3 ᠳ᠋ᠤᠭᠠᠷ ᠰᠠᠷ᠎ᠠ ᠶᠢᠨ 13 ᠳᠤ᠂ ᠪᠥᠬᠦ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠣᠭᠢᠷᠠᠭᠤᠯᠤᠨ ᠠᠬᠢᠭᠤᠯᠬᠤ ᠬᠤᠷᠠᠯ | ᠬᠤᠷᠠᠯᠳᠤᠪᠠ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠬᠤᠲᠠ ᠶᠢᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠮᠤᠤ ᠵᠧᠨ ᠬᠠᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠥᠪ ᠭᠤᠣᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠠᠤᠯᠢᠵᠢᠯ ᠤᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ︔ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠬᠤᠶᠠᠳᠤᠭᠠᠷ ᠤᠳᠠᠭ᠎ᠠ ᠶᠡᠭᠡ ᠪᠠᠷ ᠵᠢᠭᠰᠠᠭᠠᠨ ᠪᠠᠶᠢᠴᠠᠭᠠᠬᠤ | ᠠᠵᠢᠯᠯᠠᠭ᠎ᠠ ᠶᠢ ᠥᠷᠨᠢᠭᠦᠯᠵᠦ᠂ ᠨᠢᠭᠡᠨᠲᠡ ᠪᠡᠶᠡᠯᠡᠭᠦᠯᠦᠭᠰᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠬᠢᠨ ᠪᠠᠶᠢᠴᠠᠭᠠᠬᠤ︾ | ᠠᠵᠢᠯᠯᠠᠭ᠎ᠠ ᠥᠷᠨᠢᠭᠦᠯᠵᠦ᠂ ︽ᠬᠤᠶᠠᠳᠠᠬᠢ ᠤᠳᠠᠭ᠎ᠠ ᠢᠲᠡᠭᠡᠯ ᠠᠯᠳᠠᠭᠰᠠᠨ︾ ᠠᠰᠠᠭᠤᠳᠠᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠶ᠃ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠳᠬᠤᠵᠤ᠂ ᠡᠯ᠎ᠡ ᠰᠠᠯᠠᠭ᠎ᠠ ᠮᠥᠴᠢᠷ ᠤᠨ ᠴᠢᠮᠡᠭᠡ ᠵᠠᠩᠭᠢ ᠶᠢ ᠴᠤᠭᠯᠠᠭᠤᠯᠤᠨ ᠬᠠᠮᠲᠤ ᠪᠠᠷ | ᠡᠳ᠋ᠯᠡᠬᠦ ᠶᠢ ᠴᠢᠩᠭᠠᠳᠬᠠᠬᠤ ᠬᠡᠷᠡᠭᠲᠡᠶ︔ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠠ ᠢᠲᠡᠭᠡᠮᠵᠢᠲᠡᠶ ᠪᠠᠷ ᠪᠠᠯᠠ ᠲᠣᠬᠢᠷᠠᠭᠤᠯᠬᠤ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠤᠳᠠᠯᠳᠤᠭᠠᠴᠢᠨ ᠳᠤ ᠲᠣᠬᠢᠷᠠᠮᠵᠢᠲᠠᠶ ᠪᠠᠯᠠ ᠲᠣᠬᠢᠷᠠᠭᠤᠯᠭ᠎ᠠ ᠶᠢᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ︔ ︽ᠬᠤᠶᠠᠷ | ᠰᠢᠨ᠎ᠡ︾ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠦᠨᠡᠨᠴᠢ ᠢᠲᠡᠭᠡᠮᠵᠢᠲᠡᠶ ᠪᠠᠷ ᠬᠤᠳᠠᠯᠳᠤᠭᠠᠴᠢᠨ ᠢ ᠬᠥᠭᠵᠢᠭᠦᠯᠬᠦ ᠶᠢ ᠦᠷᠭᠦᠯᠵᠢᠯᠡᠨ ᠠᠬᠢᠭᠤᠯᠬᠤ | ᠪᠠ ᠬᠡᠷᠡᠭᠯᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠪᠠᠶᠢᠩᠭᠤ ᠠᠳᠬᠤᠵᠤ᠂ ︽ᠢᠲᠡᠭᠡᠮᠵᠢ +︾ ᠬᠡᠷᠡᠭᠯᠡᠭᠡᠨ ᠤ ᠪᠠᠶᠢᠳᠠᠯ ᠢ ᠤᠯᠠᠮ ᠨᠢᠭᠡ ᠠᠯᠬᠤᠮ ᠥᠷᠭᠡᠳᠬᠡᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ | ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ︽ᠲᠠᠪᠤ ᠶᠢ ᠤᠯᠠᠮᠵᠢᠯᠠᠬᠤ︾ ᠤᠬᠠᠭᠤᠯᠭ᠎ᠠ ᠶᠢᠨ ᠵᠢᠭᠰᠠᠭᠠᠯ ᠢ ᠪᠦᠷᠢᠨᠰᠢᠬᠦᠯᠦᠨ᠂ ᠢᠲᠡᠭᠡᠮᠵᠢ ᠶᠢ ᠣᠶᠢᠯᠠᠭᠠᠬᠤ᠂ | ᠢᠲᠡᠭᠡᠮᠵᠢ ᠲᠠᠢ ᠪᠠᠶᠢᠬᠤ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠴᠢᠬᠤᠯᠠᠴᠢᠯᠠᠬᠤ ᠣᠶᠢᠯᠠᠭᠠᠭᠲᠠᠬᠤᠨ ᠢ ︽ᠠᠷᠠᠳ ᠣᠯᠠᠨ ᠳᠤ ᠮᠡᠳᠡᠷᠡᠭᠦᠯᠬᠦ︾ ᠶᠢ ᠠᠬᠢᠭᠤᠯᠬᠤ | ᠬᠡᠷᠡᠭᠲᠡᠶ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠳᠬᠤᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ | ᠢᠯᠡ ᠲᠣᠳᠣ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠶᠢ | ᠢᠳᠡᠪᠬᠢᠲᠡᠢ ᠥᠷᠨᠢᠭᠦᠯᠵᠦ᠂ ᠵᠠᠶᠢᠯᠠᠬᠤ᠂ ᠭᠦᠢᠴᠡᠳᠬᠡᠬᠦ ᠠᠴᠠ ᠵᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠡᠷᠡᠭᠵᠢᠬᠦᠯᠬᠦ ᠪᠠ ᠳᠠᠮᠫᠤᠷᠠᠭᠤᠯᠬᠤ ᠶᠢ ᠤᠶᠠᠯᠳᠤᠭᠤᠯᠬᠤ︾ ᠥᠭᠡᠷᠡᠴᠢᠯᠡᠯᠲᠡ ᠪᠠᠷ ᠳᠠᠮᠵᠢᠭᠤᠯᠤᠨ᠂ | ᠬᠡᠷᠡᠭᠵᠢᠭᠦᠯᠬᠦ᠂ ᠳᠠᠮᠫᠤᠷᠠᠭᠤᠯᠬᠤ ᠶᠢ ᠬᠠᠷᠢᠯᠴᠠᠨ ᠨᠡᠪᠲᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢᠳᠤᠨᠤᠨ ᠤ ᠠᠵᠢᠯ ᠤᠨ ᠰᠠᠭᠤᠷᠢᠨ ᠳᠡᠭᠡᠷ᠎ᠡ᠂ ᠡᠳᠦᠷ ᠲᠤᠲᠤᠮ ᠤᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠ ᠳᠣᠭᠢᠷᠠᠭᠤᠯᠤᠨ ᠬᠠᠮᠢᠶᠠᠷᠬᠤ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢᠨ ︽ᠬᠤᠶᠠᠷ ᠢ ᠳᠡᠭᠡᠭᠰᠢᠯᠡᠭᠦᠯᠬᠦ︾ ᠶᠢ ᠠᠬᠢᠭᠤᠯᠬᠤ | ᠬᠡᠷᠡᠭᠲᠡᠶ᠃ ᠡᠯ᠎ᠡ ᠬᠦᠷᠢᠶᠡᠨ ᠤ ᠠᠬᠢᠭᠤᠯᠬᠤ ᠳᠤᠭᠤᠶᠢᠯᠠᠩ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠰᠢᠰᠲ᠋ᠧᠮ ᠤᠨ ᠳᠣᠲᠣᠷᠠᠬᠢ ᠵᠢᠯᠣᠭᠤᠳᠤᠨ | ᠱᠠᠭᠠᠷᠳᠠᠬᠤ ᠶᠢ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠦᠨᠡᠨᠴᠢ | ᠢᠲᠡᠭᠡᠮᠵᠢ ᠶᠢᠨ ᠠᠯᠪᠠᠨ ᠬᠡᠷ ᠵᠢᠯᠣᠭᠤᠳᠤᠨ ᠱᠠᠭᠠᠷᠳᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠠᠬᠢᠭᠤᠯᠬᠤ ᠳᠤᠭᠤᠶᠢᠯᠠᠩ ᠭᠤᠤᠯᠳᠠᠯᠭ᠎ᠠ ᠲᠠᠢ | ᠡᠭᠦᠷᠭᠡ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ ᠨᠡᠪᠲᠡᠷᠡᠯᠴᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠷᠰᠢᠯᠭ᠎ᠠ ᠪᠠᠨ ᠳ᠋ᠦᠩᠨᠡᠵᠦ᠂ | ᠬᠢᠯᠠᠰ ᠴᠡᠭ ᠢ ᠪᠤᠶᠢᠵᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ | ᠲᠣᠭᠲᠠᠭᠰᠠᠨ ᠴᠠᠭ ᠤᠨ ᠳᠣᠲᠣᠷ᠎ᠠ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ |