3 ᠳ᠋ᠤᠭᠠᠷ ᠰᠠᠷ᠎ᠠ ᠶᠢᠨ 19 ᠳᠤ ᠬᠤᠳᠠ ᠶᠢᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
      3 ᠳ᠋ᠤᠭᠠᠷ ᠰᠠᠷ᠎ᠠ ᠶᠢᠨ 19 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ 1 ᠠᠴᠠ 2 ᠳ᠋ᠤᠭᠠᠷ ᠰᠠᠷ᠎ᠠ ᠪᠣᠯᠲᠠᠯᠠᠬᠢ ᠪᠦᠬᠦ ᠬᠤᠲᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠨᠢᠭᠡᠳᠦᠭᠡᠷ ᠤᠯᠠᠷᠢᠯ ᠤᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠳᠡᠭᠡᠷ᠎ᠡ᠂ ᠰᠠᠶᠢᠨ ᠡᠬᠢᠯᠡᠯᠲᠡ ᠪᠦᠬᠦ ᠲᠠᠯ᠎ᠠ ᠶᠢ ᠨᠥᠯᠥᠭᠡᠯᠡᠨ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠬᠢᠷᠠᠭᠤᠯᠤᠯᠲᠠ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠳᠤᠲᠠᠭᠤᠳᠠᠯ ᠢᠶᠠᠨ ᠨᠥᠬᠦᠪᠥᠷᠢᠯᠡᠵᠦ᠂ ᠠᠵᠤ ᠠᠬᠤᠶᠢᠯᠠᠯ ᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽1 ᠪᠠᠷ 9 ᠶᠢ ᠳᠠᠶᠢᠴᠢᠯᠠᠬᠤ︾ ︽1 ᠨᠡᠮᠡᠬᠦ 9︾ ᠶᠢᠨ ᠠᠵᠢᠯ ᠤᠨ ᠲᠣᠭᠲᠠᠴᠠ ᠶᠢ ᠭᠦᠢᠴᠡᠳ ᠬᠡᠷᠡᠭᠯᠡᠵᠦ᠂ ᠳᠡᠭᠡᠳᠦ ᠳᠤᠤᠷᠠᠳᠤ ᠱᠠᠳᠤ ᠪᠠᠷ ᠢᠶᠠᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠵᠣᠬᠢᠴᠠᠭᠤᠯᠤᠨ ᠯᠠᠪᠳᠠᠭᠤᠨ ᠪᠠᠲᠤᠲᠠᠢ ᠥᠷᠨᠢᠭᠦᠯᠵᠦ᠂ ︽ᠨᠢᠭᠡ ᠳᠤ ᠨᠢᠭᠡ︾ ᠪᠠᠷ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠳᠠᠭᠤᠰᠬᠠᠨ ᠦᠷ᠎ᠡ ᠪᠦᠲᠦᠮᠵᠢ ᠤᠯᠬᠤ᠂ ᠴᠢᠳᠠᠪᠤᠷᠢ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠬᠡᠷᠡᠭᠲᠡᠢ︔ ᠦᠢᠯᠡᠴᠢᠯᠡᠭᠡᠨ ᠤ ᠦᠢᠯᠡᠰ ᠤᠨ ᠭᠦᠢᠴᠡᠳᠬᠡᠯ ᠲᠤᠭ᠎ᠠ ᠶᠢᠨ ᠰᠢᠰᠲ᠋ᠧᠮ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠠᠳᠠᠭᠠᠯᠠᠯᠲᠠ ᠶᠢᠨ ᠬᠡᠮᠵᠢᠶ᠎ᠡ ᠶᠢ ᠠᠭᠤᠳᠠᠯᠬᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠶᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠡᠰ ᠳᠡᠪᠰᠢᠬᠦ ᠶᠢ ᠤᠯᠠᠨ ᠲᠠᠯ᠎ᠠ ᠪᠠᠷ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ 2025 ᠣᠨ ᠤ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠤᠳᠤᠯᠵᠤ᠂ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠬᠦᠴᠦᠯᠡᠨ ᠠᠳᠬᠤᠵᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠠᠵᠠ ᠲᠣᠬᠢᠶᠠᠯ ᠢ ᠠᠮᠵᠢᠨ᠂ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠶᠠᠪᠤᠴᠠ ᠶᠢ ᠰᠢᠯᠢᠳᠡᠭᠵᠢᠭᠦᠯᠦᠨ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ᠂ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠠᠬᠢᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠤᠨᠢᠨ ᠳᠡᠭᠡᠷ᠎ᠡ ᠨᠢ ᠬᠦᠷᠭᠡᠵᠦ᠂ ᠥᠷᠭᠡᠨ ᠢᠶᠠᠷ ᠮᠡᠳᠡᠭᠳᠡᠵᠦ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ᠂ ᠲᠦᠭᠡᠮᠡᠯᠵᠢᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠬᠡᠷᠡᠭᠴᠡᠭᠡ ᠶᠢ ᠬᠦᠴᠦᠲᠡᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ