3 ᠳ᠋ᠤᠭᠠᠷ ᠰᠠᠷ᠎ᠠ ᠶᠢᠨ 13 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠲᠤᠰᠬᠠᠶ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠠᠭ᠎ᠠ ᠶᠠᠪᠤᠳᠠᠯ︾ ᠠᠴᠠ ᠭᠠᠷᠳᠠᠵᠤ ᠥᠭᠡᠷᠡᠴᠢᠯᠡᠯᠲᠡ ᠶᠢᠨ ᠰᠡᠳᠦᠪ ᠢ | ᠰᠣᠩᠭᠤᠨ ᠲᠣᠭᠲᠠᠭᠠᠵᠤ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠢᠭᠡ ᠪᠦᠯᠦᠭ | ᠬᠥᠭᠵᠢᠯᠲᠡ ᠶᠢᠨ ᠲᠦᠭᠵᠢᠷᠡᠯ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠦᠷᠢᠮ | ᠲᠣᠭᠲᠠᠴᠠ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ 2025 ᠣᠨ ᠤ ᠬᠤᠲᠠ ᠶᠢᠨ ᠲᠣᠰ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ | ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠶᠢᠨ ᠲᠥᠯᠥᠪᠯᠡᠭᠡ ᠵᠢᠴᠢ ᠲᠥᠷᠥᠯ ᠵᠦᠢᠯ ᠢ ᠲᠥᠯᠥᠪᠵᠢᠭᠦᠯᠬᠦ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ | ᠵᠥᠪᠯᠡᠪᠡ᠃ ᠲᠦᠷᠦᠯ ᠵᠦᠢᠯ ᠤᠨ ᠣᠷᠣᠬᠤ ᠪᠠᠷᠢᠮᠵᠢᠶ᠎ᠠ ᠶᠢ ᠰᠠᠶᠢᠲᠤᠷ ᠡᠵᠡᠮᠳᠡᠵᠦ᠂ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠡᠯ᠎ᠡ ᠲᠦᠷᠦᠯ ᠤᠨ ᠠᠵᠤ | ᠦᠢᠯᠡᠰᠵᠢᠭᠦᠯᠦᠨ ᠬᠠᠪᠰᠤᠷᠤᠨ ᠲᠡᠳᠬᠦᠬᠦ ᠲᠦᠷᠦᠯ ᠵᠦᠢᠯ ᠢ ᠴᠢᠨᠠᠷ ᠰᠠᠶᠢᠲᠠᠢ ᠲᠥᠯᠥᠪᠵᠢᠭᠦᠯᠦᠨ ᠬᠡᠷᠡᠭᠵᠢᠭᠦᠯᠵᠦ᠂ ᠤᠯᠤᠰ ᠤᠨ ᠲᠠᠷᠢᠶᠠᠯᠠᠩ ᠢ ᠳᠡᠮᠵᠢᠵᠦ | ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ︽ᠡᠷᠬᠢᠨ ᠪᠠᠶᠢᠴᠠᠭᠠᠬᠤ︾ ᠠᠵᠢᠯ ᠢ ᠥᠷᠨᠢᠭᠦᠯᠵᠦ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ |