ᠴᠢ᠊ · ᠳᠠᠯᠠᠨᠲᠠᠢ ᠲᠡᠭᠦᠨ ᠤ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/24
      3 ᠳ᠋ᠤᠭᠠᠷ ᠰᠠᠷ᠎ᠠ ᠶᠢᠨ 18 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠡᠩ ᠤᠨ ᠨᠠᠮ ᠤᠨ ᠭᠡᠰᠢᠭᠦᠨ ᠤ ᠬᠤᠪᠢ ᠪᠠᠷ ᠲᠡᠭᠦᠨ ᠤ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠬᠤᠶᠠᠳᠤᠭᠠᠷ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠡᠭᠦᠷ ᠤᠨ ᠵᠥᠪᠯᠡᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠨᠠᠮ ᠤᠨ ᠭᠡᠰᠢᠭᠦᠳ ᠨᠠᠷᠢᠨ ᠬᠢᠨᠠᠮᠠᠭᠠᠢ ᠪᠠᠶᠢᠴᠠᠭᠠᠨ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃      ᠴᠢ᠊ · ᠳᠠᠯᠠᠨᠲᠠᠢ᠂ ᠣᠯᠠᠨ ᠢᠶᠠᠷ ᠢᠶᠠᠨ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡ ᠶᠢ ᠳᠠᠭᠠᠭᠤᠯᠬᠤ︾ ᠶᠢᠨ ᠲᠣᠭᠤᠷᠢᠨ ᠳᠤ ᠠᠰᠠᠭᠤᠳᠠᠯ ᠢ ᠪᠠᠶᠢᠴᠠᠭᠠᠨ ᠳᠡᠯᠭᠡᠵᠦ ᠦᠨᠡᠨ ᠠᠴᠠ ᠵᠥᠪ ᠢ ᠡᠷᠢᠵᠦ᠂ ᠰᠢᠯᠲᠠᠭᠠᠨ ᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠳᠣᠷᠬᠠᠶ ᠪᠣᠳᠠᠲᠠᠶ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ ᠨᠠᠮ ᠤᠨ ᠡᠭᠦᠷ ᠤᠨ ᠤᠯᠤᠰ ᠲᠦᠷᠦ ᠶᠢᠨ ᠴᠢᠳᠠᠪᠬᠢ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷ ᠡᠪ ᠬᠠᠮᠲᠤ ᠨᠠᠮ ᠤᠨ ᠭᠡᠰᠢᠭᠦᠨ ᠤ ᠨᠢᠭᠡᠳᠦᠭᠡᠷ ᠪᠡᠶ᠎ᠡ ᠶᠢᠨ ᠭᠠᠷᠤᠯ ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢ ᠨᠢᠭᠲᠠᠷᠠᠭᠤᠯᠵᠤ ᠰᠦᠭ ᠰᠦᠯᠳᠡ ᠪᠠᠨ ᠱᠤᠭᠤᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠦᠷᠢᠮ ᠨᠠᠮ ᠤᠨ ᠲᠣᠭᠲᠠᠭᠠᠯ ᠪᠣᠯᠤᠨ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠣᠭᠲᠠᠭᠠᠯ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠠᠮ ᠤᠨ ᠡᠭᠦᠷ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠢᠭᠲᠠ ᠠᠴᠠ ᠨᠢᠭᠲᠠ ᠪᠠᠶᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ︽ᠭᠤᠷᠪᠠᠨ ᠦᠢᠯᠡᠴᠢᠯᠡᠭᠡ︾ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠠᠮ ᠤᠨ ᠡᠭᠦᠷ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠶᠦᠩ ᠣᠷᠣᠯᠴᠠᠵᠠᠶ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ