠢᠳᠤ ᠪᠣᠳᠠᠰ ᠤᠨ ᠰᠢᠯᠭᠠᠨ ᠪᠠᠶᠢᠴᠠᠭᠠᠯᠲᠠ ᠶᠢᠨ ᠮᠠᠲ᠋ᠧᠷᠢᠶᠠᠯ ᠨᠢ ᠦᠯᠢᠭᠡᠷ ᠠᠪᠤᠭᠴᠢ ᠲᠠᠢ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠡᠯ᠎ᠡ ᠵᠠᠩᠭᠢᠯᠠᠭ᠎ᠠ ᠶᠢᠨ ᠭᠤᠭᠴᠣᠭᠠᠨ ᠤ ᠭᠠᠷᠳᠠᠨ ᠭᠦᠢᠴᠡᠳᠭᠡᠭᠴᠢ ᠨᠢ ᠬᠢᠨᠠᠨ ᠲᠣᠭᠲᠠᠭᠠᠯᠲᠠ ᠶᠢᠨ ᠶᠠᠪᠤᠴᠠ ᠪᠠ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠭᠠᠷᠭᠠᠨ ᠠᠪᠬᠤ᠂ ᠭᠥᠯᠢᠶᠡᠨ ᠠᠪᠬᠤ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠤᠰᠠᠳᠬᠠᠬᠤ ᠪᠤᠶᠤ ᠪᠤᠴᠠᠭᠠᠬᠤ ᠶᠠᠪᠤᠴᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠲᠡᠮᠳᠡᠭᠯᠡᠬᠦ ᠶᠢᠨ ᠬᠠᠮᠲᠤ ᠭᠠᠷ ᠤᠨ ᠦᠰᠦᠭ ᠵᠢᠷᠤᠵᠤ᠂ ᠬᠢᠨᠠᠨ ᠲᠣᠭᠲᠠᠭᠠᠯᠲᠠ  ᠶᠢᠨ ᠲᠠᠩᠰᠠ ᠡᠪᠬᠡᠮᠡᠯ ᠳᠤ ᠬᠠᠳᠠᠭᠠᠯᠠᠪᠠᠯ ᠵᠣᠬᠢᠨ᠎ᠠ᠃ ᠲᠡᠮᠳᠡᠭᠯᠡᠬᠦ ᠳᠡᠭᠡᠨ ᠲᠡᠮᠳᠡᠭᠯᠡᠯ ᠬᠢᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠰᠡᠭᠦᠳᠡᠷᠯᠡᠬᠦ ᠵᠡᠷᠭᠡ ᠠᠷᠭ᠎ᠠ ᠭᠡᠯᠪᠡᠷᠢ ᠶᠢ ᠠᠪᠴᠤ ᠪᠣᠯᠣᠨ᠎ᠠ᠂ ᠭᠡᠪᠡᠴᠦ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃      ᠲᠡᠮᠳᠡᠭᠯᠡᠯ ᠤᠨ ᠠᠭᠤᠯᠭ᠎ᠠ ᠨᠢ ᠦᠨᠡᠨ ᠪᠣᠳᠠᠲᠠᠢ᠂ ᠪᠤᠰᠤᠳᠴᠢ᠂ ᠣᠨᠣᠪᠴᠢᠲᠠᠶ᠂ ᠪᠦᠷᠢᠨ ᠪᠦᠲᠦᠨ᠂ ᠲᠣᠳᠣᠷᠬᠠᠢ ᠪᠠᠶᠢᠵᠤ᠂ ᠨᠡᠬᠡᠮᠵᠢᠯᠡᠵᠦ ᠪᠤᠯᠬᠤ ᠶᠢ ᠪᠠᠲᠤᠯᠠᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠨᠠᠶᠢᠳᠠᠯᠭ᠎ᠠ ᠶᠢᠨ ᠪᠢᠴᠢᠭ ᠲᠤ ᠪᠣᠯᠵᠣᠨ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠪᠡᠶᠡᠯᠡᠭᠦᠯᠬᠦ ᠬᠡᠷᠡᠭᠲᠡᠢ᠂ ᠴᠠᠭ ᠬᠤᠭᠤᠴᠠᠭ᠎ᠠ ᠶᠢ ᠪᠣᠯᠵᠣᠨ ᠲᠣᠭᠲᠠᠭᠰᠠᠨ ᠦᠭᠡᠢ ᠪᠠᠶᠢᠪᠠᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠨ ᠭᠤᠴᠢᠨ ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠵᠦᠢᠯᠡᠰ ᠨᠢ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭᠠᠢ ᠮᠡᠷᠭᠡᠵᠢᠯ ᠤᠨ ᠠᠰᠠᠭᠤᠳᠠᠯ ᠳᠤ ᠬᠤᠯᠪᠣᠭᠳᠠᠬᠤ ᠪᠤᠶᠤ ᠬᠢᠨᠠᠨ ᠲᠣᠭᠲᠠᠭᠠᠯᠲᠠ ᠶᠢᠨ ᠶᠠᠪᠤᠴᠠ ᠳᠤ ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠴᠢᠬᠤᠯᠠᠲᠠᠢ ᠪᠠᠶᠢᠪᠠᠯ ᠲᠤᠰ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠢᠨᠠᠨ ᠲᠣᠭᠲᠠᠭᠠᠯᠲᠠ ᠶᠢᠨ ᠪᠡᠶᠡᠯᠡᠭᠦᠯᠬᠦ ᠬᠤᠭᠤᠴᠠᠭ᠎ᠠ ᠶᠢ ᠤᠷᠲᠤᠳᠬᠠᠵᠤ ᠪᠣᠯᠣᠨ᠎ᠠ᠂ ᠤᠷᠲᠤᠳᠬᠠᠬᠤ ᠬᠤᠭᠤᠴᠠᠭ᠎ᠠ  ᠨᠢ ᠡᠩ ᠤᠨ ᠪᠠᠶᠢᠳᠠᠯ ᠳᠤ ᠭᠤᠴᠢᠨ ᠠᠵᠢᠯᠯᠠᠬᠤ ᠡᠳᠦᠷ ᠠᠴᠠ ᠬᠡᠲᠦᠷᠡᠵᠦ ᠪᠤᠯᠬᠤ ᠦᠭᠡᠢ᠃ ᠬᠢᠨᠠᠨ ᠲᠣᠭᠲᠠᠭᠠᠯᠲᠠ ᠶᠢᠨ ᠬᠤᠭᠤᠴᠠᠭ᠎ᠠ ᠶᠢ ᠤᠷᠲᠤᠳᠬᠠᠭᠰᠠᠨ ᠪᠠᠶᠢᠪᠠᠯ ᠵᠥᠪᠰᠢᠶᠡᠷᠡᠭᠰᠡᠨ ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ ᠨᠠᠶᠢᠳᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃      ᠭᠤᠴᠢᠨ ᠳᠥᠷᠪᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠢᠨᠠᠨ ᠲᠣᠭᠲᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠬᠠᠷᠠᠭᠠᠯᠵᠠᠭᠰᠠᠨ ᠬᠢᠷᠢ ᠭᠡᠮ ᠲᠠᠢ ᠠᠵᠢᠯᠲᠠᠨ ᠢ ᠵᠢᠭᠠᠨ ᠲᠣᠭᠲᠠᠭᠠᠵᠤ ᠳᠠᠭᠢᠨ ᠬᠢᠨᠠᠭᠤᠯᠪᠠᠯ ᠵᠣᠬᠢᠨ᠎ᠠ︔ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭᠠᠶ ᠮᠡᠷᠭᠡᠵᠢᠯ ᠤᠨ ᠠᠰᠠᠭᠤᠳᠠᠯ ᠳᠤ ᠬᠤᠯᠪᠣᠭᠳᠠᠬᠤ ᠪᠤᠶᠤ ᠲᠡᠭᠢᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠬᠢᠨᠠᠨ ᠲᠣᠭᠲᠠᠭᠠᠯᠲᠠ ᠶᠢᠨ ᠵᠦᠢᠯᠡᠰ ᠢ ᠭᠤᠷᠪᠠ ᠠᠴᠠ ᠳᠡᠭᠡᠭᠰᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠡᠭᠢᠠ ᠬᠢᠨᠠᠭᠤᠯᠵᠤ ᠪᠣᠯᠣᠨ᠎ᠠ᠃      ᠭᠤᠴᠢᠨ ᠲᠠᠪᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠬᠢᠨᠠᠨ ᠲᠣᠭᠲᠠᠭᠠᠯᠲᠠ ᠬᠢᠬᠦ ᠶᠢ ᠳᠤᠮᠳᠠ ᠠᠴᠠ ᠨᠢ ᠵᠣᠭᠰᠣᠭᠠᠵᠤ ᠪᠤᠯᠬᠤ ᠪᠥᠭᠡᠳ ᠨᠠᠶᠢᠳᠠᠭᠴᠢ ᠳᠤ ᠪᠢᠴᠢᠭ ᠢᠶᠠᠷ ᠮᠡᠳᠡᠭᠳᠡᠨ᠎ᠡ᠄      ︵ᠨᠢᠭᠡ︶ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠨᠥᠬᠦᠪᠦᠷᠢᠯᠡᠬᠦ ᠪᠤᠶᠤ ᠳᠠᠭᠢᠵᠤ ᠭᠠᠷᠭᠠᠵᠤ ᠠᠪᠬᠤ ᠴᠢᠬᠤᠯᠠᠲᠠᠢ ᠪᠠᠶᠢᠬᠤ︔      ︵ᠬᠤᠶᠠᠷ︶ ᠲᠤᠬᠠᠢ ᠶᠢᠨ ᠬᠥᠮᠥᠨ ᠢ ᠲᠤᠬᠠᠢ ᠶᠢᠨ ᠲᠠᠯᠠᠪᠤᠷ ᠲᠤ ᠢᠷᠡᠭᠦᠯᠵᠦ ᠬᠢᠨᠠᠨ ᠲᠣᠭᠲᠠᠭᠠᠯᠲᠠ ᠬᠢᠬᠦ ᠳᠤ ᠬᠠᠮᠵᠢᠯᠴᠠᠭᠤᠯᠬᠤ ᠪᠤᠶᠤ ᠰᠢᠯᠭᠠᠨ ᠪᠠᠶᠢᠴᠠᠭᠠᠯᠲᠠ᠂ ᠪᠠᠶᠢᠴᠠᠭᠠᠯᠲᠠ ᠬᠢᠯᠭᠡᠬᠦ ᠴᠢᠬᠤᠯᠠᠲᠠᠢ ᠪᠠᠶᠢᠲᠠᠯ᠎ᠠ ᠲᠤᠬᠠᠢ ᠶᠢᠨ ᠬᠥᠮᠥᠨ ᠨᠢ ᠲᠤᠬᠠᠢ ᠶᠢᠨ ᠲᠠᠯᠠᠪᠤᠷ ᠲᠤ ᠡᠰᠡ ᠢᠷᠡᠭᠰᠡᠨ︔      ︵ᠭᠤᠷᠪᠠ︶ ᠬᠤᠷᠢᠭᠯᠠᠰᠢ ᠦᠭᠡᠢ ᠬᠦᠴᠦᠨ ᠵᠦᠢᠯ ᠠᠴᠠ ᠪᠣᠯᠵᠤ ᠲᠥᠷ ᠦᠷᠭᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠤᠯᠤᠬᠰᠠᠨ︔      ︵ᠳᠥᠷᠪᠡ︶ ᠬᠢᠨᠠᠨ ᠲᠣᠭᠲᠠᠭᠠᠯᠲᠠ ᠬᠢᠬᠦ ᠶᠢ ᠳᠤᠮᠳᠠ ᠠᠴᠠ ᠨᠢ ᠵᠣᠭᠰᠤᠭᠠᠬᠤ ᠴᠢᠬᠤᠯᠠᠲᠠᠢ ᠪᠤᠰᠤᠳ ᠪᠠᠶᠢᠳᠠᠯ᠃      ᠡᠮᠦᠨᠡᠬᠢ ᠵᠤᠷᠪᠤᠰ ᠲᠤ ᠲᠣᠭᠲᠠᠭᠠᠭᠰᠠᠨ ᠪᠠᠶᠢᠳᠠᠯ ᠣᠷᠣᠰᠢᠬᠤ ᠦᠭᠡᠢ ᠪᠣᠯᠤᠭᠰᠠᠨ ᠤ ᠲᠠᠷᠠᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠢᠨᠠᠨ ᠲᠣᠭᠲᠠᠭᠠᠯᠲᠠ ᠬᠢᠬᠦ ᠪᠠᠨ ᠰᠡᠷᠭᠦᠭᠡᠬᠦ ᠬᠡᠷᠡᠭᠲᠡᠢ ᠪᠥᠭᠡᠳ ᠨᠠᠶᠢᠳᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠬᠢᠨᠠᠨ ᠲᠣᠭᠲᠠᠭᠠᠯᠲᠠ ᠬᠢᠬᠦ ᠶᠢ ᠳᠤᠮᠳᠠ ᠠᠴᠠ ᠨᠢ ᠵᠣᠭᠰᠣᠭᠠᠭᠰᠠᠨ ᠴᠠᠭ ᠢ ᠬᠢᠨᠠᠨ ᠲᠣᠭᠲᠠᠭᠠᠯᠲᠠ ᠬᠢᠬᠦ ᠴᠠᠭ ᠤᠨ ᠬᠢᠵᠠᠭᠠᠷ ᠲᠤ ᠪᠤᠳᠤᠵᠤ ᠣᠷᠣᠭᠤᠯᠬᠤ ᠦᠭᠡᠢ᠃      ᠭᠤᠴᠢᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠬᠢᠨᠠᠨ ᠲᠣᠭᠲᠠᠭᠠᠯᠲᠠ ᠶᠢ ᠵᠣᠭᠰᠣᠭᠠᠵᠤ ᠪᠣᠯᠣᠨ᠎ᠠ᠄      ︵ᠨᠢᠭᠡ︶ ᠨᠠᠶᠢᠳᠠᠭᠴᠢ ᠠᠴᠠ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠨᠥᠬᠦᠪᠦᠷᠢᠯᠡᠨ ᠬᠠᠩᠭᠠᠵᠤ ᠴᠢᠳᠠᠬᠤ ᠦᠭᠡᠢ ᠠᠴᠠ ᠪᠣᠯᠵᠤ ᠬᠢᠨᠠᠨ ᠲᠣᠭᠲᠠᠭᠠᠯᠲᠠ ᠶᠢ ᠦᠷᠭᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠤᠯᠤᠬᠰᠠᠨ︔      ︵ᠬᠤᠶᠠᠷ︶ ᠨᠠᠶᠢᠳᠠᠭᠴᠢ ᠠᠴᠠ ᠨᠠᠶᠢᠳᠠᠯᠭ᠎ᠠ ᠶᠢᠨ ᠬᠡᠯᠡᠯᠴᠡᠭᠡᠷ ᠲᠤ ᠪᠣᠯᠵᠣᠨ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠲᠤᠬᠠᠢ ᠶᠢᠨ ᠬᠥᠮᠥᠨ ᠬᠠᠮᠵᠢᠯᠴᠠᠬᠤ ᠶᠢ ᠲᠡᠪᠴᠢᠵᠦ᠂ ᠬᠢᠨᠠᠨ ᠲᠣᠭᠲᠠᠭᠠᠯᠲᠠ ᠶᠢᠨ ᠠᠵᠢᠯᠯᠠᠭ᠎ᠠ ᠬᠦᠨᠳᠦ ᠨᠣᠴᠢᠲᠠᠢ ᠬᠠᠷᠰᠢᠯᠠᠯ ᠳᠤ ᠤᠴᠠᠷᠠᠵᠤ᠂ ᠬᠢᠨᠠᠨ ᠲᠣᠭᠲᠠᠭᠠᠯᠲᠠ ᠶᠢ ᠦᠷᠭᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠤᠯᠤᠬᠰᠠᠨ︔      ︵ᠭᠤᠷᠪᠠ︶ ᠨᠠᠶᠢᠳᠠᠭᠴᠢ ᠠᠴᠠ ᠬᠢᠨᠠᠨ ᠲᠣᠭᠲᠠᠭᠠᠯᠲᠠ ᠬᠢᠯᠭᠡᠬᠦ ᠨᠠᠶᠢᠳᠠᠯᠭ᠎ᠠ ᠪᠠᠨ ᠬᠦᠴᠦᠨ ᠦᠭᠡᠢ ᠪᠤᠯᠭᠠᠬᠰᠠᠨ ᠪᠤᠶᠤ ᠬᠢᠨᠠᠨ ᠲᠣᠭᠲᠠᠭᠠᠯᠲᠠ ᠬᠢᠯᠭᠡᠬᠦ ᠵᠠᠷᠤᠳᠠᠯ ᠥᠭᠬᠦ ᠶᠢ ᠲᠡᠪᠴᠢᠭᠰᠡᠨ︔      ︵ᠳᠥᠷᠪᠡ︶ ᠬᠤᠷᠢᠭᠯᠠᠰᠢ ᠦᠭᠡᠢ ᠬᠦᠴᠦᠨ ᠵᠦᠢᠯ ᠠᠴᠠ ᠪᠣᠯᠵᠤ ᠬᠢᠨᠠᠨ ᠲᠣᠭᠲᠠᠭᠠᠯᠲᠠ ᠶᠢ ᠦᠷᠭᠦᠯᠵᠢᠯᠡᠨ ᠶᠠᠪᠤᠭᠳᠠᠭᠤᠯᠬᠤ ᠶᠢᠨ ᠠᠷᠭ᠎ᠠ ᠦᠭᠡᠢ ᠪᠤᠯᠤᠬᠰᠠᠨ︔      ︵ᠲᠠᠪᠤ︶ ᠬᠢᠨᠠᠨ ᠲᠣᠭᠲᠠᠭᠠᠯᠲᠠ ᠶᠢ ᠵᠣᠭᠰᠤᠭᠠᠬᠤ ᠴᠢᠬᠤᠯᠠᠲᠠᠢ ᠪᠤᠰᠤᠳ ᠪᠠᠶᠢᠳᠠᠯ᠃      ᠲᠤᠰ ᠳᠦᠷᠢᠮ ᠤᠨ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠯᠭᠡᠬᠦ ᠪᠠᠶᠢᠭᠤᠯᠤᠮᠵᠢ ᠠᠴᠠ ᠬᠢᠨᠠᠨ ᠲᠣᠭᠲᠠᠭᠠᠯᠲᠠ ᠬᠢᠬᠦ ᠪᠠᠨ ᠵᠣᠭᠰᠤᠭᠠᠬᠤ ᠬᠡᠷᠡᠭᠲᠡᠢ᠃      ᠬᠢᠨᠠᠨ ᠲᠣᠭᠲᠠᠭᠠᠯᠲᠠ ᠬᠢᠬᠦ ᠶᠢ ᠵᠣᠭᠰᠣᠭᠠᠭᠰᠠᠨ ᠪᠣᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠨᠠᠶᠢᠳᠠᠭᠴᠢ ᠳᠤ ᠪᠢᠴᠢᠭ ᠢᠶᠠᠷ ᠮᠡᠳᠡᠭᠳᠡᠵᠦ᠂ ᠤᠴᠢᠷ ᠰᠢᠯᠲᠠᠭᠠᠨ ᠢ ᠲᠣᠳᠣᠷᠬᠠᠶᠢᠯᠠᠬᠤ ᠶᠢᠨ ᠬᠠᠮᠲᠤ ᠬᠢᠨᠠᠨ ᠲᠣᠭᠲᠠᠭᠠᠯᠲᠠ ᠬᠢᠯᠭᠡᠬᠦ ᠮᠠᠲ᠋ᠧᠷᠢᠶᠠᠯ ᠢ ᠨᠢ ᠪᠤᠴᠠᠭᠠᠬᠤ ᠬᠡᠷᠡᠭᠲᠡᠢ᠃      ᠭᠤᠴᠢᠨ ᠳᠣᠯᠣᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠨᠢ ᠬᠢᠨᠠᠨ ᠲᠣᠭᠲᠠᠭᠠᠯᠲᠠ ᠬᠢᠬᠦ ᠬᠥᠮᠥᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠢ ᠭᠠᠷᠭᠠᠬᠤ ᠳᠤ ᠬᠢᠨᠠᠨ ᠲᠣᠭᠲᠠᠭᠠᠯᠲᠠ ᠶᠢ ᠬᠡᠷᠡᠭᠵᠢᠭᠦᠯᠦᠭᠰᠡᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠭᠠᠷ ᠤᠨ ᠦᠰᠦᠭ ᠵᠢᠷᠤᠬᠤ ᠬᠡᠷᠡᠭᠲᠡᠢ ᠪᠥᠭᠡᠳ ᠬᠢᠨᠠᠨ ᠲᠣᠭᠲᠠᠭᠠᠯᠲᠠ ᠶᠢᠨ ᠰᠠᠨᠠᠯ ᠳᠤ ᠬᠠᠷᠢᠭᠤᠴᠠᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠰᠬᠠᠢ ᠲᠠᠮᠠᠭ᠎ᠠ ᠶᠢ ᠳᠠᠷᠤᠬᠤ ᠬᠡᠷᠡᠭᠲᠡᠢ᠃ ᠤᠯᠠᠨ ᠬᠥᠮᠥᠨ ᠬᠢᠨᠠᠨ ᠲᠣᠭᠲᠠᠭᠠᠯᠲᠠ ᠬᠢᠬᠦ ᠳᠤ ᠣᠷᠣᠯᠴᠠᠭᠠᠳ ᠠᠳᠠᠯᠢ ᠪᠤᠰᠤ ᠰᠠᠨᠠᠯ ᠲᠠᠢ ᠪᠠᠶᠢᠪᠠᠯ ᠲᠣᠳᠣᠷᠬᠠᠶᠢᠯᠠᠵᠤ ᠥᠭᠬᠦ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠵᠣᠷᠢᠭᠤᠳᠠ ᠪᠠᠷ ᠬᠤᠳᠠᠯ ᠬᠠᠭᠤᠷᠮᠠᠭ ᠢᠶᠠᠷ ᠬᠢᠨᠠᠨ ᠲᠣᠭᠲᠠᠭᠠᠯᠲᠠ ᠬᠢᠵᠦ ᠪᠤᠯᠬᠤ ᠦᠭᠡᠢ᠂ ᠪᠤᠰᠤᠳ ᠬᠥᠮᠥᠨ ᠤ ᠥᠳᠥᠭᠡᠯᠭᠡ ᠪᠠᠷ ᠪᠤᠶᠤ ᠪᠤᠰᠤᠳ ᠬᠥᠮᠥᠨ ᠤ ᠰᠠᠨᠠᠭ᠎ᠠ ᠪᠠᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠳᠡᠭᠡᠷ᠎ᠡ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢᠶᠠᠷ ᠬᠠᠭᠤᠷᠮᠠᠭᠯᠠᠨ ᠭᠠᠷ ᠤᠨ ᠦᠰᠦᠭ ᠵᠢᠷᠤᠵᠤ ᠪᠤᠯᠬᠤ ᠦᠭᠡᠢ᠃      ᠭᠤᠴᠢᠨ ᠨᠠᠢᠮᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠢ ᠭᠠᠷᠭᠠᠵᠤ ᠥᠭᠭᠦᠭᠰᠡᠨ ᠤ ᠲᠠᠷᠠᠭ᠎ᠠ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠶᠢ ᠣᠯᠵᠤ ᠮᠡᠳᠡᠪᠡᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠨᠥᠬᠦᠪᠦᠷᠢᠯᠡᠨ ᠵᠠᠯᠠᠷᠠᠭᠤᠯᠵᠤ ᠪᠣᠯᠣᠨ᠎ᠠ᠄      ︵ᠨᠢᠭᠡ︶ ᠵᠢᠷᠤᠭ ᠳᠦᠷᠰᠦ᠂ ᠵᠢᠭᠰᠠᠯ ᠵᠢᠷᠤᠭ᠂ ᠬᠦᠰᠦᠨᠦᠭᠲᠦ ᠨᠢ ᠲᠣᠳᠣᠷᠬᠠᠢ ᠦᠭᠡᠢ︔      ︵ᠬᠤᠶᠠᠷ︶ ᠭᠠᠷ ᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠪᠤᠶᠤ ᠳ᠋ᠤᠭᠠᠷᠯᠠᠭᠰᠠᠨ ᠨᠢ ᠦᠢᠯᠡᠳᠬᠦ ᠱᠠᠭᠠᠷᠳᠠᠯᠭ᠎ᠠ ᠳᠤ ᠦᠯᠦ ᠨᠡᠶᠢᠴᠡᠭᠰᠡᠨ︔      ︵ᠭᠤᠷᠪᠠ︶ ᠦᠰᠦᠭ ᠪᠢᠴᠢᠭ ᠤᠨ ᠢᠯᠡᠳᠬᠡᠮᠵᠢ ᠡᠳᠦᠢ ᠲᠡᠳᠦᠢ ᠳᠤᠲᠠᠭᠳᠠᠯ ᠲᠠᠢ ᠪᠤᠶᠤ ᠲᠠᠰᠢᠶ᠎ᠠ ᠦᠰᠦᠭ ᠲᠠᠢ ᠪᠤᠯᠪᠠᠴᠤ ᠬᠢᠨᠠᠨ ᠲᠣᠭᠲᠠᠭᠠᠯᠲᠠ ᠬᠢᠭᠰᠡᠨ ᠰᠠᠨᠠᠯ ᠢ ᠦᠯᠦ ᠨᠥᠯᠥᠭᠡᠯᠡᠬᠦ᠃      ᠨᠥᠬᠦᠪᠦᠷᠢᠯᠡᠨ ᠵᠠᠯᠠᠷᠠᠭᠤᠯᠬᠤ ᠳᠤ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠳᠡᠭᠡᠷ᠎ᠡ ᠶᠠᠪᠤᠭᠳᠠᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠰ ᠠᠴᠠ ᠠᠳᠠᠭ ᠲᠠᠭᠠᠨ ᠨᠢᠭᠡ ᠬᠥᠮᠥᠨ ᠨᠥᠬᠦᠪᠦᠷᠢᠯᠡᠨ ᠵᠠᠯᠠᠷᠠᠭᠤᠯᠤᠭᠰᠠᠨ ᠭᠠᠵᠠᠷ ᠲᠤ ᠭᠠᠷ ᠤᠨ ᠦᠰᠦᠭ ᠵᠢᠷᠤᠬᠤ ᠬᠡᠷᠡᠭᠲᠡᠢ᠃ ᠴᠢᠬᠤᠯᠠᠲᠠᠢ ᠦᠶ᠎ᠡ ᠳᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠨᠥᠬᠦᠪᠦᠷᠢᠯᠡᠨ ᠵᠠᠯᠠᠷᠠᠭᠤᠯᠬᠤ ᠪᠢᠴᠢᠭ ᠭᠠᠷᠭᠠᠵᠤ ᠪᠣᠯᠣᠨ᠎ᠠ᠃      ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠠᠩᠰᠠᠯᠠᠭᠤᠯᠤᠭᠰᠠᠨ ᠢᠶᠠᠨ ᠬᠦᠴᠦᠨ ᠦᠭᠡᠢ ᠪᠤᠯᠭᠠᠬᠳᠠᠬᠰᠠᠨ ᠪᠤᠶᠤ ᠠᠵᠢᠯ ᠡᠷᠭᠢᠯᠡᠭᠦ ᠪᠠᠶᠢᠭᠤᠯᠤᠮᠵᠢ ᠪᠠᠨ ᠬᠤᠪᠢᠷᠠᠭᠤᠯᠵᠤ ᠬᠠᠷᠢᠯᠴᠠᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠪᠠᠶᠢᠳᠠᠯ ᠢ ᠪᠢᠴᠢᠭ ᠢᠶᠠᠷ ᠲᠣᠳᠣᠷᠬᠠᠶᠢᠯᠠᠵᠤ᠂ ᠨᠥᠬᠦᠴᠡᠯ ᠳᠤ ᠨᠡᠶᠢᠴᠡᠬᠦ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠠᠰᠲᠠᠭᠠᠨ ᠵᠢᠭᠠᠨ ᠲᠣᠭᠲᠠᠭᠠᠵᠤ ᠨᠥᠬᠦᠪᠦᠷᠢᠯᠡᠨ ᠵᠠᠯᠠᠷᠠᠭᠤᠯᠤᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠢ ᠨᠥᠬᠦᠪᠦᠷᠢᠯᠡᠨ ᠵᠠᠯᠠᠷᠠᠭᠤᠯᠬᠤ ᠳᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠤᠭ ᠰᠠᠨᠠᠭ᠎ᠠ ᠶᠢ ᠬᠤᠪᠢᠷᠠᠭᠤᠯᠵᠤ ᠪᠤᠯᠬᠤ ᠦᠭᠡᠢ᠃      ᠭᠤᠴᠢ ᠶᠢᠰᠦᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠢ ᠭᠠᠷᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠢᠨᠠᠨ ᠲᠣᠭᠲᠠᠭᠠᠭᠰᠠᠨ ᠰᠠᠨᠠᠯ ᠳᠤ ᠪᠤᠷᠤᠭᠤ ᠲᠠᠢ ᠪᠠᠶᠢᠬᠤ ᠶᠢ ᠣᠯᠵᠤ ᠮᠡᠳᠡᠪᠡᠯ᠂ ᠨᠠᠶᠢᠳᠠᠭᠴᠢ ᠳᠤ ᠰᠠᠨᠠᠭᠠᠴᠢᠯᠠᠭ᠎ᠠ ᠠᠴᠠ ᠪᠠᠨ ᠪᠢᠴᠢᠭ ᠢᠶᠠᠷ ᠮᠡᠳᠡᠭᠳᠡᠬᠦ ᠶᠢᠨ ᠬᠠᠮᠲᠤ ᠴᠢᠬᠤᠯᠠ ᠪᠦᠬᠦᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭᠠᠷ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠳᠥᠴᠢᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ  ᠠᠴᠠ ᠨᠠᠶᠢᠳᠠᠭᠴᠢ ᠶᠢᠨ ᠱᠠᠭᠠᠷᠳᠠᠯᠭ᠎ᠠ ᠶᠢ ᠦᠨᠳᠦᠰᠦᠯᠡᠨ ᠨᠥᠬᠦᠵᠦ ᠬᠢᠨᠠᠨ ᠲᠣᠭᠲᠠᠭᠠᠵᠤ ᠪᠣᠯᠣᠨ᠎ᠠ᠄      ︵ᠨᠢᠭᠡ︶ ᠤᠤᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠨᠠᠶᠢᠳᠠᠭᠰᠠᠨ ᠵᠦᠢᠯ ᠳᠤ ᠣᠷᠬᠢᠭᠳᠠᠭᠤᠯᠤᠭᠰᠠᠨ ᠵᠦᠢᠯ ᠪᠠᠶᠢᠬᠤ︔      ︵ᠬᠤᠶᠠᠷ︶ ᠨᠠᠶᠢᠳᠠᠭᠴᠢ ᠠᠴᠠ ᠤᠤᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠨᠠᠶᠢᠳᠠᠭᠰᠠᠨ ᠵᠦᠢᠯ ᠳᠤ ᠬᠢᠨᠠᠨ ᠲᠣᠭᠲᠠᠭᠠᠯᠲᠠ ᠬᠢᠯᠭᠡᠬᠦ ᠰᠢᠨ᠎ᠡ ᠮᠠᠲ᠋ᠧᠷᠢᠶᠠᠯ ᠬᠠᠩᠭᠠᠬᠰᠠᠨ︔      ︵ᠭᠤᠷᠪᠠ︶ ᠨᠥᠬᠦᠪᠦᠷᠢᠯᠡᠨ ᠬᠢᠨᠠᠨ ᠲᠣᠭᠲᠠᠭᠠᠬᠤ ᠴᠢᠬᠤᠯᠠᠲᠠᠢ ᠪᠤᠰᠤᠳ ᠪᠠᠶᠢᠳᠠᠯ᠃      ᠨᠥᠬᠦᠪᠦᠷᠢᠯᠡᠨ ᠬᠢᠨᠠᠨ ᠲᠣᠭᠲᠠᠭᠠᠯᠲᠠ ᠬᠢᠬᠦ ᠪᠣᠯ ᠤᠤᠯ ᠤᠨ ᠨᠠᠶᠢᠳᠠᠨ ᠬᠢᠨᠠᠨ ᠲᠣᠭᠲᠠᠭᠠᠯᠲᠠ ᠬᠢᠯᠭᠡᠬᠦ ᠶᠢᠨ ᠪᠦᠷᠢᠯᠳᠦᠭᠦᠨ ᠬᠡᠰᠡᠭ ᠪᠣᠯᠣᠨ᠎ᠠ᠂ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠭᠦᠢᠴᠡᠳᠬᠡᠬᠦ ᠬᠡᠷᠡᠭᠲᠡᠢ᠃ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠭᠦᠢᠴᠡᠳᠬᠡᠬᠦ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠪᠠᠶᠢᠳᠠᠯ ᠢ ᠪᠢᠴᠢᠭ ᠢᠶᠠᠷ ᠲᠣᠳᠣᠷᠬᠠᠶᠢᠯᠠᠬᠤ  ᠶᠢᠨ ᠬᠠᠮᠲᠤ ᠨᠥᠬᠦᠴᠡᠯ ᠳᠤ ᠨᠡᠶᠢᠴᠡᠬᠦ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠠᠰᠲᠠᠭᠠᠨ ᠵᠢᠭᠠᠨ ᠲᠣᠭᠲᠠᠭᠠᠵᠤ ᠭᠦᠢᠴᠡᠳᠬᠡᠬᠦ ᠬᠡᠷᠡᠭᠲᠡᠢ᠃      ᠳᠥᠴᠢᠨ ᠨᠢᠭᠡᠳᠦᠭᠡᠷ ᠵᠦᠢᠯ ᠨᠠᠶᠢᠳᠠᠭᠴᠢ ᠠᠴᠠ ᠬᠢᠨᠠᠨ ᠲᠣᠭᠲᠠᠭᠠᠯᠲᠠ ᠶᠢ ᠲᠠᠭᠢᠵᠤ ᠬᠢᠯᠭᠡᠬᠦ ᠴᠢᠬᠤᠯᠠᠲᠠᠢ ᠭᠡᠵᠦ ᠦᠵᠡᠪᠡᠯ᠂ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠪᠤᠰᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠨᠠᠶᠢᠳᠠᠵᠤ ᠬᠢᠯᠭᠡᠬᠦ ᠬᠡᠷᠡᠭᠲᠡᠢ᠃ ᠨᠠᠶᠢᠳᠠᠭᠰᠠᠨ ᠵᠦᠢᠯᠡᠰ ᠢ ᠡᠭᠦᠷᠭᠡᠯᠡᠵᠦ ᠳᠡᠶᠢᠯᠭᠦ ᠪᠤᠰᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠᠶᠢᠬᠤ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ᠂ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠨᠠᠶᠢᠳᠠᠵᠤ ᠭᠢᠯᠭᠡᠵᠦ ᠪᠣᠯᠣᠨ᠎ᠠ᠃ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠨᠠᠶᠢᠳᠠᠵᠤ ᠲᠠᠭᠢᠵᠤ ᠬᠢᠨᠠᠨ ᠲᠣᠭᠲᠠᠭᠠᠯᠲᠠ ᠬᠢᠯᠭᠡᠭᠰᠡᠨ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠭᠰᠡᠨ ᠬᠥᠮᠥᠨ ᠠᠴᠠ ᠪᠤᠰᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠵᠢᠭᠠᠨ ᠲᠣᠭᠲᠠᠭᠠᠵᠤ ᠡᠭᠦᠷᠭᠡᠯᠡᠭᠦᠯᠬᠦ ᠬᠡᠷᠡᠭᠲᠡᠢ᠃      ᠲᠠᠭᠢᠵᠤ ᠬᠢᠨᠠᠨ ᠲᠣᠭᠲᠠᠭᠠᠯᠲᠠ ᠬᠢᠬᠦ ᠨᠠᠶᠢᠳᠠᠯᠭ᠎ᠠ ᠶᠢ ᠬᠦᠯᠢᠶᠡᠭᠰᠡᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠢᠷᠢ ᠭᠡᠮ ᠤᠨ ᠨᠥᠬᠦᠴᠡᠯ ᠨᠢ ᠤᠤᠯ ᠤᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠳᠣᠣᠷ᠎ᠠ ᠦᠭᠡᠢ ᠪᠠᠶᠢᠬᠤ ᠬᠡᠷᠡᠭᠲᠡᠢ᠂ ᠲᠠᠭᠢᠵᠤ ᠬᠢᠨᠠᠨ ᠲᠣᠭᠲᠠᠭᠠᠯᠲᠠ ᠬᠢᠬᠦ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠳᠣᠲᠣᠷ᠎ᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠲᠠᠢ ᠬᠥᠮᠥᠨ ᠨᠠᠭᠠᠲᠤ ᠵᠠᠬ᠎ᠠ ᠳᠠᠭᠠᠨ ᠨᠢᠭᠡ ᠪᠠᠶᠢᠬᠤ ᠬᠡᠷᠡᠭᠲᠡᠢ᠃      ᠳᠥᠴᠢᠨ ᠬᠤᠶᠠᠳᠤᠭᠠᠷ ᠵᠦᠢᠯ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠰᠢᠭᠦᠯᠲᠡ ᠳᠤ ᠣᠷᠣᠯᠴᠠᠨ ᠭᠡᠷᠡᠴᠢᠯᠡᠬᠦ ᠶᠢ ᠮᠡᠳᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠰᠢᠭᠦᠯᠲᠡ ᠳᠤ ᠣᠷᠤᠯᠴᠠᠬᠤ ᠬᠢᠨᠠᠨ ᠲᠣᠭᠲᠠᠭᠠᠯᠲᠠ ᠬᠢᠬᠦ ᠬᠥᠮᠥᠨ ᠤ ᠰᠠᠭᠤᠳᠠᠯ ᠲᠣᠬᠢᠷᠠᠭᠤᠯᠵᠤ ᠥᠭᠬᠦ ᠶᠢᠨ ᠬᠠᠮᠲᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠡᠷᠭᠢᠯᠡᠭᠦ ᠡᠷᠬᠡ᠂ ᠪᠡᠶ᠎ᠡ ᠶᠢᠨ ᠠᠮᠤᠷ ᠲᠦᠪᠰᠢᠨ ᠵᠡᠷᠭᠡ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠠᠷᠠᠳ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠮᠡᠳᠡᠭᠳᠡᠭᠰᠡᠨ ᠪᠠᠶᠢᠪᠠᠯ ᠰᠢᠭᠦᠯᠲᠡ ᠳᠤ ᠣᠷᠣᠯᠴᠠᠵᠤ ᠭᠡᠷᠡᠴᠢᠯᠡᠬᠦ ᠬᠡᠷᠡᠭᠲᠡᠢ᠃      ᠳᠥᠴᠢᠨ ᠭᠤᠷᠪᠠᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠠᠳᠠᠯᠢ ᠪᠤᠰᠤ ᠬᠢᠨᠠᠨ ᠲᠣᠭᠲᠠᠭᠠᠯᠲᠠ ᠶᠢᠨ ᠲᠦᠷᠦᠯ ᠵᠦᠢᠯ ᠶᠣᠰᠣᠭᠠᠷ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠠ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢᠨ ᠬᠠᠮᠢᠶᠠᠷᠤᠯᠲᠠ ᠶᠢ ᠲᠤᠰ ᠲᠤᠰ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ  ᠶᠢᠨ ᠰᠦᠢᠳᠬᠡᠯ ᠬᠤᠷᠢᠶᠠᠬᠤ ᠲᠥᠷᠥᠯ ᠵᠦᠢᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠴᠠ ᠨᠠᠶᠢᠳᠠᠭᠴᠢ᠂ ᠵᠠᠷᠭᠤ ᠶᠢᠨ ᠲᠤᠬᠠᠢ ᠶᠢᠨ ᠬᠥᠮᠥᠨ ᠳᠤ ᠰᠦᠢᠳᠬᠡᠯ ᠬᠤᠷᠢᠶᠠᠬᠤ ᠵᠦᠢᠯᠡᠰ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠪᠤᠯᠭᠠᠬᠤ ᠬᠡᠷᠡᠭᠲᠡᠢ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠵᠤ ᠪᠤᠯᠬᠤ ᠦᠭᠡᠢ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠵᠦ᠂ ᠰᠦᠢᠳᠬᠡᠯ ᠬᠤᠷᠢᠶᠠᠬᠤ ᠵᠦᠢᠯᠡᠰ ᠢ ᠵᠠᠳᠠᠯᠵᠤ᠂ ᠳᠠᠪᠬᠤᠷᠳᠠᠭᠤᠯᠤᠨ ᠰᠦᠢᠳᠬᠡᠯ ᠬᠤᠷᠢᠶᠠᠵᠤ ᠪᠤᠯᠬᠤ ᠦᠭᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠲᠣᠭᠲᠠᠭᠠᠯ ᠢ ᠵᠥᠷᠢᠴᠡᠵᠦ ᠬᠢᠨᠠᠨ ᠲᠣᠭᠲᠠᠭᠠᠯᠲᠠ ᠶᠢᠨ ᠬᠡᠷᠡᠭ ᠤᠨ ᠲᠤᠬᠠᠢ ᠶᠢᠨ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠴᠤ ᠪᠤᠯᠬᠤ ᠦᠭᠡᠢ᠃      ᠳᠥᠴᠢᠨ ᠳᠥᠷᠪᠡᠳᠦᠭᠡᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ ᠬᠡᠷᠡᠭ ᠲᠤᠰᠠᠯᠠᠮᠵᠢ ᠭᠦᠷᠳᠡᠭᠦ ᠬᠥᠮᠥᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠯᠭᠡᠬᠦ ᠰᠦᠢᠳᠬᠡᠯ ᠢ ᠬᠠᠤᠯᠢ ᠶᠣᠰᠣᠭᠠᠷ ᠳᠤᠲᠠᠭᠤ ᠬᠤᠷᠢᠶᠠᠬᠤ ᠪᠤᠶᠤ ᠬᠤᠷᠢᠶᠠᠬᠤ ᠦᠭᠡᠢ ᠪᠠᠶᠢᠬᠤ ᠬᠡᠷᠡᠭᠲᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠠᠵᠤ ᠠᠬᠤᠢ ᠶᠢᠨ ᠲᠠᠯ᠎ᠠ ᠪᠠᠷ ᠦᠨᠡᠬᠡᠷ ᠬᠦᠴᠢᠷᠳᠡᠯ ᠲᠠᠢ ᠪᠤᠯᠪᠠᠴᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ ᠨᠥᠬᠦᠴᠡᠯ ᠳᠤ ᠨᠡᠶᠢᠴᠡᠬᠦ ᠦᠭᠡᠢ ᠬᠤᠪᠢ ᠬᠥᠮᠥᠨ ᠠᠴᠠ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠠᠷᠤᠳᠠᠯ ᠢ ᠬᠠᠰᠤᠵᠤ ᠬᠤᠷᠢᠶᠠᠬᠤ ᠪᠤᠶᠤ ᠬᠤᠷᠢᠶᠠᠬᠤ ᠦᠭᠡᠢ ᠪᠠᠶᠢᠵᠤ ᠪᠣᠯᠣᠨ᠎ᠠ᠃      ᠳᠥᠴᠢᠨ ᠲᠠᠪᠤᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠠᠩᠰᠠ ᠡᠪᠬᠡᠮᠡᠯ ᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠴᠤ᠂ ᠬᠢᠨᠠᠨ ᠲᠣᠭᠲᠠᠭᠠᠯᠲᠠ ᠲᠠᠢ ᠬᠤᠯᠪᠣᠭᠳᠠᠬᠤ ᠮᠠᠲ᠋ᠧᠷᠢᠶᠠᠯ ᠢ ᠴᠠᠭ ᠲᠤᠬᠠᠢ ᠳᠤᠨᠢ ᠡᠪᠭᠡᠮᠡᠯᠯᠡᠨ ᠲᠠᠩᠰᠠᠯᠠᠵᠤ᠂ ᠲᠣᠬᠢᠲᠠᠢ ᠬᠠᠳᠠᠭᠠᠯᠠᠨ ᠬᠠᠮᠢᠶᠠᠷᠬᠤ ᠬᠡᠷᠡᠭᠲᠡᠢ᠂ ᠡᠪᠳᠡᠨ ᠰᠦᠢᠳᠬᠡᠬᠦ ᠪᠤᠶᠤ ᠭᠡᠭᠡᠵᠤ ᠪᠤᠯᠬᠤ ᠦᠭᠡᠢ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠤᠯᠤᠰ ᠤᠨ ᠲᠣᠭᠲᠠᠭᠠᠯ ᠶᠣᠰᠣᠭᠠᠷ ᠲᠤᠬᠠᠢ ᠶᠢᠨ ᠭᠠᠵᠠᠷ ᠤᠨ ᠲᠠᠩᠰᠠ ᠡᠪᠬᠡᠮᠡᠯ ᠤᠨ ᠣᠷᠳᠣᠨ ᠳᠤ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃      ᠬᠡᠷᠡᠭ ᠰᠢᠢᠳᠪᠦᠷᠢᠯᠡᠬᠦ ᠪᠠᠶᠢᠭᠤᠯᠭ᠎ᠠ ᠬᠤᠯᠪᠣᠭᠳᠠᠯ ᠪᠦᠬᠦᠢ ᠬᠢᠨᠠᠨ ᠲᠣᠭᠲᠠᠭᠠᠯᠲᠠ ᠶᠢᠨ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ᠂ ᠳᠠᠷᠤᠮᠠᠯᠯᠠᠨ ᠠᠪᠬᠤ ᠳᠠᠭᠠᠨ ᠠᠵᠢᠯᠯᠠᠵᠤ ᠪᠠᠶᠢᠭ᠎ᠠ ᠨᠢᠭᠡᠴᠢ ᠶᠢᠨ ᠢᠶᠠᠨ ᠵᠠᠬᠢᠳᠠᠯ ᠪᠠ ᠠᠵᠢᠯ ᠤᠨ ᠦᠨᠡᠮᠯᠡᠯ ᠢᠶᠠᠨ ᠭᠠᠷᠭᠠᠵᠤ ᠦᠵᠡᠭᠦᠯᠪᠡᠯ ᠵᠣᠬᠢᠨ᠎ᠠ᠃ ᠵᠠᠷᠭᠤ ᠶᠢᠨ ᠲᠤᠬᠠᠢ ᠶᠢᠨ ᠬᠥᠮᠥᠨ ᠵᠢᠴᠢ ᠲᠡᠭᠦᠨ ᠤ ᠣᠷᠣᠯᠠᠨ ᠭᠦᠢᠴᠡᠳᠭᠡᠭᠴᠢ᠂ ᠥᠮᠥᠭᠯᠡᠭᠴᠢ ᠬᠢᠨᠠᠨ ᠲᠣᠭᠲᠠᠭᠠᠯᠲᠠ ᠶᠢᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ᠂ ᠳᠠᠷᠤᠮᠠᠯᠯᠠᠨ ᠠᠪᠬᠤ ᠳᠤ ᠬᠡᠷᠡᠭ ᠰᠢᠢᠳᠪᠦᠷᠢᠯᠡᠬᠦ ᠪᠠᠶᠢᠭᠤᠯᠭ᠎ᠠ ᠶᠢᠨ ᠦᠰᠦᠭ ᠪᠢᠴᠢᠭ ᠢᠶᠠᠷ ᠪᠢᠴᠢᠭᠰᠡᠨ ᠵᠥᠪᠰᠢᠶᠡᠷᠡᠯ ᠢ ᠣᠯᠪᠠᠯ ᠵᠣᠬᠢᠨ᠎ᠠ᠃      ᠳᠥᠷᠪᠡᠳᠦᠭᠡᠷ ᠪᠦᠯᠦᠭ ᠬᠢᠨᠠᠯᠲᠠ ᠲᠠᠯᠪᠢᠯᠲᠠ ᠬᠠᠮᠢᠶᠠᠷᠤᠯᠲᠠ      ᠳᠥᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠠᠶᠢᠴᠠᠭᠠᠬᠤ ᠡᠲᠡᠭᠡᠳ ᠢ ᠲᠠᠰᠢᠷᠠᠮ ᠤᠨ ᠰᠣᠩᠭᠤᠯᠲᠠ ᠪᠠᠷ ᠭᠠᠷᠭᠠᠬᠤ᠂ ᠪᠠᠶᠢᠴᠠᠭᠠᠬᠤ ᠠᠵᠢᠯᠲᠠᠨ ᠢ ᠲᠠᠰᠢᠷᠠᠮ ᠤᠨ ᠰᠣᠩᠭᠤᠯᠲᠠ ᠪᠠᠷ ᠲᠣᠮᠢᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠣᠣᠷᠠᠬᠢ ᠵᠦᠢᠯᠡᠰ ᠲᠤ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠨᠡᠶᠢᠭᠡᠮ ᠨᠡᠶᠢᠲᠡ ᠳᠤ ᠢᠯᠡ ᠪᠤᠯᠭᠠᠬᠤ ᠬᠡᠷᠡᠭᠲᠡᠢ᠄      ︵ᠨᠢᠭᠡ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠳᠠᠷᠠᠭᠠᠯᠠᠯ᠂ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠵᠢᠷᠤᠮᠯᠠᠭᠰᠠᠨ ᠪᠠᠶᠢᠳᠠᠯ︔      ︵ᠬᠤᠶᠠᠷ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ ᠡᠷᠭᠢᠯᠡᠭᠦ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ︔      ︵ᠭᠤᠷᠪᠠ︶ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠠ ᠬᠢᠨᠠᠨ ᠲᠣᠭᠲᠠᠭᠠᠯᠲᠠ ᠬᠢᠭᠰᠡᠨ ᠶᠠᠰᠤ ᠴᠢᠨᠠᠷ ᠤᠨ ᠪᠠᠶᠢᠳᠠᠯ︔      ︵ᠳᠥᠷᠪᠡ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠬᠠᠮᠢᠶᠠᠷᠤᠯᠲᠠ᠂ ᠰᠦᠢᠳᠬᠡᠯ ᠬᠤᠷᠢᠶᠠᠬᠤ ᠵᠡᠷᠭᠡ ᠳᠦᠷᠢᠮ ᠤᠨ ᠪᠠᠶᠢᠭᠤᠯᠤᠯᠲᠠ ᠵᠢᠴᠢ ᠬᠡᠷᠡᠭᠵᠢᠭᠦᠯᠦᠭᠰᠡᠨ ᠪᠠᠶᠢᠳᠠᠯ︔      ︵ᠲᠠᠪᠤ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠶᠢᠨ ᠠᠵᠢᠯᠲᠠᠨ᠂ ᠲᠠᠯᠠᠪᠤᠷ᠂ ᠬᠡᠮᠵᠢᠭᠦᠷᠯᠢᠭ ᠲᠥᠬᠦᠭᠡᠷᠦᠮᠵᠢ ᠵᠡᠷᠭᠡ ᠶᠢ ᠲᠣᠬᠢᠷᠠᠭᠤᠯᠤᠭᠰᠠᠨ ᠪᠠ ᠢᠵᠢ ᠪᠦᠷᠢᠳᠦᠭᠦᠯᠦᠭᠰᠡᠨ ᠪᠠᠶᠢᠳᠠᠯ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠢᠨᠠᠯᠲᠠ ᠲᠠᠯᠪᠢᠯᠲᠠ᠂ ᠪᠠᠶᠢᠴᠠᠭᠠᠯᠲᠠ ᠶᠢ ᠬᠦᠯᠢᠶᠡᠬᠦ ᠶᠢ ᠲᠡᠪᠴᠢᠵᠦ ᠪᠤᠯᠬᠤ ᠦᠭᠡᠢ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ᠂ ᠬᠤᠳᠠᠯ ᠬᠠᠭᠤᠷᠮᠠᠭ ᠲᠣᠭᠠᠴᠢᠯᠲᠠ ᠬᠢᠵᠦ ᠪᠤᠯᠬᠤ ᠦᠭᠡᠢ᠃      ᠳᠥᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢ ᠰᠢᠯᠭᠠᠨ ᠬᠢᠨᠠᠬᠤ ᠳᠦᠷᠢᠮ᠂ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠳᠦᠷᠢᠮ ᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠢᠶᠠᠨ ᠶᠠᠪᠤᠭᠳᠠᠭᠤᠯᠵᠤ ᠪᠠᠶᠢᠭ᠎ᠠ ᠪᠠᠶᠢᠳᠠᠯ ᠵᠢᠴᠢ ᠦᠨᠡᠨᠴᠢ ᠢᠲᠡᠭᠡᠮᠵᠢ ᠶᠢᠨ ᠪᠠᠶᠢᠳᠠᠯ ᠵᠡᠷᠭᠡ ᠶᠢ ᠰᠢᠯᠭᠠᠨ ᠬᠢᠨᠠᠵᠤ ᠦᠨᠡᠯᠡᠬᠦ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠶᠢᠨ ᠬᠠᠮᠲᠤ ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠪᠣᠯᠭᠠᠪᠠᠯ ᠵᠣᠬᠢᠨ᠎ᠠ᠃      ᠳᠥᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠦᠭᠦ ᠣᠷᠣᠨ ᠳᠤ ᠨᠢᠭᠡᠳᠦᠯᠲᠡᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ᠂ ᠤᠯᠤᠰ ᠲᠦᠷᠦ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠳᠤ ᠵᠠᠯᠭᠠᠨ ᠣᠷᠣᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠯᠠᠭ᠎ᠠ ᠡᠷᠭᠢᠯᠡᠭᠦ ᠳᠤ ᠪᠦᠭᠦ ᠶᠠᠪᠤᠴᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠬᠡᠷᠡᠭ ᠰᠢᠢᠳᠪᠦᠷᠢᠯᠡᠬᠦ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠯᠭᠡᠬᠦ ᠪᠠᠷ ᠨᠠᠶᠢᠳᠠᠭᠰᠠᠨ ᠪᠠᠶᠢᠪᠠᠯ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ ᠴᠠᠭ ᠲᠤᠬᠠᠢ ᠳᠤᠨᠢ ᠬᠠᠮᠲᠤ ᠪᠠᠷ ᠡᠳ᠋ᠯᠡᠬᠦ ᠬᠡᠷᠡᠭᠲᠡᠢ᠃      ᠳᠥᠴᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠤᠪᠢᠷᠠᠯᠲᠠ ᠶᠢ ᠳᠠᠩᠰᠠᠯᠠᠬᠤ᠂ ᠰᠢᠯᠭᠠᠨ ᠬᠢᠨᠠᠵᠤ ᠦᠨᠡᠯᠡᠬᠦ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠪᠠᠶᠢᠳᠠᠯ ᠢ ᠬᠡᠷᠡᠭ ᠰᠢᠢᠳᠪᠦᠷᠢᠯᠡᠬᠦ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠳᠡᠬᠦ ᠭᠡᠷᠡᠭᠳᠡᠢ︔ ᠬᠡᠷᠡᠭ ᠰᠢᠢᠳᠪᠦᠷᠢᠯᠡᠬᠦ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠢ ᠬᠡᠷᠡᠭᠯᠡᠭᠰᠡᠨ ᠪᠠᠶᠢᠳᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠰᠢᠭᠦᠯᠲᠡ ᠳᠤ ᠣᠷᠣᠯᠴᠠᠬᠰᠠᠨ ᠪᠠᠶᠢᠳᠠᠯ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠤᠨ ᠶᠠᠰᠤ ᠴᠢᠨᠠᠷ ᠤᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ  ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠨᠡᠶᠢᠭᠡᠮᠯᠢᠭ ᠪᠠ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠨᠡᠶᠢᠭᠡᠮᠯᠢᠭ ᠲᠤ ᠢᠯᠡᠴᠢᠯᠡᠨ ᠮᠡᠳᠡᠭᠦᠯᠬᠦ ᠡᠷᠬᠡ ᠲᠠᠢ᠃      ᠲᠠᠪᠢᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠨ ᠠᠵᠢᠯ ᠭᠦᠢᠴᠡᠳᠬᠡᠵᠦ ᠬᠠᠤᠯᠢ ᠶᠣᠰᠣᠨ ᠤ ᠡᠷᠬᠡ ᠠᠰᠢᠭ  ᠲᠤᠨᠢ ᠬᠠᠯᠳᠠᠭᠰᠠᠨ ᠭᠡᠵᠦ ᠦᠵᠡᠪᠡᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠤ ᠵᠠᠭᠠᠯᠳᠤᠵᠤ ᠪᠣᠯᠣᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠪᠣᠳᠠᠲᠠᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠤᠷᠤᠭᠤᠯᠬᠤ ᠶᠢᠨ ᠬᠠᠮᠲᠤ᠂ ᠬᠠᠤᠯᠢ ᠶᠣᠰᠣᠭᠠᠷ ᠦᠨᠡᠨᠴᠢ ᠢᠲᠡᠭᠡᠮᠵᠢ ᠶᠢ ᠤᠷᠮᠠᠰᠢᠭᠤᠯᠤᠨ ᠵᠣᠷᠢᠭᠵᠢᠭᠤᠯᠬᠤ ᠪᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃      ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠲᠠᠪᠢᠨ ᠨᠢᠭᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢ ᠳᠠᠭᠠᠬᠤ ᠬᠡᠷᠡᠭᠲᠡᠢ᠃      ᠲᠠᠪᠢᠨ ᠬᠤᠶᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ ᠪᠠᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠡᠷᠭᠢᠯᠡᠭᠰᠡᠨ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠠᠴᠠ ᠵᠥᠷᠢᠴᠡᠭᠰᠡᠨ ᠠᠰᠢᠭ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ ᠠᠰᠢᠭ ᠣᠯᠵᠠᠪᠤᠷᠢ ᠶᠢᠨ ᠨᠢᠭᠡ ᠳᠠᠭᠢᠨ ᠠᠴᠠ ᠳᠡᠭᠡᠭᠰᠢ ᠭᠤᠷᠪᠠᠨ ᠳᠠᠭᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠠᠤᠯᠢ ᠠᠴᠠ ᠵᠥᠷᠢᠴᠡᠭᠰᠡᠨ ᠠᠰᠢᠭ ᠣᠯᠵᠠᠪᠤᠷᠢ ᠦᠭᠡᠢ ᠪᠣᠯ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠲᠠᠪᠢᠨ ᠭᠤᠷᠪᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢᠯᠡᠭᠦᠯᠦᠯ ᠥᠭᠭᠦᠨ᠎ᠡ︔ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠠᠤᠯᠢ ᠶᠢ ᠵᠥᠷᠢᠴᠡᠵᠦ ᠠᠰᠢᠭ ᠣᠯᠵᠠᠪᠤᠷᠢ ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠨᠢ ᠬᠤᠷᠢᠶᠠᠵᠤ ᠠᠪᠤᠨ᠎ᠠ᠃      ︵ᠨᠢᠭᠡ︶ ᠳᠠᠩᠰᠠᠯᠠᠭᠤᠯᠤᠭᠰᠠᠨ ᠵᠦᠢᠯᠡᠰ ᠲᠤᠨᠢ ᠬᠤᠪᠢᠷᠠᠯᠲᠠ ᠭᠠᠷᠤᠭᠰᠠᠨ ᠪᠠᠶᠢᠳᠠᠯ ᠳᠣᠣᠷ᠎ᠠ ᠲᠣᠭᠲᠠᠭᠠᠯ ᠶᠣᠰᠣᠭᠠᠷ ᠬᠤᠪᠢᠷᠠᠭᠤᠯᠬᠤ ᠳᠠᠩᠰᠠᠯᠠᠭᠤᠯᠤᠯᠲᠠ ᠦᠯᠦ ᠭᠢᠯᠭᠡᠭᠰᠡᠨ︔      ︵ᠬᠤᠶᠠᠷ︶ ᠳᠠᠩᠰᠠᠯᠠᠭᠤᠯᠤᠭᠰᠠᠨ ᠵᠦᠢᠯᠡᠰ ᠲᠤᠨᠢ ᠬᠤᠪᠢᠷᠠᠯᠲᠠ ᠭᠠᠷᠴᠤ᠂ ᠳᠠᠩᠰᠠᠯᠠᠭᠤᠯᠬᠤ ᠨᠥᠬᠦᠴᠡᠯ ᠳᠤ ᠦᠯᠦ ᠨᠡᠶᠢᠴᠡᠬᠦ᠂ ᠭᠦᠢᠴᠡᠳ ᠨᠥᠬᠦᠪᠦᠷᠢᠯᠡᠬᠦ ᠠᠴᠠ ᠡᠮᠦᠨ᠎ᠡ ᠠᠵᠢᠯ ᠡᠷᠭᠢᠯᠡᠭᠦ ᠠᠵᠢᠯᠯᠠᠭ᠎ᠠ ᠪᠠᠨ ᠦᠷᠭᠦᠯᠵᠢᠯᠡᠨ ᠥᠷᠨᠢᠭᠦᠯᠦᠭᠰᠡᠨ︔      ︵ᠭᠤᠷᠪᠠ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠤᠨ ᠦᠨᠡᠮᠯᠡᠯ ᠢ ᠪᠠᠯᠠᠯᠤᠨ ᠵᠠᠰᠠᠭᠰᠠᠨ᠂ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ︔      ︵ᠳᠥᠷᠪᠡ︶ ᠬᠢᠨᠠᠨ ᠲᠣᠭᠲᠠᠭᠠᠯᠲᠠ ᠶᠢᠨ ᠵᠦᠢᠯᠡᠰ ᠢ ᠪᠤᠰᠤᠳ ᠪᠠᠶᠢᠭᠤᠯᠤᠮᠵᠢ ᠳᠤ ᠰᠢᠯᠵᠢᠭᠦᠯᠦᠨ ᠨᠠᠶᠢᠳᠠᠵᠤ ᠭᠦᠢᠴᠡᠳᠭᠡᠯᠭᠡᠭᠰᠡᠨ︔      ︵ᠲᠠᠪᠤ︶ ᠬᠢᠨᠠᠨ ᠲᠣᠭᠲᠠᠭᠠᠯᠲᠠ ᠶᠢᠨ ᠶᠠᠪᠤᠴᠠ ᠪᠤᠶᠤ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠭᠠᠷᠭᠠᠵᠤ ᠠᠪᠤᠭᠰᠠᠨ᠂ ᠭᠥᠯᠢᠶᠡᠨ ᠠᠪᠤᠭᠰᠠᠨ᠂ ᠬᠠᠳᠠᠭᠠᠯᠠᠨ ᠬᠠᠮᠢᠶᠠᠷᠤᠭᠰᠠᠨ᠂ ᠬᠡᠷᠡᠭᠯᠡᠭᠰᠡᠨ᠂ ᠤᠰᠠᠳᠬᠠᠭᠰᠠᠨ᠂ ᠪᠤᠴᠠᠭᠠᠭᠰᠠᠨ ᠶᠠᠪᠤᠴᠠ ᠶᠢ ᠲᠡᠮᠳᠡᠭᠯᠡᠭᠰᠡᠨ ᠦᠭᠡᠢ᠂ ᠡᠰᠡᠬᠦᠯ᠎ᠡ ᠲᠡᠮᠳᠡᠭᠯᠡᠯ ᠨᠢ ᠦᠨᠡᠨ ᠪᠣᠳᠠᠲᠠᠢ ᠪᠢᠰᠢ᠂ ᠲᠡᠮᠳᠡᠭᠯᠡᠯ ᠳᠤ ᠴᠢᠬᠤᠯᠠ ᠶᠡᠭᠡ ᠣᠷᠬᠢᠭᠳᠠᠭᠤᠯᠤᠭᠰᠠᠨ ᠪᠠᠶᠢᠳᠠᠯ ᠣᠷᠣᠰᠢᠵᠤ ᠪᠠᠶᠢᠬᠤ︔      ︵ᠵᠢᠷᠭᠤᠭ᠎ᠠ︶ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠭᠰᠠᠨ᠂ ᠰᠦᠢᠳᠬᠡᠯ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ᠂ ᠰᠦᠢᠳᠬᠡᠯ ᠬᠤᠷᠢᠶᠠᠬᠤ ᠲᠥᠷᠥᠯ ᠵᠦᠢᠯ ᠢ ᠰᠠᠯᠭᠠᠭᠰᠠᠨ᠂ ᠳᠠᠪᠬᠤᠷᠳᠠᠭᠤᠯᠤᠨ ᠰᠦᠢᠳᠬᠡᠯ ᠬᠤᠷᠢᠶᠠᠬᠰᠠᠨ︔      ︵ᠲᠤᠯᠤᠭ᠎ᠠ︶ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠡᠪᠳᠡᠵᠦ ᠰᠦᠢᠳᠬᠡᠭᠰᠡᠨ᠂ ᠭᠡᠭᠡᠭᠰᠡᠨ ᠪᠤᠶᠤ ᠪᠤᠰᠤᠳ ᠦᠷ᠎ᠡ ᠳ᠋ᠦᠩ ᠭᠠᠷᠭᠠᠬᠰᠠᠨ︔      ︵ᠨᠠᠢᠮᠠ︶ ᠬᠢᠨᠠᠨ ᠲᠣᠭᠲᠠᠭᠠᠯᠲᠠ ᠶᠢᠨ ᠳᠠᠩᠰᠠ ᠡᠪᠬᠡᠮᠡᠯ ᠢ ᠲᠣᠭᠲᠠᠭᠠᠯ ᠶᠣᠰᠣᠭᠠᠷ ᠬᠠᠳᠠᠭᠠᠯᠠᠭᠰᠠᠨ ᠦᠭᠡᠢ ᠠᠴᠠ ᠪᠣᠯᠵᠤ ᠰᠦᠢᠳᠦᠭᠰᠡᠨ ᠪᠤᠶᠤ ᠭᠡᠭᠡᠭᠰᠡᠨ︔      ︵ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ᠂ ᠪᠠᠶᠢᠴᠠᠭᠠᠯᠲᠠ ᠶᠢ ᠬᠦᠯᠢᠶᠡᠬᠦ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ᠂ ᠬᠤᠳᠠᠯ ᠬᠠᠭᠤᠷᠮᠠᠭ ᠲᠣᠭᠠᠴᠢᠯᠲᠠ ᠬᠢᠭᠰᠡᠨ᠃      ᠲᠠᠪᠢᠨ ᠳᠥᠷᠪᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠭᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ 5000 ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠠᠰᠢᠭ ᠣᠯᠵᠠᠪᠤᠷᠢ ᠣᠯᠣᠭᠰᠠᠨ ᠪᠠᠶᠢᠪᠠᠯ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠨᠢ ᠬᠤᠷᠢᠶᠠᠵᠤ ᠠᠪᠤᠨ᠎ᠠ᠄      ︵ᠨᠢᠭᠡ︶ ᠬᠤᠶᠠᠷ ᠠᠴᠠ ᠳᠡᠭᠡᠭᠰᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠳᠤ ᠵᠡᠷᠭᠡ ᠪᠠᠷ ᠠᠵᠢᠯ ᠡᠷᠭᠢᠯᠡᠭᠰᠡᠨ︔      ︵ᠬᠤᠶᠠᠷ︶ ᠳᠠᠩᠰᠠᠯᠠᠭᠤᠯᠤᠭᠰᠠᠨ ᠵᠦᠢᠯᠡᠰ ᠲᠤᠨᠢ ᠬᠤᠪᠢᠷᠠᠯᠲᠠ ᠭᠠᠷᠴᠤ᠂ ᠲᠣᠭᠲᠠᠭᠠᠯ ᠶᠣᠰᠣᠭᠠᠷ ᠬᠤᠪᠢᠷᠠᠭᠤᠯᠬᠤ ᠳᠠᠩᠰᠠᠯᠠᠭᠤᠯᠤᠯᠲᠠ ᠦᠯᠦ ᠭᠢᠯᠭᠡᠭᠰᠡᠨ︔      ︵ᠭᠤᠷᠪᠠ︶ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠤ ᠠᠵᠢᠯ ᠡᠷᠭᠢᠯᠡᠭᠦ ᠦᠨᠡᠮᠯᠡᠯ ᠢᠶᠠᠨ ᠪᠠᠯᠠᠯᠤᠨ ᠵᠠᠰᠠᠭᠰᠠᠨ᠂ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ︔      ︵ᠳᠥᠷᠪᠡ︶ ᠬᠢᠨᠠᠨ ᠲᠣᠭᠲᠠᠭᠠᠯᠲᠠ ᠬᠢᠬᠦ ᠵᠢᠷᠤᠮ᠂ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠶᠣᠰᠣᠭᠠᠷ ᠬᠢᠨᠠᠨ ᠲᠣᠭᠲᠠᠭᠠᠯᠲᠠ ᠬᠢᠭᠰᠡᠨ ᠦᠭᠡᠢ︔      ︵ᠲᠠᠪᠤ︶ ᠵᠠᠶᠢᠯᠠᠰᠬᠢᠬᠦ ᠲᠣᠭᠲᠠᠭᠠᠯ ᠢ ᠵᠥᠷᠢᠴᠡᠭᠰᠡᠨ︔      ︵ᠵᠢᠷᠭᠤᠭ᠎ᠠ︶ ᠲᠣᠭᠲᠠᠭᠠᠯ ᠠᠴᠠ ᠵᠥᠷᠢᠴᠡᠨ ᠬᠢᠨᠠᠨ ᠲᠣᠭᠲᠠᠭᠠᠯᠲᠠ ᠶᠢᠨ ᠬᠡᠷᠡᠭ ᠤᠨ ᠲᠤᠬᠠᠢ ᠶᠢᠨ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠤᠬᠰᠠᠨ︔      ︵ᠲᠤᠯᠤᠭ᠎ᠠ︶ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠡᠪᠳᠡᠵᠦ ᠰᠦᠢᠳᠬᠡᠭᠰᠡᠨ᠂ ᠭᠡᠭᠡᠭᠳᠡᠭᠦᠯᠦᠭᠰᠡᠨ ᠪᠤᠶᠤ ᠪᠤᠰᠤᠳ ᠦᠷ᠎ᠡ ᠳ᠋ᠦᠩ ᠭᠠᠷᠭᠠᠬᠰᠠᠨ︔      ︵ᠨᠠᠢᠮᠠ︶ ᠪᠤᠰᠤᠳ ᠤᠨ ᠥᠳᠥᠭᠡᠯᠭᠡ ᠪᠠᠷ ᠪᠤᠶᠤ ᠪᠤᠰᠤᠳ ᠤᠨ ᠰᠠᠨᠠᠭ᠎ᠠ ᠪᠠᠷ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠰᠠᠨᠠᠯ ᠤᠨ ᠪᠢᠴᠢᠭ ᠳᠡᠭᠡᠷ᠎ᠡ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠢᠶᠠᠷ ᠬᠠᠭᠤᠷᠮᠠᠭᠯᠠᠨ ᠭᠠᠷ ᠤᠨ ᠦᠰᠦᠭ ᠵᠢᠷᠤᠭᠰᠠᠨ᠃      ᠲᠠᠪᠢᠨ ᠲᠠᠪᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠡᠷᠭᠢᠯᠡᠭᠦ ᠶᠢ ᠨᠢ ᠭᠤᠷᠪᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠣᠷᠣᠭᠰᠢ ᠵᠣᠭᠰᠤᠭᠠᠬᠤ ᠰᠢᠢᠳᠬᠡᠯ ᠣᠯᠭᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠳᠠᠩᠰᠠᠯᠠᠭᠤᠯᠤᠯᠲᠠ ᠶᠢ ᠨᠢ ᠬᠦᠴᠦᠨ ᠦᠭᠡᠢ ᠪᠣᠯᠭᠠᠨ᠎ᠠ᠄      ︵ᠨᠢᠭᠡ︶ ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠭᠰᠠᠨ ᠠᠴᠠ ᠪᠣᠯᠵᠤ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠲᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ︔      ︵ᠬᠤᠶᠠᠷ︶ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠬᠤ ᠪᠤᠶᠤ ᠪᠤᠰᠤᠳ ᠮᠡᠬᠡᠯᠡᠯ ᠤᠨ ᠠᠷᠭ᠎ᠠ ᠪᠠᠷᠢᠯ ᠢᠶᠠᠷ ᠮᠡᠬᠡᠯᠡᠨ ᠳᠠᠩᠰᠠᠯᠠᠭᠤᠯᠤᠭᠰᠠᠨ︔      ︵ᠭᠤᠷᠪᠠ︶ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠶᠣᠰᠣᠭᠠᠷ ᠮᠡᠳᠡᠭᠳᠡᠭᠰᠡᠨ ᠪᠠᠶᠢᠲᠠᠯ᠎ᠠ ᠰᠢᠭᠦᠯᠲᠡ ᠳᠤ ᠣᠷᠣᠯᠴᠠᠵᠤ ᠭᠡᠷᠡᠴᠢᠯᠡᠬᠦ ᠶᠢ ᠲᠡᠪᠴᠢᠭᠰᠡᠨ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠵᠣᠷᠢᠭᠤᠳᠠ ᠬᠤᠳᠠᠯ ᠬᠠᠭᠤᠷᠮᠠᠭ ᠬᠢᠨᠠᠨ ᠲᠣᠭᠲᠠᠭᠠᠯᠲᠠ ᠬᠢᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ᠃      ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠡᠷᠭᠢᠯᠡᠭᠦ ᠶᠢ ᠨᠢ ᠵᠣᠭᠰᠤᠭᠠᠬᠤ ᠰᠢᠢᠳᠬᠡᠯ ᠤᠨ ᠬᠤᠭᠤᠴᠠᠭᠠᠨ ᠳᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠨᠢᠭᠦᠯᠦᠭᠰᠡᠨ ᠪᠠᠶᠢᠪᠠᠯ ᠳᠠᠩᠰᠠᠯᠠᠯᠲᠠ ᠶᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃      ᠲᠠᠪᠢᠨ ᠵᠢᠷᠭᠤᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠠᠵᠢᠯ ᠡᠷᠭᠢᠯᠡᠭᠦ ᠠᠵᠢᠯᠯᠠᠭ᠎ᠠ ᠳᠤᠮᠳᠠ ᠪᠠᠨ ᠵᠣᠷᠢᠭᠤᠳᠠ ᠪᠤᠶᠤ ᠬᠦᠨᠳᠦ ᠶᠡᠭᠡ ᠠᠳᠡᠯ ᠠᠴᠠ ᠪᠣᠯᠵᠤ ᠲᠤᠬᠠᠢ ᠶᠢᠨ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠡᠭᠦᠨ ᠤ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ︔ ᠲᠡᠭᠦᠨ ᠤ ᠪᠠᠶᠢᠭ᠎ᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠰᠡᠨ ᠤ ᠲᠠᠷᠠᠭ᠎ᠠ ᠬᠠᠤᠯᠢ ᠶᠣᠰᠣᠭᠠᠷ ᠠᠯᠳᠠᠭ᠎ᠠ ᠪᠤᠷᠤᠭᠤ ᠭᠠᠷᠭᠠᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠠᠴᠠ ᠲᠥᠯᠥᠪᠦᠷᠢ ᠨᠡᠬᠡᠮᠵᠢᠯᠡᠵᠦ ᠪᠣᠯᠣᠨ᠎ᠠ᠃      ᠲᠠᠪᠢᠨ ᠳᠣᠯᠣᠳᠤᠭᠠᠷ ᠵᠦᠢᠯ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠠᠮᠢᠶᠠᠷᠤᠯᠲᠠ ᠶᠢᠨ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠭᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠲᠠᠪᠢᠨ ᠨᠠᠢᠮᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠬᠡᠷᠡᠭ ᠰᠢᠢᠳᠪᠦᠷᠢᠯᠡᠬᠦ ᠪᠠᠶᠢᠭᠤᠯᠭ᠎ᠠ ᠭᠡᠳᠡᠭ ᠨᠢ ᠵᠠᠷᠭᠤ ᠶᠢᠨ ᠬᠡᠷᠡᠭ ᠢ ᠰᠢᠢᠳᠪᠦᠷᠢᠯᠡᠬᠦ ᠲᠤᠷᠰᠢᠨ ᠪᠠᠶᠢᠴᠠᠭᠠᠬᠤ ᠪᠠᠶᠢᠭᠤᠯᠭ᠎ᠠ᠂ ᠬᠢᠨᠠᠨ ᠪᠠᠶᠢᠴᠠᠭᠠᠵᠤ ᠵᠠᠭᠠᠯᠳᠤᠬᠤ ᠪᠠᠶᠢᠭᠤᠯᠭ᠎ᠠ ᠪᠠ ᠰᠢᠭᠦᠨ ᠲᠠᠰᠤᠯᠬᠤ ᠪᠠᠶᠢᠭᠤᠯᠭ᠎ᠠ ᠶᠢ ᠵᠢᠭᠠᠵᠤ ᠪᠠᠶᠢᠨ᠎ᠠ᠃      ᠲᠠᠪᠢ ᠶᠢᠰᠦᠳᠦᠭᠡᠷ ᠵᠦᠢᠯ ᠵᠠᠷᠭᠤ ᠶᠢᠨ ᠠᠵᠢᠯᠯᠠᠭ᠎ᠠ ᠠᠴᠠ ᠭᠠᠳᠠᠨ᠎ᠠ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠᠶᠢᠭᠤᠯᠤᠮᠵᠢ ᠪᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠬᠥᠮᠥᠨ ᠬᠤᠯᠪᠣᠭᠳᠠᠯ ᠪᠦᠬᠦᠢ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠥᠷᠨᠢᠭᠦᠯᠦᠭᠰᠡᠨ ᠪᠠᠶᠢᠪᠠᠯ ᠲᠤᠰ ᠳᠦᠷᠢᠮ ᠤᠨ ᠲᠣᠭᠲᠠᠭᠠᠯ ᠢᠶᠠᠷ ᠯᠠᠪᠯᠠᠯᠲᠠ ᠪᠤᠯᠭᠠᠵᠤ ᠬᠡᠷᠡᠭᠵᠢᠭᠦᠯᠦᠨ᠎ᠡ᠃      ᠵᠢᠷᠠᠳᠤᠭᠠᠷ ᠵᠦᠢᠯ ᠲᠤᠰ ᠳᠦᠷᠢᠮ ᠤᠨ ᠠᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠠᠴᠠ ᠪᠤᠰᠤᠳ ᠬᠢᠨᠠᠨ ᠲᠣᠭᠲᠠᠭᠠᠯᠲᠠ ᠶᠢᠨ ᠠᠵᠢᠯᠯᠠᠭ᠎ᠠ ᠬᠢᠵᠦ ᠪᠠᠶᠢᠭ᠎ᠠ ᠪᠠᠶᠢᠭᠤᠯᠤᠮᠵᠢ ᠪᠠ ᠠᠵᠢᠯᠲᠠᠨ ᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠬᠠᠮᠢᠶᠠᠷᠤᠨ᠎ᠠ᠃      ᠵᠢᠷᠠᠨ ᠨᠢᠭᠡᠳᠦᠭᠡᠷ ᠵᠦᠢᠯ ᠲᠣᠰ ᠳᠦᠷᠢᠮ ᠢ 2025 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ