3 ᠳ᠋ᠤᠭᠠᠷ ᠰᠠᠷ᠎ᠠ ᠶᠢᠨ 19 ᠳᠤ᠂ ᠪᠦᠬᠦ ᠬᠤᠳᠠ ᠶᠢᠨ ᠠᠷᠠᠳᠴᠢᠯᠠᠭᠰᠠᠨ ᠨᠠᠮ ᠪᠦᠯᠦᠭ ᠤᠨ ᠠᠵᠢᠯ ᠤᠨ ᠶᠠᠷᠢᠯᠴᠠᠬᠤ ᠬᠤᠷᠠᠯ ᠵᠢᠴᠢ ᠣᠨ ᠤ | ᠭᠤᠣᠯᠳᠠᠯᠭ᠎ᠠ ᠲᠠᠢ ᠰᠡᠳᠦᠪ ᠢ ᠪᠠᠶᠢᠴᠠᠭᠠᠨ ᠰᠤᠳᠤᠯᠵᠤ ᠵᠥᠪᠳᠡᠯᠴᠡᠬᠦ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠪᠠᠶ ᠬᠤᠩ ᠮᠧᠶ᠂ ᠵᠦ ᠷᠦᠢ ᠯᠢᠶᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠷᠭᠡᠨ ᠣᠯᠠᠨ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠨᠡᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠣᠣᠱᠯᠠᠭᠤᠯᠵᠤ᠂ | ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ ᠤᠯᠤᠰ ᠲᠥᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠤ | ᠦᠵᠡᠯ ᠰᠠᠨᠠᠭᠠᠨ ᠤ ᠬᠥᠮᠦᠵᠢᠯ ᠤᠨ ᠬᠥᠲᠥᠯᠥᠨ ᠳᠠᠭᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠨᠢᠨ ᠳᠡᠭᠡᠷ᠎ᠡ ᠨᠢ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠵᠤ᠂ ᠵᠠᠰᠠᠭ ᠤᠨ ᠶᠠᠪᠤᠳᠠᠯ ᠳᠤ ᠣᠷᠣᠯᠴᠠᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠰᠣᠯᠢᠯᠴᠠᠭᠠᠨ ᠤ ᠠᠷᠭ᠎ᠠ ᠵᠠᠮ ᠢᠶᠠᠨ ᠥᠷᠭᠡᠳᠬᠡᠵᠦ᠂ ᠣᠳᠣᠬᠢᠴᠢᠯᠠᠭᠰᠠᠨ ᠲᠦᠩᠯᠢᠶᠣᠤ ᠶᠢᠨ ᠪᠦᠳᠦᠭᠡᠨ ᠪᠠᠶᠢᠭᠤᠯᠤᠯᠲᠠ ᠳᠤ | ᠠᠷᠠᠳᠴᠢᠯᠠᠭᠰᠠᠨ ᠨᠠᠮ ᠪᠦᠯᠦᠭ ᠤᠨ ᠬᠦᠴᠦᠨ ᠢ ᠡᠷᠭᠦᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ | ᠣᠷᠣᠯᠴᠠᠬᠤ ᠨᠠᠮ ᠤᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠴᠢᠳᠠᠪᠤᠷᠢᠲᠠᠨ ᠢ | ᠨᠥᠭᠡᠴᠡᠯᠡᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ︔ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠬᠠᠰᠢᠯᠭ᠎ᠠ ᠶᠢ ᠪᠠᠬᠢᠵᠢᠭᠦᠯᠵᠦ᠂ ᠠᠷᠠᠳᠴᠢᠯᠠᠭᠰᠠᠨ ᠨᠠᠮ | ᠪᠦᠯᠦᠭ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |