ᠬᠠᠪᠤᠷ ᠤᠨ ᠤᠯᠠᠷᠢᠯ ᠪᠣᠯ ᠶᠠᠭ ᠬᠥᠳᠡᠯᠮᠦᠷᠢᠴᠢᠳ ᠤᠨ ᠠᠵᠢᠯ ᠡᠷᠢᠬᠦ ᠣᠷᠭᠢᠯ ᠤᠨ ᠬᠤᠭᠤᠴᠠᠭ᠎ᠠ ᠪᠣᠯᠣᠨ᠎ᠠ᠂ ᠮᠥᠨ ᠴᠦ ᠠᠵᠤ ᠠᠬᠤᠶᠢᠯᠠᠯ ᠤᠨ ᠠᠵᠢᠯ | ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠣᠶᠢᠷ᠎ᠠ ᠳᠤ᠂ ᠺᠠᠶᠢᠯᠤ ᠰᠢᠶᠠᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ︽ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢ ᠪᠠᠶᠢᠭᠤᠯᠵᠤ᠂ ᠠᠵᠢᠯᠲᠠᠨ ᠠᠵᠢᠯᠴᠢᠨ ᠡᠯᠰᠡᠬᠦ ᠪᠠ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯ ᠤᠨ ᠪᠠᠶᠢᠷᠢ ᠬᠠᠩᠭᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠷ ᠳᠠᠮᠵᠢᠨ᠂ ᠠᠵᠢᠯ | ᠡᠷᠢᠭᠰᠡᠳ ᠪᠠ ᠠᠵᠤ ᠠᠬᠤᠶᠢᠯᠠᠯ ᠢ ᠨᠠᠷᠢᠨ ᠤᠨᠤᠪᠴᠢᠳᠡᠢ ᠪᠠᠷ ᠵᠣᠯᠭᠠᠭᠤᠯᠬᠤ ᠶᠢ ᠬᠦᠴᠦᠯᠡᠨ ᠲᠡᠮᠵᠢᠵᠦ ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠨᠢᠭᠡ ᠪᠦᠯᠦᠭ ᠤᠯᠠᠭᠠᠨ ᠤᠤᠵᠢ ᠡᠮᠦᠰᠦᠭᠰᠡᠨ ᠰᠠᠶᠢᠨ ᠲᠤᠷᠡᠴᠤᠳ ᠬᠥᠮᠥᠨ ᠤ ᠴᠤᠭᠯᠠᠭᠠᠨ ᠳᠤ ᠨᠠᠭᠠᠰᠢ ᠴᠠᠭᠠᠰᠢ | ᠰᠦᠯᠵᠢᠯᠳᠦᠵᠦ᠂ ᠡᠯ᠎ᠡ ᠲᠦᠷᠦᠯ ᠤᠨ ᠰᠢᠯᠢᠳᠡᠭ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠣᠯᠣᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠦᠷᠦ ᠶᠢᠨ | ᠪᠣᠳᠣᠯᠭ᠎ᠠ ᠶᠢ ᠨᠠᠷᠢᠨ ᠤᠨᠤᠪᠴᠢᠳᠡᠢ ᠪᠠᠷ ᠲᠤᠬᠠᠢ ᠶᠢᠨ ᠤᠯᠠᠨ ᠲᠦᠮᠡᠨ ᠳᠤ ᠬᠦᠷᠭᠡᠬᠦ ᠶᠢᠨ ᠬᠠᠮᠲᠤ ᠠᠵᠢᠯ ᠡᠷᠢᠬᠦ ᠬᠦᠰᠡᠯ ᠡᠷᠡᠮᠡᠯᠵᠡᠯ ᠪᠣᠯᠣᠨ ᠭᠦᠳᠡᠯᠮᠦᠷᠢ ᠶᠢᠨ | ᠤᠷ᠎ᠠ ᠮᠡᠷᠭᠡᠵᠢᠯ ᠢ ᠨᠢ ᠦᠨᠳᠦᠰᠦᠯᠡᠨ ᠬᠠᠷᠢᠴᠠᠩᠭᠤᠢ ᠵᠣᠬᠢᠴᠠᠭᠰᠠᠨ ᠠᠵᠢᠯ ᠤᠨ ᠪᠠᠶᠢᠷᠢ ᠶᠢ ᠲᠠᠨᠢᠯᠴᠠᠭᠤᠯᠵᠤ᠂ ᠠᠵᠤ ᠠᠬᠤᠶᠢᠯᠠᠯ ᠪᠣᠯᠣᠨ ᠠᠵᠢᠯ ᠡᠷᠢᠭᠰᠡᠳ ᠤᠨ | ᠬᠤᠭᠤᠷᠣᠨᠳᠣᠭᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠪᠠ᠃ | ︽ᠥᠨᠥᠳᠥᠷ ᠬᠤᠳᠠᠯᠳᠤᠭᠠᠨ ᠤ ᠲᠠᠯᠡᠪᠡᠢ ᠳᠤ ᠲᠣᠭᠤᠷᠢᠬᠤ ᠪᠠᠷ ᠢᠷᠡᠬᠦ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠢᠨ ᠶᠠᠭ ᠡ᠊ᠨᠳᠡ | ᠤᠬᠠᠭᠤᠯᠭ᠎ᠠ ᠬᠢᠵᠦ ᠪᠠᠶᠢᠭᠰᠠᠨ ᠲᠠᠢ ᠲᠠᠭᠠᠷᠠᠯᠳᠤᠵᠠᠢ᠂ ᠶᠠᠭ ᠰᠠᠶ᠋ᠢᠬᠠᠨ ᠪᠢ ᠪᠠᠰᠠ ᠨᠢᠭᠡ ᠬᠤᠪᠢ ᠠᠵᠢᠯ ᠡᠷᠢᠶ᠎ᠡ ᠭᠡᠰᠡᠨ ᠪᠤᠳᠤᠯ ᠲᠠᠢ ᠪᠠᠶᠢᠵᠠᠢ᠂ ᠰᠠᠶᠢᠨ ᠲᠤᠷᠡᠴᠤᠤᠯ | ᠨᠠᠳᠠ ᠳᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠪᠠᠰᠠ ᠵᠠᠷᠢᠮ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠲᠠᠨᠢᠯᠴᠠᠭᠤᠯᠵᠤ | ᠂ ᠨᠠᠳᠠ ᠳᠤ ᠵᠣᠬᠢᠬᠤ ᠬᠡᠮᠵᠢᠶᠡᠨ ᠤ ᠯᠠᠪᠯᠠᠯᠲᠠ ᠬᠠᠩᠭᠠᠵᠠᠢ︾ ᠭᠡᠵᠦ ᠺᠠᠶᠢᠯᠤ ᠪᠠᠯᠭᠠᠰᠤᠨ ᠤ ᠰᠠᠭᠤᠭᠠᠯᠢ ᠠᠷᠠᠳ ᠢᠦᠢ ᠶᠢᠨ ᠬᠤᠩ ᠶᠠᠷᠢᠵᠤ ᠪᠠᠶᠢᠯ᠎ᠠ᠃ | ᠲᠣᠰ ᠤᠳᠠᠭᠠᠨ ᠤ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠪᠣᠯ ᠺᠠᠶᠢᠯᠤ ᠰᠢᠶᠠᠨ ᠤ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠠᠵᠢᠯᠲᠠᠨ ᠠᠵᠢᠯᠴᠢᠨ | ᠡᠯᠰᠡᠬᠦ ᠰᠢᠷᠢᠰ ᠠᠵᠢᠯᠯᠠᠭ᠎ᠠ ᠶᠢᠨ ᠳᠣᠲᠣᠷᠠᠬᠢ ᠨᠢᠭᠡ ᠲᠠᠯᠠᠪᠤᠷ ᠪᠣᠯᠣᠨ᠎ᠠ᠃ ᠠᠵᠢᠯᠯᠠᠭ᠎ᠠ ᠠᠴᠠ ᠡᠮᠦᠨ᠎ᠡ᠂ ᠺᠠᠶᠢᠯᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠠᠷᠢᠨ ᠬᠢᠨᠠᠮᠠᠭᠠᠢ ᠪᠡᠯᠡᠳᠬᠡᠵᠦ᠂ ᠭᠠᠷ ᠤᠲᠠᠰᠤ ᠪᠠᠷ ᠬᠠᠷᠢᠭᠤ ᠰᠤᠷᠪᠤᠯᠵᠢᠯᠠᠬᠤ᠂ ᠸᠢᠴᠠᠲ ᠢᠶᠠᠷ ᠠᠰᠠᠭᠤᠨ | ᠯᠠᠪᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠰᠢᠶᠠᠨ ᠤ ᠳᠣᠲᠣᠷᠠᠬᠢ ᠣᠯᠠᠨ ᠠᠵᠤ ᠠᠬᠤᠶᠢᠯᠠᠯ ᠲᠠᠢ ᠨᠢᠭᠲᠠ ᠬᠠᠷᠢᠯᠴᠠᠭ᠎ᠠ ᠪᠠᠶᠢᠭᠤᠯᠵᠤ᠂ ᠠᠵᠤ ᠠᠬᠤᠶᠢᠯᠠᠯ ᠢ | ᠢᠳᠡᠪᠬᠢᠲᠡᠢ ᠳᠠᠶᠢᠴᠢᠯᠠᠨ ᠤᠷᠢᠵᠤ ᠬᠡᠷᠡᠭᠯᠡᠬᠦ ᠠᠵᠢᠯᠯᠠᠭ᠎ᠠ ᠳᠤ ᠣᠷᠣᠯᠴᠠᠭᠤᠯᠵᠤ᠂ 270 ᠭᠠᠷᠤᠢ ᠠᠵᠢᠯ ᠤᠨ ᠪᠠᠶᠢᠷᠢ ᠬᠠᠩᠭᠠᠵᠤ᠂ ᠰᠢᠶᠠᠨ ᠤ ᠳᠣᠲᠣᠷᠠᠬᠢ 12 ᠠᠵᠤ | ᠠᠬᠤᠶᠢᠯᠠᠯ ᠤᠨ ᠤᠷᠢᠵᠤ ᠬᠡᠷᠡᠭᠯᠡᠬᠦ ᠮᠡᠳᠡᠭᠡ ᠵᠠᠩᠭᠢ ᠶᠢ ᠴᠤᠭᠯᠠᠭᠤᠯᠵᠤ᠂ ᠡᠮ ᠡᠮᠨᠡᠯᠭᠡ᠂ ᠰᠢᠨ᠎ᠡ ᠡᠨᠧᠷᠭᠢ᠂ ᠬᠤᠪᠴᠠᠰᠤ ᠬᠤᠨᠠᠷ᠂ ᠲᠣᠣᠷ ᠰᠦᠯᠵᠢᠶ᠎ᠡ᠂ ᠲᠦᠷᠭᠡᠨ | ᠬᠦᠷᠭᠡᠯᠲᠡ᠂ ᠳᠠᠭᠠᠳᠬᠠᠯ ᠵᠡᠷᠭᠡ ᠣᠯᠠᠨ ᠠᠵᠢᠯ ᠲᠥᠷᠥᠯ ᠲᠠᠢ ᠬᠤᠯᠪᠣᠭᠳᠠᠵᠤ᠂ ᠡᠯ᠎ᠡ ᠲᠥᠷᠥᠯ ᠤᠨ ᠠᠵᠢᠯ ᠡᠷᠢᠭᠰᠡᠳ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ ᠪᠠᠶᠢᠨ᠎ᠠ᠃ ᠠᠵᠢᠯᠯᠠᠭ᠎ᠠ ᠶᠢᠨ ᠳᠤᠮᠳᠠ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠰᠠᠶᠢᠨ ᠲᠤᠷᠡᠴᠤᠳ ᠠᠵᠢᠯ ᠡᠷᠢᠭᠰᠡᠳ ᠲᠤ ᠲᠥᠷᠥ ᠶᠢᠨ | ᠪᠣᠳᠣᠯᠭ᠎ᠠ ᠶᠢᠨ ᠠᠰᠠᠭᠤᠨ ᠯᠠᠪᠯᠠᠭ᠎ᠠ᠂ ᠠᠵᠢᠯ ᠣᠯᠭᠤᠯᠲᠠ ᠶᠢᠨ ᠵᠢᠯᠣᠭᠤᠳᠤᠯᠭ᠎ᠠ᠂ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠳᠣᠲᠣᠨᠣ ᠦᠢᠯᠡᠴᠢᠯᠡᠭᠡ ᠬᠠᠩᠭᠠᠵᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠡᠯᠰᠡᠬᠦ ᠲᠣᠪᠴᠢ ᠳᠦᠷᠢᠮ ᠵᠡᠷᠭᠡ ᠤᠬᠠᠭᠤᠯᠭ᠎ᠠ ᠶᠢᠨ | ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠤ᠂ 80 ᠭᠠᠷᠤᠢ ᠬᠥᠮᠥᠨ ᠤᠳᠠᠭ᠎ᠠ ᠶᠢᠨ ᠠᠰᠠᠭᠤᠨ ᠯᠠᠪᠯᠠᠭ᠎ᠠ ᠳᠤ ᠵᠢᠯᠣᠭᠤᠳᠤᠯᠭ᠎ᠠ ᠬᠠᠩᠭᠠᠪᠠ᠃ | ︽ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ︾᠃ ︿ᠤᠷᠢᠬᠠᠨ ᠰᠠᠯᠬᠢᠨ ᠤ ᠠᠵᠢᠯᠯᠠᠭ᠎ᠠ﹀ ᠵᠡᠷᠭᠡ ᠠᠵᠢᠯᠲᠠᠨ ᠠᠵᠢᠯᠴᠢᠨ | ᠡᠯᠰᠡᠬᠦ ᠰᠢᠷᠢᠰ ᠠᠵᠢᠯᠯᠠᠭ᠎ᠠ ᠶᠢ ᠡᠷᠭᠢᠯᠡᠭᠦ ᠪᠣᠯ ᠺᠠᠶᠢᠯᠤ ᠰᠢᠶᠠᠨ ᠤ ᠥᠪᠡᠷᠲᠡᠭᠡᠨ ᠵᠠᠰᠠᠬᠤ ᠣᠷᠣᠨ ᠤ ︿ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ﹀ ᠶᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠠᠪᠴᠠᠯ ᠮᠥᠨ᠂ ᠪᠠᠰᠠ ᠴᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠬᠡᠷᠡᠭᠯᠡᠬᠦ ᠳᠤ ᠦᠢᠯᠡᠴᠢᠯᠡᠬᠦ ᠪᠣᠳᠠᠲᠠᠢ ᠠᠵᠢᠯᠯᠠᠭ᠎ᠠ ᠮᠥᠨ᠃ ︽ᠡᠨᠡ ᠵᠢᠯ᠂ ᠮᠠᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠬᠢᠨ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠠᠵᠢᠯ ᠤᠨ | ᠪᠠᠶᠢᠷᠢ ᠶᠢ ᠬᠦᠷᠭᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠡᠪᠡᠢ᠂ ᠪᠠᠯᠭᠠᠰᠤ ᠲᠠᠯᠠᠪᠠᠶ ᠶᠢᠨ ᠴᠤᠭᠯᠠᠭ᠎ᠠ ᠮᠠᠶᠢᠮᠠᠢ ᠵᠡᠷᠭᠡ | ᠭᠠᠵᠠᠷ ᠲᠤ ᠣᠯᠠᠨ ᠶᠠᠩᠵᠤ ᠭᠡᠯᠪᠡᠷᠢ ᠶᠢᠨ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠶᠢ ᠡᠷᠭᠢᠯᠡᠵᠦ᠂ ᠵᠢᠯ ᠤᠨ ᠳᠣᠲᠣᠷ᠎ᠠ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ 10 ᠲᠠᠯᠠᠪᠤᠷ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠶᠢ 12 ᠬᠤᠭᠤᠴᠠᠭ᠎ᠠ ᠡᠷᠭᠢᠯᠡᠵᠦ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠡᠯᠰᠡᠬᠦ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠲᠥᠯᠥᠪᠯᠡᠵᠦ | ᠪᠠᠶᠢᠨ᠎ᠠ︾ ᠭᠡᠵᠦ ᠺᠠᠶᠢᠯᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠭᠢᠯᠡᠭᠴᠢ ᠯᠢ ᠰᠢᠶᠣᠣ | ᠹᠧᠩ ᠶᠠᠷᠢᠵᠤ ᠪᠠᠶᠢᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠺᠠᠶᠢᠯᠤ ᠰᠢᠶᠠᠨ ᠠᠵᠢᠯ ᠣᠯᠭᠤᠯᠲᠠ ᠶᠢ ᠠᠬᠢᠭᠤᠯᠬᠤ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ | ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠬᠥᠳᠡᠯᠮᠦᠷᠢᠴᠢᠳ ᠲᠤ ᠨᠡᠩ ᠤᠯᠠᠨ ᠠᠵᠢᠯ ᠤᠨ ᠪᠠᠶᠢᠷᠢ ᠬᠠᠩᠭᠠᠵᠠᠢ᠃ 2024 ᠣᠨ ᠳᠤ᠂ | ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ ᠨᠡᠶᠢᠲᠡ 23 ᠲᠠᠯᠡᠪᠡᠢ ᠡᠷᠭᠢᠯᠡᠵᠦ᠂ ᠠᠵᠢᠯᠲᠠᠨ ᠠᠵᠢᠯᠴᠢᠨ ᠡᠯᠰᠡᠬᠦ ᠠᠵᠢᠯ ᠤᠨ ᠪᠠᠶᠢᠷᠢ ᠶᠢ 3900 ᠭᠠᠷᠤᠢ ︵ | ᠤᠳᠠᠭ᠎ᠠ︶ ᠬᠠᠩᠭᠠᠵᠤ᠂ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠨ ᠤᠬᠠᠭᠤᠯᠭ᠎ᠠ ᠶᠢᠨ | ᠭᠠᠷ ᠳᠡᠪᠲᠡᠷ ᠢ 2000 ᠭᠠᠷᠤᠢ ᠬᠠᠭᠤᠳᠠᠰᠤ ᠲᠠᠷᠬᠠᠭᠠᠵᠠᠢ᠃ ᠬᠤᠲᠠ ᠪᠠᠯᠭᠠᠰᠤ ᠶᠢᠨ 1212 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ | ᠣᠷᠣᠨ ᠤ ᠮᠠᠯᠴᠢᠨ ᠲᠠᠷᠢᠶᠠᠴᠢᠳ ᠢ 7.41 ᠲᠦᠮᠡᠨ ᠬᠥᠮᠥᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ | ᠡᠨᠡ ᠵᠢᠯ᠂ ᠺᠠᠶᠢᠯᠤ ᠰᠢᠶᠠᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠪᠦᠯᠭᠦᠮ | ᠨᠡᠶᠢᠳᠡ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠨᠡᠩ ᠤᠯᠠᠨ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ᠂ ᠠᠵᠢᠯ ᠡᠷᠢᠭᠰᠡᠳ | ᠪᠠ ᠬᠥᠮᠥᠨ ᠬᠡᠷᠡᠭᠯᠡᠬᠦ ᠨᠢᠭᠡᠴᠢ ᠳᠤ ᠨᠡᠩ ᠥᠨᠳᠥᠷ ᠪᠦᠲᠦᠮᠵᠢᠲᠡᠢ᠂ ᠨᠡᠩ ᠳᠥᠭᠦᠮ ᠳᠥᠲᠡ ᠵᠣᠯᠭᠠᠭᠤᠯᠬᠤ ᠲᠠᠪᠴᠠᠩ ᠢ ᠪᠠᠶᠢᠭᠤᠯᠵᠤ ᠥᠭᠬᠦ ᠪᠣᠯᠣᠨ᠎ᠠ᠃ | ︵ᠯᠢᠦᠢ ᡁᠢ ᠮᠢᠨ ᠸᠠᠩ ᠱᠤᠸᠠᠢ ᠭᠤᠸ ᠮᠦᠸᠧ ᠬᠠᠨ︶ |