ᠣᠳᠣᠬᠠᠨ ᠳᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ | ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ | 2025 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠠᠷᠠᠭᠠᠬᠢ ᠮᠡᠲᠦ ᠵᠠᠷᠯᠠᠶ᠎ᠠ᠄ | ᠨᠢᠭᠡ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ | 2025 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ 9 ᠳ᠋ᠤᠭᠡᠷ ᠰᠠᠷ᠎ᠠ ᠶᠢᠨ 15 ᠤ ᠡᠳᠦᠷ ᠠᠴᠠ 11 | ᠳ᠋ᠤᠭᠡᠷ ᠰᠠᠷ᠎ᠠ ᠶᠢᠨ 15 ᠤ ᠡᠳᠦᠷ ᠪᠣᠯᠲᠠᠯ᠎ᠠ ᠡᠯ᠎ᠡ ᠭᠠᠵᠠᠷ ᠣᠷᠣᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠭᠠᠯ ᠰᠡᠷᠭᠡᠶᠢᠯᠡᠬᠦ ᠬᠤᠭᠤᠴᠠᠭ᠎ᠠ ᠶᠢ ᠤᠷᠢᠳᠴᠢᠯᠠᠭᠤᠯᠬᠤ | ᠪᠤᠶᠤ ᠬᠤᠶᠢᠰᠢᠯᠠᠭᠤᠯᠵᠤ ᠪᠣᠯᠤᠨ᠎ᠠ᠃ | ᠬᠤᠶᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠣᠷᠣᠨ | ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠯᠢᠪᠠ ᠣᠢ ᠰᠢᠭᠤᠢ ᠨᠤᠲᠤᠭ ᠪᠡᠯᠴᠢᠭᠡᠷ ᠵᠢᠴᠢ ᠲᠡᠭᠦᠨ ᠤ ᠬᠥᠪᠡᠭᠡ ᠬᠢᠵᠠᠭᠠᠷ ᠣᠷᠣᠨ᠃ | ᠭᠤᠷᠪᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠲᠣᠭᠲᠠᠭᠠᠯ | ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠂ ᠴᠢᠬᠤᠯᠠ ᠲᠠᠢ ᠦᠶ᠎ᠡ ᠳᠤ ᠭᠤᠤᠯᠳᠠᠯᠭ᠎ᠠ ᠲᠠᠢ ᠭᠠᠯ ᠤᠨ ᠠᠶᠤᠯ ᠤᠨ | ᠣᠷᠣᠨ ᠪᠦᠰᠡ ᠶᠢ ᠪᠢᠲᠡᠭᠦᠮᠵᠢᠯᠡᠨ ᠬᠠᠮᠢᠶᠠᠷᠴᠤ ᠪᠣᠯᠤᠨ᠎ᠠ᠂ ᠵᠥᠪᠰᠢᠶᠡᠷᠡᠯ ᠦᠭᠡᠢ ᠪᠣᠯ ᠣᠷᠣᠵᠤ ᠪᠣᠯᠬᠤ ᠦᠭᠡᠶ᠃ ᠭᠠᠯ ᠰᠡᠷᠭᠡᠶᠢᠯᠡᠬᠦ ᠣᠷᠣᠨ ᠳᠤ ᠣᠷᠣᠬᠤ ᠬᠥᠮᠦᠰ | ᠡᠷᠬᠡᠪᠰᠢ ᠳᠠᠷᠠᠭᠠᠬᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠄ | ︵ᠨᠢᠭᠡ︶ ᠤᠡᠭᠭᠤᠠ ᠱᠦᠭᠦᠷᠳᠡᠬᠦ ᠳᠡᠭᠡᠨ ᠳᠤᠶ᠋ᠢᠩ ᠤᠨ ᠴᠠᠭᠠᠰᠤ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠪᠣᠯᠪᠠᠰᠤᠨ ᠢᠶᠠᠷ ᠲᠡᠬᠢᠯᠭ᠎ᠠ ᠬᠢᠬᠦ ᠶᠢ ᠡᠷᠬᠢᠮᠯᠡᠨ᠎ᠡ︔ | | ︵ᠬᠤᠶᠠᠷ︶ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ ᠶᠢ ᠴᠢᠩᠭ᠎ᠠ ᠴᠠᠭᠠᠵᠠᠯᠠᠨ᠎ᠠ︔ | ︵ᠭᠤᠷᠪᠠ︶ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠲᠤᠭᠤᠭᠠᠯᠠᠬᠤ᠂ ᠳᠡᠭᠳᠡᠭᠦᠷ ᠳ᠋ᠧᠩᠯᠦ ᠠᠰᠠᠭᠠᠬᠤ᠂ ᠭᠠᠯ ᠨᠣᠴᠣᠭᠠᠵᠤ ᠳᠤᠯᠠᠭᠠᠯᠠᠬᠤ ᠶᠢ ᠴᠢᠩᠭ᠎ᠠ | ᠴᠠᠭᠠᠵᠠᠯᠠᠨ᠎ᠠ︔ | ︵ᠳᠥᠷᠪᠡ︶ ᠠᠲᠠᠷ ᠰᠢᠲᠠᠭᠠᠵᠤ ᠠᠲᠠᠷ ᠬᠠᠭᠠᠯᠪᠤᠷᠢᠯᠠᠬᠤ ᠵᠢᠴᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠪᠤᠰᠤᠳ | ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ︔ | ︵ᠲᠠᠪᠤ︶ ᠭᠠᠯ ᠤᠨ ᠲᠥᠷᠥᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠬᠡᠳᠡᠭ ᠪᠤᠰᠤᠳ ᠡᠳ᠋ ᠪᠣᠳᠠᠰ ᠢ | ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ︔ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠡᠯᠡᠳᠬᠡᠮᠵᠢ᠂ ᠲᠥᠬᠦᠭᠡᠷᠦᠮᠵᠢ ᠬᠢᠭᠡᠳ ᠤᠬᠠᠭᠤᠯᠤᠨ ᠰᠡᠷᠡᠮᠵᠢᠯᠡᠭᠦᠯᠬᠦ ᠲᠡᠮᠳᠡᠭ ᠢ | ᠡᠪᠳᠡᠬᠦ ᠪᠤᠶᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠳᠣᠯᠤᠭ᠎ᠠ︶ ᠪᠤᠰᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠬᠡᠳᠡᠭ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠶᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ | ᠡᠯ᠎ᠡ ᠵᠦᠢᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠬᠠᠤᠯᠢᠵᠢᠯ ᠤᠨ | ᠦᠵᠡᠯ ᠤᠬᠠᠮᠰᠠᠷ ᠢ ᠴᠢᠩᠭᠠᠳᠬᠠᠵᠤ᠂ ᠤᠯᠠᠨ ᠨᠡᠶᠢᠲᠡ ᠶᠢᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠲᠠᠪᠤ᠂ ᠴᠢᠩᠭ᠎ᠠ ᠵᠠᠯᠬᠠᠭᠠᠨ ᠰᠢᠳᠭᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ᠡᠮᠦᠨᠡᠬᠢ ᠲᠣᠭᠲᠠᠭᠠᠯ ᠢ ᠵᠥᠷᠢᠴᠡᠭᠰᠡᠨ ᠨᠢᠭᠡᠴᠡ ᠪᠠ ᠬᠤᠪᠢ ᠬᠥᠮᠦᠨ ᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠥᠭᠴᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠭᠠᠯ | ᠰᠡᠷᠭᠡᠶᠢᠯᠡᠵᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠠᠴᠠ ᠪᠣᠯᠵᠣ | ᠬᠦᠨᠳᠦ ᠶᠡᠭᠡ ᠣᠨᠴᠠ ᠶᠡᠭᠡ ᠭᠠᠯ ᠤᠨ ᠭᠠᠮᠰᠢᠭ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠤᠭᠰᠠᠨ ᠭᠠᠵᠠᠷ ᠣᠷᠣᠨ᠂ ᠨᠢᠭᠡᠴᠡ ᠪᠠ ᠠᠯᠪᠠᠨ | ᠲᠤᠰᠢᠶᠠᠯᠲᠠᠨ ᠠᠴᠠ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠶᠠᠮᠠᠷᠪᠠ ᠨᠢᠭᠡᠴᠡ ᠪᠠ ᠬᠤᠪᠢ ᠬᠥᠮᠦᠨ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠪᠤᠶᠤ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠢ ᠣᠯᠵᠤ ᠮᠡᠳᠡᠪᠡᠯ᠂ ᠳᠠᠷᠦ᠋ᠢᠬᠠᠨ | ᠤᠲᠠᠰᠤᠳᠠᠵᠤ ᠲᠦᠭᠰᠢᠭᠦᠷᠢ ᠮᠡᠳᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠲᠦᠭᠰᠢᠭᠦᠷᠢ ᠮᠡᠳᠡᠭᠦᠯᠬᠦ ᠤᠲᠠᠰᠤ᠄ 110︔ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠰᠡᠷᠡᠮᠵᠢ ᠶᠢᠨ ᠤᠲᠠᠰᠤ᠄ 12119︔ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠵᠢᠭᠦᠷᠯᠡᠬᠦ | ᠤᠲᠠᠰᠤ᠄ 0475 — 5776720᠃ | | 2025 ᠣᠨ ᠤ 3 ᠳ᠋ᠤᠭᠠᠷ ᠰᠠᠷ᠎ᠠ ᠶᠢᠨ 14 | |