ᠮᠠᠨ ᠤ ᠬᠤᠲᠠ ︽ᠪᠦᠭᠦ ᠠᠷᠠᠳ ᠤᠨ ᠦᠯᠡᠮᠵᠢ ᠬᠠᠷᠠᠭᠠᠯᠵᠠᠯ · ᠲᠦᠩᠯᠢᠶᠣᠣ ᠶᠢᠨ ᠪᠠᠶᠠᠰᠤᠯᠳᠤ ᠬᠡᠷᠡᠭᠯᠡᠭᠡ︾ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠬᠠᠷᠠᠭᠠᠯᠵᠠᠵᠤ ᠪᠠᠶᠠᠰᠤᠯᠳᠤ ᠬᠡᠷᠡᠭᠯᠡᠭᠡ ᠪᠠᠷ ᠲᠦᠮᠡᠨ ᠡᠷᠤᠭᠡ ᠶᠢ ᠳᠠᠶᠢᠴᠢᠯᠠᠬᠤ ᠰᠢᠷᠢᠰ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/3/21
                     ᠰᠤᠷᠪᠤᠯᠵᠢᠯᠠᠬᠴᠢ ᠴᠢᠩ ᠶᠠᠨ ᠨᠠᠷᠠᠨᠲᠤᠶᠠᠭ᠎ᠠ      ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠪᠦᠭᠦ ᠲᠠᠯ᠎ᠠ ᠪᠠᠷ ᠠᠬᠢᠭᠤᠯᠤᠨ᠂ ᠬᠡᠷᠡᠭᠯᠡᠭᠡ ᠶᠢ ᠬᠥᠭᠵᠢᠭᠡᠵᠦ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ᠂ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠭᠦ ᠬᠤᠳᠡ ᠳᠤ ︽ᠪᠦᠭᠦ ᠠᠷᠠᠳ ᠤᠨ ᠦᠯᠡᠮᠵᠢ ᠬᠠᠷᠠᠭᠠᠯᠵᠠᠯ · ᠲᠦᠩᠯᠢᠶᠣᠣ ᠶᠢᠨ ᠪᠠᠶᠠᠰᠤᠯᠳᠤ ᠬᠡᠷᠡᠭᠯᠡᠭᠡ︾ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠬᠠᠷᠠᠭᠠᠯᠵᠠᠵᠤ ᠪᠠᠶᠠᠰᠤᠯᠳᠤ ᠬᠡᠷᠡᠭᠯᠡᠭᠡ ᠪᠠᠷ ᠲᠦᠮᠡᠨ ᠡᠷᠤᠭᠡ ᠶᠢ ᠳᠠᠶᠢᠴᠢᠯᠠᠬᠤ ᠰᠢᠷᠢᠰ ᠠᠵᠢᠯᠯᠠᠭ᠎ᠠ ᠥᠷᠨᠢᠭᠦᠯᠬᠦ  ᠪᠠᠷ ᠲᠣᠭᠲᠠᠪᠠ᠃ ᠳᠤᠰ ᠠᠵᠢᠯᠯᠠᠭ᠎ᠠ ᠨᠢ ︽ᠤᠯᠠᠷᠢᠯ ᠪᠦᠷᠢ ᠭᠤᠣᠯ ᠰᠡᠳᠦᠪ ᠲᠠᠢ᠂ ᠰᠠᠷ᠎ᠠ ᠪᠦᠷᠢ ᠠᠵᠢᠯᠯᠠᠭ᠎ᠠ ᠲᠠᠢ᠂ ᠠᠵᠢᠯᠯᠠᠭ᠎ᠠ ᠪᠦᠷᠢ ᠨᠢ ᠤᠳᠬ᠎ᠠ ᠠᠭᠤᠯᠭ᠎ᠠ ᠲᠠᠢ ᠪᠠᠶᠢᠬᠤ︾ ᠵᠠᠷᠴᠢᠮ ᠢ ᠪᠠᠷᠢᠮᠲᠠᠯᠠᠵᠤ᠂ 3 ᠰᠠᠷ᠎ᠠ ᠶᠢᠨ 24 ᠤ ᠡᠳᠦᠷ ᠠᠴᠠ ᠡᠬᠢᠯᠡᠵᠦ᠂ ᠨᠢᠭᠡ ᠵᠢᠯ ᠤᠨ ᠲᠤᠷᠰᠢ 8 ᠲᠣᠮᠣ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ 18 ᠲᠠᠯᠠᠪᠤᠷ ᠭᠤᠣᠯᠳᠠᠯᠭ᠎ᠠ ᠲᠠᠢ ᠠᠵᠢᠯᠯᠠᠭ᠎ᠠ ᠪᠣᠯᠣᠨ 200 ᠭᠠᠷᠤᠢ ᠲᠠᠯᠠᠪᠤᠷ ᠣᠨᠴᠠᠯᠢᠭᠲᠤ ᠠᠵᠢᠯᠯᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃      ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠠᠵᠢᠯ ᠣᠯᠭᠤᠯᠲᠠ ᠶᠢᠨ ᠰᠢᠨ᠎ᠡ ᠲᠦᠯᠬᠢᠴᠡ ᠬᠦᠴᠦᠨ ᠢ ᠪᠦᠷᠢᠯᠳᠦᠭᠦᠯᠦᠨ᠎ᠡ      ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠴᠤᠭᠯᠠᠭᠤᠯᠤᠨ᠂ ︽ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠵᠦ᠂ ᠬᠤᠲᠠ ᠬᠤᠰᠢᠭᠤ ᠬᠤᠶᠠᠷ ᠱᠠᠲᠤ᠂ ᠭᠤᠣᠯᠳᠠᠯᠭ᠎ᠠ ᠲᠠᠢ ᠠᠵᠤ ᠠᠬᠤᠶᠢᠯᠠᠯ ᠢ ᠬᠠᠮᠤᠷᠤᠭᠰᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠠᠮᠲᠤ ᠴᠣᠭᠴᠠ ᠳᠤ ᠬᠠᠨᠳᠤᠭᠤᠯᠤᠭᠰᠠᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠯᠲᠡ ᠶᠢᠨ ᠠᠵᠢᠯᠲᠠᠨ ᠡᠯᠰᠡᠬᠦ ᠠᠵᠢᠯᠯᠠᠭ᠎ᠠ ᠶᠢ 100 ᠲᠠᠯᠠᠪᠤᠷ ᠠᠴᠠ ᠳᠡᠭᠡᠭᠰᠢ ᠪᠠᠶᠢᠩᠭᠤᠵᠢᠭᠤᠯᠤᠨ ᠡᠷᠭᠢᠯᠡᠨ᠎ᠡ᠃      ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ ᠬᠡᠷᠡᠭᠯᠡᠭᠡᠨ ᠤ ᠰᠢᠨ᠎ᠡ ᠪᠦᠲᠦᠮᠵᠢᠲᠦ ᠬᠦᠴᠦᠨ ᠢ ᠲᠡᠭᠡᠭᠰᠢᠯᠡᠭᠦᠯᠦᠨ᠎ᠡ      ᠰᠥᠨᠢ ᠶᠢᠨ ᠠᠵᠤ ᠠᠬᠤᠢ ᠶᠢ ᠬᠥᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠥᠨᠢ ᠶᠢᠨ ᠵᠠᠬ᠎ᠠ ᠳᠡᠯᠭᠡᠭᠦᠷ ᠤᠨ ᠴᠤᠭᠯᠠᠭ᠎ᠠ ᠮᠠᠶᠢᠮᠠᠢ᠂ ᠭᠠᠳᠠᠷ ᠳᠡᠯᠭᠡᠭᠡ ᠴᠡᠭ᠂ ᠬᠤᠷᠠᠯ ᠦᠵᠡᠰᠭᠦᠯᠡᠩ ᠤᠨ ᠠᠵᠢᠯᠯᠠᠭ᠎ᠠ ᠵᠡᠷᠭᠡ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠲᠤᠬᠠᠢ ᠶᠢᠨ ᠭᠠᠵᠠᠷ ᠤᠨ ᠣᠨᠴᠠᠯᠢᠭᠲᠤ ᠦᠢᠯᠡᠳᠬᠦᠨ ᠬᠢᠭᠡᠳ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠬᠦᠷᠢᠶ᠎ᠡ ᠴᠠᠷᠠᠭ᠎ᠠ ᠠᠯᠤᠰᠯᠠᠨ ᠠᠭᠤᠰᠤᠯᠴᠠᠭᠤᠯᠬᠤ᠂ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠬᠤᠯᠪᠤᠭᠠᠯᠠᠨ ᠲᠠᠷᠬᠠᠭᠠᠬᠤ᠂ ᠬᠤᠳᠠᠯᠳᠤᠭᠠᠨ ᠤ ᠲᠠᠯᠠᠪᠤᠷ ᠭᠡᠳᠦ ᠳᠡᠯᠭᠡᠭᠦᠷ ᠤᠨ ᠬᠡᠷᠡᠭᠯᠡᠭᠡᠨ ᠤ ᠲᠡᠮᠳᠡᠭᠲᠦ ᠣᠯᠭᠤᠬᠤ ᠵᠡᠷᠭᠡ ᠠᠵᠢᠯᠯᠠᠭ᠎ᠠ ᠥᠷᠨᠢᠭᠦᠯᠵᠦ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ᠂ ᠢᠳᠡᠭᠡᠨ ᠤᠮᠳᠠᠭᠠᠨ᠂ ᠵᠢᠵᠢᠭᠯᠡᠨ ᠪᠣᠷᠣᠯᠠᠭᠤᠯᠬᠤ ᠵᠡᠷᠭᠡ ᠲᠤᠰᠬᠠᠢ ᠵᠦᠢᠯ ᠤᠨ ᠬᠡᠷᠡᠭᠯᠡᠭᠡᠨ ᠤ ᠲᠡᠮᠳᠡᠭᠲᠦ ᠶᠢ ᠬᠤᠯᠪᠤᠭᠠᠯᠠᠨ ᠲᠠᠷᠬᠠᠭᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠯᠠᠨ ᠭᠡᠯᠪᠡᠷᠢ ᠮᠠᠶ᠋ᠢᠭ ᠤᠨ ᠬᠠᠷᠠᠭᠠᠯᠵᠠᠯ ᠲᠠᠢ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠢᠵᠢ ᠪᠦᠷᠢᠳᠦᠭᠦᠯᠦᠨ ᠥᠷᠨᠢᠭᠦᠯᠬᠦ ᠶᠢ ᠲᠡᠮᠵᠢᠨ᠎ᠡ᠃      ᠪᠠᠶᠠᠷ ᠳᠤᠷᠠᠰᠬᠠᠯ ᠤᠨ ᠡᠳᠦᠷ ᠢ ᠰᠠᠶᠢᠲᠤᠷ ᠠᠳᠬᠤᠵᠤ ᠬᠡᠷᠡᠭᠯᠡᠭᠡᠨ ᠤ ᠰᠢᠨ᠎ᠡ ᠲᠠᠲᠠᠬᠤ ᠬᠦᠴᠦᠨ ᠢ ᠪᠣᠶᠢᠵᠢᠭᠤᠯᠤᠨ᠎ᠠ      ᠤᠯᠠᠮᠵᠢᠯᠠᠯᠲᠤ ᠪᠠᠶᠠᠷ ᠤᠨ ᠡᠳᠦᠷ᠂ ᠠᠯᠪᠠᠨ ᠤ ᠠᠮᠠᠷᠠᠯᠲᠠ ᠶᠢᠨ ᠬᠤᠭᠤᠴᠠᠭ᠎ᠠ ᠪᠣᠯᠣᠨ ᠤᠯᠠᠷᠢᠯ ᠤᠨ ᠣᠨᠴᠠᠯᠢᠭ ᠢ ᠨᠢᠭᠡᠳᠦᠯᠲᠡᠢ ᠲᠥᠯᠥᠪᠯᠡᠵᠦ᠂ ᠲᠤᠬᠠᠢ ᠶᠢᠨ ᠭᠠᠵᠠᠷ ᠤᠨ ᠡᠬᠢ ᠪᠠᠶᠠᠯᠢᠭ᠂ ᠵᠠᠩ ᠦᠶᠯᠡ ᠶᠢᠨ ᠰᠣᠶᠣᠯ ᠢ ᠠᠭᠤᠳᠠᠯᠵᠤ᠂ ᠰᠢᠨ᠎ᠡ ᠵᠢᠯ᠂ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠵᠡᠷᠭᠡ ᠤᠯᠠᠮᠵᠢᠯᠠᠯᠲᠤ ᠠᠮᠠᠷᠠᠯᠲᠠ ᠶᠢᠨ ᠡᠳᠦᠷ ᠤᠨ ᠬᠡᠷᠡᠭᠯᠡᠭᠡᠨ ᠤ ᠬᠥᠭᠵᠢᠶᠡᠨᠲᠡᠢ ᠤᠯᠠᠷᠢᠯ ᠢ ᠰᠠᠶᠢᠲᠤᠷ ᠠᠰᠢᠭᠯᠠᠵᠤ᠂ ᠤᠷᠢᠨ ᠬᠠᠪᠤᠷ ᠤᠨ ᠰᠢᠨ᠎ᠡ ᠠᠮᠢᠵᠢᠷᠠᠯ ᠤᠨ ᠤᠯᠠᠷᠢᠯ᠂ ᠳᠡᠯᠭᠡᠷ ᠵᠣᠨ ᠤ ᠬᠡᠷᠡᠭᠯᠡᠭᠡᠨ ᠤ ᠤᠯᠠᠷᠢᠯ᠂ ᠠᠯᠲᠠᠨ ᠨᠠᠮᠤᠷ ᠤᠨ ᠵᠤᠭ᠎ᠠ ᠴᠡᠩᠭᠡᠯ ᠤᠨ ᠤᠯᠠᠷᠢᠯ᠂ ᠮᠥᠩᠭᠦᠨ ᠡᠪᠦᠯ ᠤᠨ ᠪᠠᠷᠠᠭ᠎ᠠ ᠬᠤᠳᠠᠯᠳᠤᠨ ᠠᠪᠬᠤ ᠤᠯᠠᠷᠢᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡᠨ ᠤ ᠤᠯᠠᠷᠢᠯ᠂ ᠵᠢᠯ ᠠᠯᠤᠰᠯᠠᠨ ᠴᠠᠭᠠᠨ ᠰᠠᠷ᠎ᠠ ᠪᠠᠨ ᠤᠭᠲᠤᠬᠤ ᠪᠠᠷᠠᠭ᠎ᠠ ᠬᠤᠳᠠᠯᠳᠤᠨ ᠠᠪᠬᠤ ᠤᠯᠠᠷᠢᠯ ᠵᠡᠷᠭᠡ ᠭᠤᠣᠯ ᠰᠡᠳᠦᠪᠲᠦ ᠬᠡᠷᠡᠭᠯᠡᠭᠡᠨ ᠤ ᠤᠯᠠᠷᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠡᠷᠡᠭᠯᠡᠭᠡ ᠶᠢ ᠠᠬᠢᠭᠤᠯᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠎ᠡ᠃ ᠶᠢᠰᠦᠨ ᠰᠠᠷ᠎ᠠ᠂ ᠠᠷᠪᠠᠨ ᠰᠠᠷ᠎ᠠ ᠶᠢᠨ ᠤᠯᠠᠮᠵᠢᠯᠠᠯᠲᠤ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠬᠥᠭᠵᠢᠯᠲᠡᠢ ᠤᠯᠠᠷᠢᠯ ᠢ ᠴᠢᠩᠭ᠎ᠠ ᠠᠳᠬᠤᠵᠤ᠂ ᠣᠷᠣᠨ ᠰᠠᠭᠤᠴᠠ ᠶᠢᠨ ᠰᠣᠯᠢᠯᠴᠠᠭᠠᠨ ᠤ ᠴᠤᠭᠯᠠᠭᠠᠨ ᠢ ᠴᠠᠭ ᠲᠤᠨᠢ ᠲᠣᠬᠢᠷᠠᠭᠤᠯᠤᠨ ᠡᠷᠭᠢᠯᠡᠵᠦ᠂ ᠣᠯᠠᠨ ᠳᠠᠪᠬᠤᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠡᠷᠭᠡ ᠪᠠᠷ ᠬᠡᠷᠡᠭᠵᠢᠭᠦᠯᠦᠨ᠎ᠡ᠃ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠨᠠᠶᠢᠷ᠂ ︽8·18︾ ᠤ ᠵᠢᠷᠢᠮ ᠤᠨ ᠮᠣᠷᠢᠨ ᠤᠷᠤᠯᠳᠤᠭᠠᠨ ᠤ ᠨᠠᠶᠢᠷ᠂ ᠬᠤᠷᠴᠢᠨ ᠤ ᠠᠮᠲᠠᠲᠤ ᠢᠳᠡᠭᠡᠨ ᠤ ᠪᠠᠶᠠᠷ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠮᠥᠰᠥ ᠴᠠᠰᠤᠨ ᠤ ᠪᠠᠶᠠᠷ ᠵᠡᠷᠭᠡ ᠪᠠᠶᠠᠷ ᠳᠤᠷᠠᠰᠬᠠᠯ ᠤᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠣᠯᠠᠨ ᠡᠰᠢᠲᠦ ᠠᠭᠤᠰᠤᠯᠴᠠᠯ ᠤᠨ ᠰᠢᠨ᠎ᠡ ᠲᠥᠷᠥᠯ ᠵᠦᠢᠯ ᠢ ᠭᠠᠷᠭᠠᠵᠤ᠂ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠪᠤᠶ ᠪᠣᠯᠭᠠᠨ᠎ᠠ᠃      ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠵᠦ ᠬᠡᠷᠡᠭᠯᠡᠭᠡᠨ ᠤ ᠰᠢᠨ᠎ᠡ ᠳᠡᠯᠳᠡ ᠬᠦᠴᠦᠨ ᠢ ᠪᠠᠳᠠᠷᠠᠭᠤᠯᠤᠨ᠎ᠠ      ᠪᠣᠬᠢᠷᠳᠤᠯ ᠦᠭᠡᠢ ᠣᠶᠤᠨᠴᠢ ᠬᠡᠷᠡᠭᠯᠡᠭᠡ ᠶᠢ ᠲᠡᠰ ᠳᠡᠪᠰᠢᠭᠦᠯᠬᠦ ᠶᠢ ᠪᠠᠷᠢᠮᠲᠠᠯᠠᠵᠤ᠂ ᠭᠡᠷ ᠤᠨ ᠴᠠᠭᠢᠯᠭᠠᠨ ᠬᠡᠷᠡᠭᠰᠡᠯ᠂ ᠡᠯᠧᠺᠲᠷᠣᠨ ᠬᠡᠷᠡᠭᠰᠡᠯ᠂ ᠭᠡᠷ ᠤᠨ ᠵᠠᠰᠠᠯ᠂ ᠲᠣᠭᠤᠭᠠᠨ ᠭᠡᠷ᠂ ᠵᠤᠷᠯᠤᠩ ᠤᠨ ᠬᠡᠷᠡᠭᠰᠡᠯ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ᠂ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠎ᠡ᠃ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠪᠡᠯᠡ ᠮᠥᠩᠭᠦ ᠶᠢ ᠰᠠᠶᠢᠲᠤᠷ ᠬᠡᠷᠡᠭᠯᠡᠵᠦ ᠮᠠᠰᠢᠨ ᠲᠡᠷᠭᠡᠨ ᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠳᠠᠶᠢᠴᠢᠯᠠᠨ ᠬᠠᠭᠤᠴᠢᠨ ᠢᠶᠠᠷ ᠰᠢᠨ᠎ᠡ ᠶᠢ ᠰᠣᠯᠢᠵᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠨ᠎ᠡ᠃ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠶᠢ ᠳᠡᠮᠵᠢᠵᠦ᠂ ᠭᠡᠷ ᠤᠨ ᠴᠠᠭᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠬᠦ᠂ ᠡᠭᠡᠭᠦᠯᠦᠨ ᠬᠤᠷᠢᠶᠠᠬᠤ ᠠᠵᠤ ᠠᠬᠤᠶᠢᠯᠠᠯ ᠲᠠᠢ ᠬᠤᠯᠪᠣᠭᠠᠯᠠᠬᠤ ᠶᠢ ᠵᠣᠷᠢᠭᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠡᠷ ᠤᠨ ᠴᠠᠭᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠢ ᠣᠷᠣᠨ ᠪᠠᠶᠢᠭᠤᠯᠵᠤ᠂ ᠦᠢᠯᠡᠳᠪᠦᠷᠢ ᠶᠢᠨ ᠬᠢᠨ ᠰᠢᠭᠤᠳ ᠦᠨ᠎ᠡ ᠪᠠᠭᠤᠷᠠᠭᠤᠯᠬᠤ ᠶᠢ ᠳᠡᠮᠵᠢᠬᠦ᠂ ᠰᠢᠨ᠎ᠡ ᠪᠠᠷ ᠰᠣᠯᠢᠬᠤ ᠳᠤ ᠬᠠᠷᠠᠭᠠᠯᠵᠠᠯ ᠦᠵᠡᠭᠦᠯᠭᠦ᠂ ᠬᠠᠭᠤᠴᠢᠨ ᠢ ᠬᠤᠷᠢᠶᠠᠬᠤ ᠳᠤ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠭᠡᠷ ᠤᠨ ᠴᠠᠭᠢᠯᠭᠠᠨ ᠬᠡᠷᠡᠭᠰᠡᠯ ᠢᠶᠠᠷ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢ ᠠᠬᠢᠭᠤᠯᠤᠨ᠎ᠠ᠃ ᠭᠡᠷ ᠤᠨ ᠬᠡᠷᠡᠭᠰᠡᠯ ᠤᠨ ᠬᠤᠳᠠᠯᠳᠤᠭᠠᠨ ᠤ ᠲᠠᠯᠠᠪᠤᠷ ᠤᠨ ᠬᠠᠭᠤᠴᠢᠨ ᠭᠡᠷ ᠪᠠᠶᠢᠰᠢᠩ ᠢ ᠵᠠᠰᠠᠵᠤ ᠴᠢᠮᠡᠭᠯᠡᠬᠦ᠂ ᠲᠣᠭᠤᠭᠠᠨ ᠭᠡᠷ ᠵᠤᠷᠯᠤᠩ ᠤᠨ ᠬᠡᠰᠡᠭ ᠲᠠᠯ᠎ᠠ ᠶᠢᠨ ᠥᠭᠡᠷᠡᠴᠢᠯᠡᠯᠲᠡ ᠵᠡᠷᠭᠡ ᠬᠠᠷᠠᠭᠠᠯᠵᠠᠯ ᠤᠨ ᠲᠥᠬᠦᠷ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠭᠡᠷ ᠤᠨ ᠬᠡᠷᠡᠭᠰᠡᠯ ᠤᠨ ᠨᠠᠰᠤᠲᠠᠶᠢᠴᠤᠳ ᠲᠤ ᠲᠣᠬᠢᠷᠠᠬᠤ᠂ ᠣᠶᠤᠨᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃      ᠪᠡᠶᠡᠴᠢᠯᠡᠨ ᠣᠶᠢᠯᠠᠭᠠᠬᠤ ᠲᠠᠯᠠᠪᠤᠷ ᠢ ᠪᠠᠶᠠᠯᠢᠭᠵᠢᠭᠤᠯᠵᠤ ᠬᠡᠷᠡᠭᠯᠡᠭᠡᠨ ᠤ ᠰᠢᠨ᠎ᠡ ᠨᠥᠭᠡᠴᠡ ᠬᠦᠴᠦᠨ ᠢ ᠠᠭᠤᠳᠠᠯᠤᠨ᠎ᠠ      ᠲᠣᠮᠣ ᠭᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠡᠵᠡᠩᠨᠡᠯᠲᠡ ᠶᠢᠨ ᠭᠤᠣᠯ ᠰᠡᠳᠦᠪᠲᠦ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠭᠡᠷ ᠪᠦᠯᠢ᠂ ᠰᠤᠷᠭᠠᠨ ᠬᠥᠮᠦᠵᠢᠯ᠂ ᠰᠤᠳᠤᠯᠤᠨ ᠰᠤᠷᠤᠯᠴᠠᠬᠤ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠬᠥᠳᠡᠯᠭᠡᠭᠡᠨ᠂ ᠵᠤᠭ᠎ᠠ ᠴᠡᠩᠭᠡᠯ ᠵᠡᠷᠭᠡ ᠣᠯᠠᠨ ᠡᠰᠢᠲᠦ ᠪᠡᠶᠡᠴᠢᠯᠡᠨ ᠣᠶᠢᠯᠠᠭᠠᠬᠤ ᠲᠠᠯᠠᠪᠤᠷ ᠢ ᠤᠬᠠᠭᠠᠯᠠᠨ ᠲᠥᠯᠥᠪᠯᠡᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠲᠠᠯᠠᠪᠤᠷ ᠭᠠᠵᠠᠷ ᠤᠨ ᠲᠣᠭᠲᠠᠮᠠᠯ ᠬᠤᠭᠤᠴᠠᠭ᠎ᠠ ᠲᠠᠢ ᠪᠠᠷ ᠭᠤᠣᠯ ᠰᠡᠳᠦᠪᠲᠦ ᠪᠦᠲᠦᠭᠡᠯᠴᠢ ᠲᠥᠰᠥᠪᠯᠡᠯ ᠤᠨ ᠵᠠᠬ᠎ᠠ ᠳᠡᠯᠭᠡᠭᠦᠷ ᠪᠠ ᠭᠤᠣᠯ ᠰᠡᠳᠦᠪᠲᠦ ᠦᠵᠡᠭᠦᠯᠭᠡ ᠡᠷᠭᠢᠯᠡᠭᠦ ᠶᠢ ᠳᠡᠮᠵᠢᠵᠦ᠂ ᠰᠣᠶᠣᠯ ᠤᠨ ᠪᠦᠲᠦᠭᠡᠯᠴᠢ ᠲᠥᠰᠥᠪᠯᠡᠯ ᠤᠨ ᠠᠵᠤ ᠠᠬᠤᠶᠢᠯᠠᠯ ᠪᠠ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠣᠨᠴᠠᠯᠢᠭᠲᠤ ᠳᠡᠯᠭᠡᠭᠡ ᠮᠠᠶᠢᠮᠠᠢ ᠶᠢᠨ ᠣᠷᠣ ᠭᠠᠷᠭᠠᠬᠤ ᠶᠢ ᠵᠣᠷᠢᠬᠵᠢᠭᠤᠯᠤᠨ᠎ᠠ᠃ ᠦᠵᠡᠮᠵᠢ ᠶᠢᠨ ᠣᠷᠣᠨ᠂ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠭᠡᠷ ᠪᠦᠯᠢ᠂ ᠨᠠᠰᠤᠲᠠᠶᠢᠴᠤᠳ ᠲᠤ ᠲᠣᠬᠢᠷᠠᠬᠤ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠬᠤᠳᠠᠯᠳᠤᠭᠠᠴᠢᠳ ᠤᠨ ᠨᠠᠰᠤᠲᠠᠶᠢᠴᠤᠳ ᠲᠤ ᠲᠣᠬᠢᠷᠠᠬᠤ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ ᠨᠠᠰᠤᠲᠠᠶᠢᠴᠤᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠲᠡᠮᠵᠢᠨ᠎ᠡ᠃  ᠣᠨᠴᠠᠯᠢᠭᠲᠤ ᠲᠦᠷᠦᠯ ᠲᠡᠮᠳᠡᠭ ᠢ ᠬᠦᠴᠦᠷᠬᠡᠭᠵᠢᠭᠦᠯᠵᠦ ᠬᠡᠷᠡᠭᠯᠡᠭᠡᠨ ᠤ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ      ᠲᠦᠩᠯᠢᠶᠣᠣ ᠶᠢᠨ ᠣᠷᠣᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠢ ᠠᠭᠤᠳᠠᠯᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠡᠳᠭᠡᠨ᠎ᠡ᠃ ︽ᠮᠣᠩᠭᠤᠯ︾ ᠲᠡᠮᠳᠡᠭᠲᠦ ᠶᠢ ᠪᠣᠶᠢᠵᠢᠭᠤᠯᠬᠤ ᠪᠠ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠡᠭᠡᠵᠢᠩ᠂ ᠱᠠᠩᠬᠠᠢ ᠵᠡᠷᠭᠡ ᠨᠢᠭᠡᠳᠦᠭᠡᠷ ᠲᠡᠰ ᠤᠨ ᠬᠤᠲᠠ ᠶᠢᠨ ᠰᠢᠯᠢᠳᠡᠭ ᠪᠦᠲᠦᠭᠡᠭᠳᠡᠬᠦᠨ ᠢ ᠲᠠᠨᠢᠯᠴᠠᠭᠤᠯᠬᠤ ᠴᠤᠭᠯᠠᠭᠠᠨ᠂ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠳᠡᠮᠵᠢᠨ᠎ᠡ᠃  ᠬᠠᠭᠤᠴᠢᠨ ᠨᠠᠷᠠᠲᠤ ᠲᠥᠷᠥᠯ ᠲᠡᠮᠳᠡᠭᠲᠦ ᠶᠢᠨ ᠲᠥᠪ ᠶᠣᠰᠣᠨ ᠢ ᠪᠠᠷᠢᠮᠲᠠᠯᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠢᠳᠡᠭᠡᠨ ᠤᠮᠳᠠᠭᠠᠨ᠂ ᠰᠣᠶᠣᠯ ᠤᠨ ᠰᠢᠨ᠎ᠡ ᠶᠢ ᠡᠭᠦᠳᠬᠦ᠂ ᠢᠳᠡᠭᠡᠨ ᠡᠳ᠋ᠰᠢᠭᠦᠯᠬᠦ ᠵᠡᠷᠭᠡ ᠠᠵᠢᠯ ᠲᠥᠷᠥᠯ ᠤᠨ ᠲᠣᠭᠤᠷᠢᠨ ᠳᠤ᠂ ︽ᠲᠦᠩᠯᠢᠶᠣᠣ ᠶᠢᠨ ᠬᠠᠭᠤᠴᠢᠨ ᠨᠠᠷᠠᠲᠤ ᠲᠥᠷᠥᠯ ᠲᠡᠮᠳᠡᠭᠲᠦ︾ ᠶᠢ ᠰᠢᠯᠭᠠᠷᠠᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠬᠠᠭᠤᠴᠢᠨ ᠨᠠᠷᠠᠲᠤ ᠲᠥᠷᠥᠯ ᠲᠡᠮᠳᠡᠭᠲᠦ ᠶᠢ ᠠᠭᠤᠳᠠᠯᠤᠨ ᠪᠣᠶᠢᠵᠢᠭᠤᠯᠤᠨ᠎ᠠ᠃ ᠰᠢᠯᠢᠳᠡᠭ ᠨᠠᠷᠠᠲᠤ ᠲᠥᠷᠥᠯ ᠲᠡᠮᠳᠡᠭᠲᠦ᠂ ᠠᠵᠤ ᠠᠬᠤᠶᠢᠯᠠᠯ ᠪᠠ ᠬᠤᠪᠢ ᠬᠥᠮᠥᠨ ᠤ ᠰᠢᠭᠤᠳ ᠨᠡᠪᠲᠡᠷᠡᠭᠦᠯᠭᠡ ᠳᠤ ᠣᠷᠤᠯᠴᠠᠬᠤ ᠶᠢ ᠵᠣᠷᠢᠭᠵᠢᠭᠤᠯᠬᠤ ᠪᠠ ᠳᠠᠶᠢᠴᠢᠯᠠᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠭᠤᠣᠯ ᠨᠡᠪᠲᠡᠷᠡᠭᠦᠯᠭᠡ ᠶᠢᠨ ᠴᠢᠳᠠᠪᠤᠷᠢᠲᠠᠨ᠂ ᠨᠤᠲᠤᠭ ᠤᠨ ᠭᠤᠣᠯ ᠨᠡᠪᠲᠡᠷᠡᠭᠦᠯᠭᠡ ᠶᠢᠨ ᠴᠢᠳᠠᠪᠤᠷᠢᠲᠠᠨ᠂ ᠬᠠᠯᠠᠭᠤᠷᠠᠯ ᠭᠤᠣᠯ ᠨᠡᠪᠲᠡᠷᠡᠭᠦᠯᠭᠡ ᠶᠢ ᠢᠯᠡᠷᠡᠭᠦᠯᠬᠦ ᠪᠠ ᠬᠥᠮᠥᠵᠢᠭᠦᠯᠦᠨ᠎ᠡ᠃      ᠠᠩᠬᠠᠳᠠᠭᠴᠢ ᠲᠠᠷᠬᠠᠭᠠᠯᠲᠠ ᠠᠩᠬᠠᠳᠠᠭᠴᠢ ᠳᠤᠬᠯᠡᠯᠳᠡ ᠠᠩᠬᠠᠳᠠᠭᠴᠢ ᠦᠵᠡᠭᠦᠯᠭᠡ ᠡᠷᠭᠢᠯᠡᠵᠤ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ      ᠰᠣᠳᠣᠨ ᠪᠠᠷᠠᠭ᠎ᠠ ᠬᠤᠳᠠᠯᠳᠤᠨ ᠠᠪᠬᠤ᠂ ᠨᠠᠷᠢᠯᠢᠭ ᠰᠠᠶᠢᠬᠠᠨ ᠠᠮᠲᠠᠲᠤ ᠢᠳᠡᠭᠡᠨ᠂ ᠰᠣᠩᠭᠤᠳᠠᠭ ᠵᠢᠭᠤᠯᠴᠢᠯᠠᠯ᠂ ᠭᠤᠶᠢᠳᠠ ᠰᠠᠶᠢᠬᠠᠨ ᠦᠵᠡᠭᠦᠯᠭᠡ ᠶᠢᠨ ᠲᠣᠬᠯᠠᠯᠲᠠ ᠵᠡᠷᠭᠡ ᠲᠦᠷᠪᠡᠨ ᠲᠣᠮᠣ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠤᠯᠤᠰ ᠤᠨ ᠰᠣᠳᠣᠨ ᠪᠦᠲᠦᠭᠡᠭᠳᠡᠬᠦᠨ᠂ ᠨᠤᠲᠤᠭ ᠤᠨ ᠰᠢᠨ᠎ᠡ ᠪᠦᠲᠦᠭᠡᠭᠳᠡᠬᠦᠨ᠂ ᠤᠯᠤᠰ ᠤᠨ ᠪᠠᠷᠠᠭ᠎ᠠ ᠨᠡᠷᠡᠳᠤ ᠪᠦᠲᠦᠭᠡᠭᠳᠡᠬᠦᠨ᠂ ᠳᠤᠮᠳᠠᠳᠤ ᠶᠢᠨ ᠬᠠᠭᠤᠴᠢᠨ ᠨᠡᠷᠡᠳᠦ ᠪᠦᠲᠦᠭᠡᠭᠳᠡᠬᠦᠨ ᠵᠡᠷᠭᠡ ᠶᠢ ᠵᠣᠬᠢᠶᠠᠨ ᠪᠠᠶᠢᠭᠤᠯᠤᠨ ᠠᠩᠬᠠᠳᠠᠭᠴᠢ ᠲᠠᠷᠬᠠᠭᠠᠯᠲᠠ ᠠᠩᠬᠠᠳᠠᠭᠴᠢ ᠳᠤᠬᠯᠡᠯᠳᠡ ᠠᠩᠬᠠᠳᠠᠭᠴᠢ ᠦᠵᠡᠭᠦᠯᠭᠡ ᠶᠢ ᠡᠷᠭᠢᠯᠡᠵᠦ᠂ ᠭᠤᠣᠯᠳᠠᠯᠭ᠎ᠠ ᠲᠠᠢ ᠥᠵᠡᠰᠭᠦᠯᠡᠩ ᠦᠵᠡᠭᠦᠯᠭᠡ ᠶᠢᠨ ᠴᠤᠭᠯᠠᠭᠠᠨ ᠳᠤ ᠢᠳᠡᠪᠬᠢᠲᠡᠢ ᠣᠷᠣᠯᠴᠠᠵᠤ᠂ ᠰᠢᠨ᠎ᠡ ᠪᠦᠲᠦᠭᠡᠭᠳᠡᠬᠦᠨ ᠤ ᠠᠩᠬᠠᠳᠠᠭᠴᠢ ᠲᠠᠷᠬᠠᠭᠠᠯᠲᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠳᠠᠯᠳᠤᠭᠠᠨ ᠤ ᠲᠥᠪ᠂ ᠦᠵᠡᠰᠭᠦᠯᠡᠩ ᠤᠨ ᠲᠥᠪ ᠲᠠᠢ ᠬᠤᠯᠪᠤᠭᠠᠯᠠᠨ᠂ ︽ᠰᠣᠶᠣᠯ ᠵᠢᠭᠤᠯᠴᠢᠯᠠᠯ ᠤᠨ ᠴᠤᠭᠯᠠᠭᠠᠨ︾ ᠤ ᠭᠤᠣᠯ ᠰᠡᠳᠦᠪᠲᠦ ᠦᠵᠡᠭᠦᠯᠭᠡ ᠶᠢᠨ ᠲᠠᠯᠠᠪᠠᠶ ᠶᠢ ᠡᠭᠦᠳᠴᠦ᠂ ᠲᠦᠩᠯᠢᠶᠣᠣ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠴᠤᠭᠯᠠᠷᠠᠭᠤᠯᠬᠤ ᠶᠢ ᠠᠬᠢᠭᠤᠯᠤᠨ᠎ᠠ᠃      ᠣᠯᠠᠨ ᠡᠰᠢᠲᠦ ᠠᠭᠤᠰᠤᠯᠴᠠᠯ ᠢ ᠴᠢᠩᠭᠠᠳᠬᠠᠵᠤ ᠬᠡᠷᠡᠭᠯᠡᠭᠡᠨ ᠤ ᠰᠢᠨ᠎ᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ      ︽ᠪᠠᠷᠠᠭ᠎ᠠ ᠬᠤᠳᠠᠯᠳᠤᠨ ᠠᠪᠬᠤ︾᠂ ︽ᠰᠣᠶᠣᠯ ᠵᠢᠭᠤᠯᠴᠢᠯᠠᠯ︾᠂ ︽ᠠᠮᠲᠠᠲᠤ ᠢᠳᠡᠭᠡᠨ︾᠂ ︽ᠤᠷᠤᠯᠳᠤᠭᠠᠨ︾᠂ ︽ᠦᠵᠡᠭᠦᠯᠭᠡ︾ ᠲᠠᠪᠤᠨ ᠶᠡᠭᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠬᠤᠳᠠᠯᠳᠤᠭ᠎ᠠ +︾ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠵᠠᠭᠪᠤᠷ ᠤᠨ ᠲᠡᠰ ᠳᠡᠪᠰᠢᠬᠦ ᠶᠢ ᠠᠭᠢᠭᠤᠯᠤᠨ᠎ᠠ᠃ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ᠂ ᠵᠡᠭᠡᠯᠢ ᠲᠣᠭᠤᠷᠢᠭ ᠤᠨ ᠪᠣᠳᠠᠲᠤ ᠦᠵᠡᠮᠵᠢ ᠶᠢᠨ ᠲᠣᠬᠯᠠᠯᠲᠠ᠂ ᠳ᠋ᠧᠩ ᠤᠨ ᠭᠡᠷᠡᠯ ᠤᠨ ᠦᠵᠡᠭᠦᠯᠭᠡ᠂ ᠤᠯᠤᠰ ᠤᠨ ᠤᠷᠤᠰᠬᠠᠯᠲᠤ ᠺᠠᠷᠲ᠋ᠣᠨ ᠵᠢᠷᠤᠭ ᠵᠡᠷᠭᠡ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠤᠷᠠᠯᠢᠭ ᠤᠨ ᠨᠠᠶᠢᠷ᠂ ᠳᠠᠭᠤᠤ ᠬᠥᠭᠵᠢᠮ ᠤᠨ ᠨᠠᠶᠢᠷ᠂ ᠨᠡᠷᠡᠳᠤ ᠣᠳᠣᠳ ᠤᠨ ᠳᠠᠭᠤᠤ ᠶᠢᠨ ᠨᠠᠶᠢᠷ ᠵᠡᠷᠭᠡ ᠲᠣᠮᠣ ᠭᠡᠯᠪᠡᠷᠢ ᠶᠢᠨ ᠲᠣᠬᠯᠠᠯᠲᠠ ᠶᠢᠨ ᠠᠵᠢᠯᠯᠠᠭ᠎ᠠ ᠡᠷᠭᠢᠯᠡᠵᠦ᠂ ᠤᠯᠤᠰ ᠤᠨ ᠲᠠᠰ ᠤᠨ ᠶᠤᠸᠠᠢ ᠯᠠᠢ ᠾᠧ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠡᠭᠦᠳᠦᠨ ᠪᠠᠶᠢᠭᠤᠯᠵᠤ᠂ ᠠᠭᠤᠯᠭ᠎ᠠ ᠪᠠᠷ ᠪᠠᠶᠠᠯᠢᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶᠡᠴᠢᠯᠡᠨ ᠣᠶᠢᠯᠠᠭᠠᠬᠤ ᠮᠠᠶ᠋ᠢᠭ ᠤᠨ ᠠᠭᠤᠰᠤᠯᠴᠠᠭᠰᠠᠨ ᠬᠡᠷᠡᠭᠯᠡᠭᠡᠨ ᠤ ᠰᠢᠨ᠎ᠡ ᠠᠬᠤᠢ ᠪᠠᠶᠢᠳᠠᠯ ᠢ ᠪᠤᠶ ᠪᠣᠯᠭᠠᠨ᠎ᠠ᠃ ᠲᠠᠷᠢᠶᠠᠯᠠᠩ ᠵᠢᠭᠤᠯᠴᠢᠯᠠᠯ ᠯᠤᠭ᠎ᠠ ᠶᠢᠨ ᠠᠭᠤᠰᠤᠯᠴᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠵᠠᠩ ᠦᠶᠯᠡ ᠶᠢᠨ ᠪᠠᠶᠠᠷ᠂ ᠨᠣᠭᠤᠭ᠎ᠠ ᠵᠢᠮᠢᠰ ᠲᠡᠭᠦᠬᠦ ᠪᠠᠶᠠᠷ᠂ ᠴᠡᠴᠡᠭ ᠰᠣᠨᠢᠷᠬᠠᠬᠤ ᠪᠠᠶᠠᠷ᠂ ᠠᠮᠲᠠᠲᠤ ᠢᠳᠡᠭᠡᠨ ᠤ ᠪᠠᠶᠠᠷ ᠵᠡᠷᠭᠡ ᠶᠢ ᠡᠷᠭᠢᠯᠡᠨ᠂ ᠬᠤᠲᠠ ᠶᠢᠨ ᠰᠠᠭᠤᠭᠠᠯᠢ ᠠᠷᠠᠳ ᠢ ᠬᠥᠳᠡᠭᠡ ᠪᠠᠭᠤᠯᠭᠠᠵᠤ ᠬᠡᠷᠡᠭᠯᠡᠭᠡ ᠶᠢ ᠲᠠᠲᠠᠨ᠎ᠠ᠃      ᠲᠤᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠵᠣᠷᠢᠯᠭ᠎ᠠ ᠨᠢ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠬᠡᠷᠡᠭᠯᠡᠭᠡ ᠶᠢ ᠬᠥᠭᠵᠢᠭᠡᠬᠦ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠪᠠᠷ ᠬᠠᠷᠠᠯᠲᠠ ᠪᠤᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠬᠥᠲᠥᠯᠥᠮᠵᠢ ᠪᠤᠯᠭᠠᠵᠤ᠂ ᠣᠯᠠᠨ ᠡᠰᠢᠲᠦ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠬᠥᠳᠡᠯᠭᠡᠭᠦᠷ ᠪᠤᠯᠭᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯ ᠣᠯᠭᠤᠯᠲᠠ ᠶᠢ ᠠᠬᠢᠭᠤᠯᠤᠨ ᠠᠷᠠᠳ ᠢ ᠬᠠᠷᠠᠭᠠᠯᠵᠠᠬᠤ᠂ ᠬᠡᠷᠡᠭᠯᠡᠭᠡ ᠶᠢ ᠠᠬᠢᠭᠤᠯᠬᠤ ᠠᠮᠢᠳᠤᠯᠢᠭ ᠬᠦᠴᠦᠨ ᠤ ᠬᠠᠮ ᠠᠷᠭ᠎ᠠ ᠪᠠᠷᠢᠯ ᠢ ᠰᠠᠶᠢᠲᠤᠷ ᠲᠣᠬᠢᠷᠠᠭᠤᠯᠪᠠ᠃ ︽ᠲᠦᠩᠯᠢᠶᠣᠣ ᠶᠢᠨ ᠪᠠᠶᠠᠰᠤᠯᠳᠤ ᠬᠡᠷᠡᠭᠯᠡᠭᠡ︾ ᠬᠤᠲᠠ ᠶᠢᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠂ ᠠᠵᠢᠯ ᠣᠯᠭᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠡᠷᠡᠭᠯᠡᠭᠡ ᠶᠢ ᠬᠥᠭᠵᠢᠭᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ