ᠲᠦᠩᠯᠢᠶᠣᠣ ᠬᠤᠲᠠ ᠴᠢᠬᠤᠯᠠ ᠶᠡᠭᠡ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ ᠪᠣᠢ᠃ ᠯᠦᠩ ᠮᠠ ᠰᠠᠯᠬᠢᠨ ᠬᠦᠴᠦᠨ ᠴᠠᠬᠢᠯᠭᠠᠨ ᠤ ᠲᠡᠩᠭᠡᠯᠢᠭ᠂ ᠾᠦᠸᠧ ᠳ᠋ᠦ᠋ ᠰᠢᠨ᠎ᠡ ᠮᠠᠲ᠋ᠧᠷᠢᠶᠠᠯ᠂ ᠵᠠᠬᠠᠨᠠᠭᠤᠷ ᠬᠥᠩᠭᠡᠨᠴᠠᠭᠠᠨ ᠤ ᠬᠤᠶᠠᠳᠤᠭᠠᠷ | ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠰᠠᠯᠬᠢᠨ ᠬᠦᠴᠦᠨ ᠴᠠᠬᠢᠯᠭᠠᠨ ᠤ ᠰᠠᠭᠤᠷᠢᠨ ᠭᠠᠵᠠᠷ᠂ ᠪᠣᠬᠢᠷᠲᠤᠯ | ᠦᠭᠡᠢ ᠴᠠᠬᠢᠯᠭᠠᠨ ᠬᠠᠩᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ | ᠬᠦᠷᠢᠶᠡᠨ ᠳᠤ ᠨᠡᠶᠢᠲᠡ 71 ᠲᠥᠷᠥᠯ ᠵᠦᠢᠯ ᠨᠥᠭᠡᠴᠡᠯᠡᠬᠦ ᠪᠠᠷ ᠲᠥᠯᠥᠪᠯᠡᠵᠦ᠂ ᠵᠢᠯ ᠳᠤ 170 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠢ︔ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 544᠂ 10 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 61᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 11 ᠬᠡᠷᠡᠭᠵᠢᠭᠦᠯᠬᠦ ᠪᠠᠷ ᠲᠥᠯᠥᠪᠯᠡᠵᠦ | ᠪᠣᠶ᠃ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ ᠡᠭᠦᠨ ᠳᠤ ᠡᠮᠦᠨᠡᠬᠢ ᠬᠤᠭᠤᠴᠠᠭᠠᠨ ᠤ ᠠᠷᠪᠠᠨ ᠵᠦᠢᠯ ᠤᠨ ᠭᠠᠷᠳᠠᠮ ᠢ | ᠴᠥᠮ ᠭᠦᠢᠴᠡᠳᠬᠡᠵᠦ ᠳᠠᠭᠤᠰᠬᠠᠭᠰᠠᠨ ᠲᠥᠷᠥᠯ ᠵᠦᠢᠯ 416 ᠪᠠᠶᠢᠵᠤ᠂ ᠲᠥᠷᠥᠯ ᠵᠦᠢᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 76.5% ᠳᠤ ᠬᠥᠷᠪᠡ︔ | ᠨᠡᠶᠢᠲᠡ 2217 ᠵᠦᠢᠯ ᠤᠨ ᠭᠦᠢᠴᠡᠳᠬᠡᠬᠦ ᠴᠢᠬᠤᠯᠠᠲᠠᠢ ᠭᠠᠷᠳᠠᠮ ᠠᠴᠠ ᠭᠦᠢᠴᠡᠳᠬᠡᠵᠦ ᠳᠠᠭᠤᠰᠬᠠᠭᠰᠠᠨ ᠪᠤᠶᠤ ᠭᠦᠢᠴᠡᠳᠬᠡᠬᠦ ᠴᠢᠬᠤᠯᠠ ᠦᠭᠡᠢ ᠨᠢ 1956 | ᠪᠠᠶᠢᠵᠤ᠂ ᠭᠠᠷᠳᠠᠮ ᠭᠦᠢᠴᠡᠳᠬᠡᠵᠦ ᠳᠠᠭᠤᠰᠬᠠᠭᠰᠠᠨ ᠨᠣᠷᠮ᠎ᠠ 88.2% ᠲᠤ ᠬᠥᠷᠪᠡ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |