︵1992 ᠣᠨ ᠤ 4 ᠰᠠᠷ᠎ᠠ ᠶᠢᠨ 3 ᠤ ᠡᠳᠦᠷ ᠳᠣᠯᠣᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠳᠠᠪᠣᠳᠣᠭᠠᠷ ᠬᠤᠷᠠᠯ ᠠᠴᠠ ᠪᠠᠳᠣᠯᠠᠪᠠ 2009 ᠣᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠣᠭᠠᠷ ᠬᠤᠷᠠᠯ ᠤᠨ ︽ᠬᠡᠰᠡᠭ ᠬᠠᠣᠯᠢ ᠴᠠᠭᠠᠵᠠ ᠳᠤ ᠵᠠᠰᠠᠪᠣᠷᠢ ᠣᠷᠣᠭᠤᠯᠬᠤ ᠳᠣᠬᠠᠢ | ᠳᠣᠭᠳᠠᠭᠠᠯ︾ ᠢ ᠦᠨᠳᠦᠰᠦᠯᠡᠨ ᠠᠩᠬ᠎ᠠ ᠣᠳᠠᠭ᠎ᠠ ᠵᠠᠰᠠᠪᠣᠷᠢ ᠣᠷᠣᠭᠤᠯᠪᠠ 2010 ᠣᠨ ᠤ 10 ᠰᠠᠷ᠎ᠠ ᠶᠢᠨ 28 ᠤ ᠡᠳᠦᠷ ᠤᠨ ᠠᠷᠪᠠᠨ ᠨᠢᠭᠡᠳᠦᠭᠡᠷ | ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠣᠭᠠᠷ ᠬᠤᠷᠠᠯ ᠤᠨ | ︽︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ | ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ | ᠦᠨᠳᠦᠰᠦᠯᠡᠨ ᠬᠤᠶᠠᠳᠠᠬᠢ ᠣᠳᠠᠭ᠎ᠠ ᠵᠠᠰᠠᠪᠣᠷᠢ ᠣᠷᠣᠭᠤᠯᠪᠠ 2015 ᠣᠨ ᠤ 8 ᠰᠠᠷ᠎ᠠ ᠶᠢᠨ 29 ᠤ ᠡᠳᠦᠷ ᠤᠨ ᠠᠷᠪᠠᠨ ᠬᠤᠶᠠᠳᠣᠭᠠᠷ ᠬᠤᠭᠤᠴᠠᠭᠠᠨ ᠤ ᠪᠦᠬᠦ | ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠣᠭᠠᠷ ᠬᠤᠷᠠᠯ ᠤᠨ ︽︿ᠪᠦᠭᠦᠳᠡ ᠨᠠᠶᠢᠷᠠᠮᠳᠠᠬᠤ | ᠳᠣᠮᠳᠠᠳᠣ ᠠᠷᠠᠳ ᠣᠯᠣᠰ ᠤᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠡᠯ᠎ᠡ ᠱᠠᠳᠣᠨ ᠤ ᠠᠷᠠᠳ ᠤᠨ | ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠣᠯᠢ﹀᠂ ︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ | ᠬᠠᠣᠯᠢ﹀᠂ ︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ | ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ | ᠳᠣᠭᠳᠠᠭᠠᠯ︾ ᠢ ᠦᠨᠳᠦᠰᠦᠯᠡᠨ ᠭᠤᠷᠪᠠᠳᠠᠬᠢ ᠣᠳᠠᠭ᠎ᠠ ᠵᠠᠰᠠᠪᠣᠷᠢ ᠣᠷᠣᠭᠤᠯᠪᠠ 2025 ᠣᠨ ᠤ 3 ᠰᠠᠷ᠎ᠠ ᠶᠢᠨ 11 ᠤ ᠡᠳᠦᠷ ᠠᠷᠪᠠᠨ ᠳᠦᠷᠪᠡᠳᠦᠭᠡᠷ | ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ︿ᠪᠦᠭᠦᠳᠡ ᠨᠠᠶᠢᠷᠠᠮᠳᠠᠬᠤ ᠳᠣᠮᠳᠠᠳᠣ | ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ ᠦᠨᠳᠦᠰᠦᠯᠡᠨ ᠳᠦᠷᠪᠡᠳᠡᠬᠢ | ᠣᠳᠠᠭ᠎ᠠ ᠵᠠᠰᠠᠪᠣᠷᠢ ᠣᠷᠣᠭᠤᠯᠪᠠ︶ | ᠭᠠᠷᠴᠠᠭ | ᠨᠢᠭᠡᠳᠦᠭᠡᠷ ᠪᠦᠯᠦᠭ ᠶᠡᠷᠦᠩᠭᠡᠢ ᠲᠦᠷᠢᠮ | ᠬᠤᠶᠡᠳᠦᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠠᠬᠢ | ᠠᠵᠢᠯ | ᠭᠤᠷᠪᠠᠳᠤᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ | ᠬᠤᠭᠤᠴᠠᠭᠠᠨ ᠳᠠᠬᠢ ᠠᠵᠢᠯᠯᠠᠭ᠎ᠠ | ᠲᠦᠷᠪᠡᠳᠦᠭᠡᠷ ᠪᠦᠯᠦᠭ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠪᠠᠳᠤᠯᠠᠬᠤ | ᠲᠠᠪᠤᠳᠤᠭᠠᠷ ᠪᠦᠯᠦᠭ ᠲᠦᠯᠦᠭᠡᠯᠡᠭᠴᠢ ᠳᠤ ᠬᠢᠨᠠᠯᠳᠡ ᠲᠠᠯᠪᠢᠬᠤ | ᠵᠢᠷᠭᠤᠳᠦᠭᠠᠷ ᠪᠦᠯᠦᠭ ᠲᠡᠭᠠᠯᠳᠦᠭᠤᠯᠦᠯ ᠲᠦᠷᠢᠮ | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠦᠯᠢ ᠶᠤᠰᠤᠭᠠᠷ ᠲᠦᠯᠦᠭᠡᠯᠡᠭᠴᠢ ᠶᠢᠨ ᠡᠷᠭᠡ ᠲᠤᠰᠢᠶᠡᠯ ᠢᠶᠠᠨ ᠬᠡᠷᠡᠭᠵᠢᠬᠦᠯᠵᠦ᠂ | ᠲᠦᠯᠦᠭᠡᠯᠡᠭᠴᠢ ᠶᠢᠨ ᠡᠬᠦᠷᠭᠡ ᠪᠠᠨ ᠬᠦᠢᠴᠡᠳᠭᠡᠵᠦ᠂ ᠲᠥᠯᠦᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠪᠠᠳᠤᠯᠠᠬᠤ ᠶᠢᠨ ᠲᠦᠯᠦᠭᠡ᠂ ᠦᠨᠳᠤᠰᠤᠨ | ᠬᠠᠦᠯᠢ ᠶᠢ ᠦᠨᠳᠦᠰᠦᠯᠡᠵᠦ᠂ ᠲᠤᠰ ᠬᠠᠦᠯᠢ ᠶᠢ ᠲᠤᠬᠳᠠᠭᠠᠪᠠ᠃ | ᠬᠤᠶᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠰᠣᠩᠭᠤᠵᠤ ᠭᠠᠷᠭᠠᠨ᠎ᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠲᠦᠷᠦ ᠶᠢᠨ ᠳᠡᠭᠡᠳᠦ ᠡᠷᠬᠡᠲᠦ ᠪᠠᠶᠢᠭᠤᠯᠭ᠎ᠠ ᠶᠢᠨ | ᠪᠦᠷᠢᠯᠳᠦᠬᠦᠨ ᠮᠥᠨ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠣᠷᠣᠨ ᠨᠤᠲᠤᠭ ᠤᠨ | ᠡᠯ᠎ᠡ ᠱᠠᠲᠤᠨ ᠤ ᠲᠦᠷᠦ ᠶᠢᠨ ᠡᠷᠬᠡᠲᠦ ᠪᠠᠶᠢᠭᠤᠯᠭ᠎ᠠ ᠶᠢᠨ ᠪᠦᠷᠢᠯᠳᠦᠬᠦᠨ ᠮᠥᠨ᠃ | ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢ ᠶᠢᠨ ᠬᠤᠭᠤᠴᠠᠭ᠎ᠠ ᠪᠦᠷᠢ ᠶᠢᠨ ᠳᠤᠰᠢᠶᠠᠯ ᠤᠨ ᠬᠤᠭᠤᠴᠠᠭ᠎ᠠ ᠨᠢ ᠳᠠᠪᠤᠨ ᠵᠢᠯ᠂ ᠡᠨᠡ ᠨᠢ ᠬᠤᠭᠤᠴᠠᠭ᠎ᠠ ᠪᠦᠷᠢ ᠶᠢᠨ ᠲᠤᠰ | ᠱᠠᠳᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠩᠬᠠᠳᠤᠭᠠᠷ ᠬᠤᠷᠠᠯ ᠬᠤᠷᠠᠯᠳᠤᠭᠤᠯᠬᠤ ᠠᠴᠠ ᠡᠬᠢᠯᠡᠨ ᠳᠠᠷᠠᠭᠠᠴᠢ ᠶᠢᠨ ᠬᠤᠭᠤᠴᠠᠭᠠᠨ ᠤ ᠲᠤᠰ | ᠱᠠᠲᠦᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠩᠬᠠᠳᠤᠭᠠᠷ ᠬᠤᠷᠠᠯ ᠢ ᠬᠤᠷᠠᠯᠳᠤᠭᠤᠯᠬᠤ ᠬᠦᠷᠳᠡᠯᠡᠬᠢ ᠴᠠᠭ ᠪᠤᠯᠤᠨ᠎ᠠ᠃ | ᠭᠤᠷᠪᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠯᠧᠨᠢᠨ ᠤ | ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠤᠨ ᠶᠤᠰᠤᠭᠠᠷ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠵᠢᠷᠤᠮᠯᠠᠵᠤ᠂ ᠲᠥᠷᠥ ᠶᠢᠨ | ᠡᠷᠬᠡ ᠶᠢ ᠬᠡᠷᠡᠭᠵᠢᠭᠦᠯᠬᠦ ᠳᠤ ᠣᠷᠣᠯᠴᠠᠬᠤ ᠬᠡᠷᠡᠭᠲᠠᠢ᠃ | ᠳᠥᠷᠪᠡᠳᠦᠭᠡᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ | ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠬᠤ ᠶᠢ ᠥᠪᠡᠷ ᠤᠨ ᠢᠶᠠᠨ ᠡᠭᠦᠷᠭᠡ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ᠂ | ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠭᠡᠬᠦ᠂ ᠠᠷᠠᠳᠴᠢᠯᠠᠯ ᠢ ᠪᠠᠳᠠᠷᠠᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ | ᠭᠦᠢᠴᠡᠳᠭᠡᠬᠦ ᠶᠢ ᠪᠡᠶᠠᠯᠡᠭᠦᠯᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ ᠪᠠᠶᠢᠭᠤᠯᠭ᠎ᠠ᠂ ᠠᠷᠠᠳ ᠲᠦᠮᠡᠨ ᠤ ᠡᠵᠡᠨ | ᠰᠠᠭᠤᠵᠤ ᠡᠷᠬᠡ ᠮᠡᠳᠡᠬᠦ ᠶᠢ ᠪᠠᠲᠤᠯᠠᠬᠤ ᠲᠦᠷᠦ ᠶᠢᠨ ᠡᠷᠬᠡᠲᠦ ᠪᠠᠶᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ | ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ᠂ ᠢᠮᠠᠬᠲᠠ ᠠᠷᠠᠳ ᠤᠯᠠᠨ ᠯᠤᠭ᠎ᠠ ᠨᠢᠭᠲᠠ ᠬᠠᠷᠢᠯᠴᠠᠭ᠎ᠠ ᠪᠠᠨ ᠪᠠᠳᠤᠯᠠᠬᠤ | ᠲᠦᠯᠦᠭᠡᠯᠡᠬᠦ ᠪᠠᠶᠢᠭᠤᠯᠭ᠎ᠠ ᠪᠤᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ᠃ | ᠲᠠᠪᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠬᠦᠯᠵᠦ᠂ ᠢᠮᠠᠭᠲᠠ ᠠᠷᠠᠳ ᠣᠯᠠᠨ ᠯᠤᠭ᠎ᠠ ᠨᠢᠭᠲᠠ ᠬᠠᠷᠢᠯᠴᠠᠭ᠎ᠠ ᠪᠠᠨ ᠪᠠᠳᠤᠯᠠᠠ᠂ ᠠᠷᠠᠳ ᠲᠦᠮᠡᠨ ᠤ ᠠᠰᠢᠭ ᠲᠤᠰᠠ ᠪᠠ ᠵᠣᠷᠢᠭ | ᠰᠠᠨᠠᠭ᠎ᠠ ᠶᠢ ᠦᠨᠡᠨᠴᠢ ᠰᠢᠳᠤᠷᠭᠤ ᠪᠠᠷ ᠲᠥᠯᠥᠭᠡᠯᠡᠵᠦ᠂ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠠᠢ᠃ | ᠵᠢᠷᠭᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠪᠠ ᠨᠡᠷ᠎ᠡ ᠬᠦᠨᠳᠦ ᠶᠢ ᠬᠠᠮᠠᠭᠠᠯᠠᠨ᠂ | ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠭᠡᠷᠡᠭᠲᠠᠢ᠃ | ᠳᠤᠯᠤᠳᠤᠭᠠᠷ ᠵᠦᠢᠯ ᠲᠦᠯᠦᠭᠡᠯᠡᠭᠴᠢ ᠲᠤᠤᠷ᠎ᠠ ᠵᠢᠬᠰᠠᠭᠠᠬᠰᠠᠨ ᠡᠷᠭᠡ ᠶᠢ ᠡᠳ᠋ᠯᠡᠨ᠎ᠠ᠄ | ︵ᠨᠢᠭᠡ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠵᠦ᠂ ᠡᠯ᠎ᠠ ᠵᠦᠢᠯ ᠤᠨ ᠰᠠᠨᠠᠯ ᠵᠦᠪᠯᠡᠯᠭᠡ᠂ | ᠢᠯᠡᠳᠭᠡᠯ ᠮᠡᠳᠡᠬᠦᠯᠦᠯᠳᠡ ᠪᠠ ᠪᠤᠰᠤᠳ ᠵᠦᠪᠯᠡᠬᠦ ᠰᠡᠳᠦᠪ ᠤᠳ ᠢ ᠬᠢᠨᠠᠨ ᠶᠠᠷᠢᠯᠴᠠᠬᠤ ᠳᠤ ᠤᠷᠤᠯᠴᠠᠵᠦ ᠰᠠᠨᠠᠯ ᠢᠶᠠᠨ ᠢᠯᠡᠳᠭᠡᠨ᠎ᠠ︔ | ︵ᠬᠤᠶᠠᠷ︶ ᠬᠠᠦᠯᠢ ᠶᠤᠰᠤᠭᠠᠷ ᠰᠠᠨᠠᠯ ᠵᠦᠪᠯᠡᠯᠭᠡ᠂ ᠲᠤᠯᠭᠠᠨ ᠠᠰᠠᠭᠤᠬᠤ ᠵᠦᠪᠯᠡᠯᠭᠡ᠂ ᠤᠬᠴᠤᠷᠠᠭᠤᠯᠬᠤ ᠵᠦᠪᠯᠡᠯᠭᠡ ᠵᠡᠷᠭᠡ ᠶᠢ ᠨᠡᠷ᠎ᠠ ᠬᠤᠯᠪᠤᠭᠠᠯᠠᠨ | ᠲᠤᠷᠠᠳᠤᠨ᠎ᠠ︔ | ︵ᠭᠤᠷᠪᠠ︶ ᠡᠯ᠎ᠠ ᠲᠠᠯ᠎ᠠ ᠶᠢᠨ ᠠᠵᠢᠯ ᠳᠤ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠤᠨ᠎ᠠ︔ | ︵ᠲᠦᠷᠪᠡ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠰᠤᠩᠭᠤᠭᠤᠯᠢ ᠳᠤ ᠤᠷᠤᠯᠴᠠᠨ᠎ᠠ︔ | ︵ᠲᠠᠪᠤ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠪᠠᠲᠤᠯᠠᠯᠲᠠ ᠳᠤ ᠤᠷᠤᠯᠴᠠᠨ᠎ᠠ︔ | ︵ᠵᠢᠷᠭᠤᠭ᠎ᠠ︶ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠨ᠎ᠠ︔ | ︵ᠲᠤᠯᠤᠭ᠎ᠠ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠱᠠᠭᠠᠷᠳᠠᠭᠳᠠᠬᠤ ᠮᠡᠳᠡᠭᠡ ᠵᠠᠩᠭᠢ ᠪᠠ ᠡᠯ᠎ᠡ ᠵᠦᠢᠯ ᠤᠨ | ᠪᠠᠲᠤᠯᠠᠭ᠎ᠠ ᠶᠢ ᠬᠦᠷᠳᠡᠨ᠎ᠡ︔ | ︵ᠨᠠᠢᠮᠠ︶ ᠬᠠᠤᠯᠢ ᠴᠠᠭᠠᠵᠠ ᠳᠤ ᠲᠤᠭᠲᠠᠭᠠᠭᠰᠠᠨ ᠪᠤᠰᠤᠳ ᠡᠷᠬᠡ᠃ | ᠨᠠᠢᠮᠠᠳᠤᠭᠠᠷ ᠵᠦᠢᠯ ᠲᠦᠯᠦᠭᠡᠯᠡᠭᠴᠢ ᠲᠤᠤᠷ᠎ᠠ ᠵᠢᠬᠰᠠᠭᠠᠬᠰᠠᠨ ᠡᠬᠦᠷᠭᠡ ᠶᠢ ᠬᠦᠢᠴᠡᠳᠭᠡᠬᠦ ᠬᠡᠷᠡᠭᠳᠠᠢ᠄ | ︵ᠨᠢᠭᠡ︶ ᠦᠨᠳᠤᠰᠤᠨ ᠬᠠᠦᠯᠢ ᠪᠠ ᠬᠠᠦᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠦ᠂ ᠤᠯᠤᠰ ᠤᠨ ᠨᠢᠭᠤᠴᠠ ᠶᠢ ᠬᠠᠮᠠᠭᠠᠯᠠᠵᠦ᠂ ᠦᠪᠡᠷ ᠤᠨ | ᠤᠷᠤᠯᠴᠠᠵᠦ ᠪᠠᠶᠢᠭ᠎ᠠ ᠦᠢᠯᠡᠳᠪᠤᠷᠢᠯᠡᠯ᠂ ᠠᠵᠢᠯ ᠪᠠ ᠨᠠᠶᠢᠭᠡᠮ ᠤᠨ ᠠᠵᠢᠯᠯᠠᠭ᠎ᠠ ᠶᠢᠨ ᠲᠤᠮᠳᠠ᠂ ᠦᠨᠳᠤᠰᠤᠨ ᠬᠠᠦᠯᠢ ᠪᠠ ᠬᠠᠦᠯᠢ ᠴᠠᠭᠠᠵᠠ ᠶᠢ ᠬᠡᠷᠡᠭᠵᠢᠬᠦᠯᠬᠦ | ᠶᠠᠪᠤᠳᠡᠯ ᠳᠤ ᠬᠠᠮᠵᠢᠯᠴᠠᠨ᠎ᠠ︔ | ︵ᠬᠤᠶᠠᠷ︶ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠴᠠᠭ ᠲᠠᠭᠠᠨ ᠣᠷᠣᠯᠴᠠᠵᠤ᠂ ᠡᠯ᠎ᠡ ᠵᠦᠢᠯ ᠤᠨ | ᠰᠠᠨᠠᠯ ᠵᠥᠪᠯᠡᠯᠭᠡ᠂ ᠢᠯᠡᠳᠭᠡᠯ ᠮᠡᠳᠡᠬᠦᠯᠦᠯᠳᠡ ᠪᠠ ᠪᠤᠰᠤᠳ ᠵᠥᠪᠯᠡᠬᠦ ᠰᠡᠳᠦᠪ ᠢ ᠬᠢᠨᠠᠮᠠᠭᠠᠶ ᠬᠢᠨᠠᠨ ᠵᠦᠪᠯᠡᠵᠦ᠂ ᠰᠠᠨᠠᠯ ᠢᠶᠠᠨ ᠢᠯᠡᠳᠭᠡᠨ᠂ ᠰᠣᠩᠭᠤᠭᠤᠯᠢ ᠪᠠ | ᠪᠠᠲᠤᠯᠠᠯᠲᠠ ᠳᠤ ᠣᠷᠣᠯᠴᠠᠵᠤ᠂ ᠬᠤᠷᠠᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠤᠷᠠᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠰᠠᠶᠢᠲᠤᠷ | ᠬᠢᠨ᠎ᠡ︔ | ︵ᠭᠤᠷᠪᠠ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠷᠦᠭᠦᠯᠡᠨ ᠤᠬᠠᠭᠤᠯᠤᠨ | ᠲᠤᠭᠤᠰᠢᠯᠠᠭᠤᠯᠤᠨ᠎ᠠ︔ | ︵ᠳᠦᠷᠪᠡ︶ ᠨᠢᠭᠡᠳᠦᠯᠳᠠᠢ ᠵᠤᠬᠢᠶᠡᠨ ᠪᠠᠶᠢᠭᠤᠯᠤᠬᠰᠠᠨ ᠪᠠᠶᠢᠴᠠᠭᠠᠨ ᠦᠵᠡᠬᠦ᠂ ᠲᠤᠰᠬᠠᠢ ᠰᠡᠳᠦᠪᠳᠤ ᠪᠠᠶᠢᠴᠠᠭᠠᠨ ᠰᠤᠳᠤᠯᠤᠯᠳᠡ ᠬᠢᠬᠦ᠂ ᠬᠠᠦᠯᠢ | ᠬᠡᠷᠡᠭᠵᠢᠬᠦᠯᠦᠯᠳᠡ ᠶᠢᠨ ᠪᠠᠶᠢᠴᠠᠭᠠᠯᠳᠡ ᠬᠢᠬᠦ ᠵᠡᠷᠭᠡ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠳᠤ ᠢᠳᠡᠪᠬᠢᠳᠠᠢ ᠤᠷᠤᠯᠴᠠᠨ᠎ᠠ︔ | ︵ᠲᠠᠪᠤ︶ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠬᠦ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠡ ᠶᠢ ᠴᠢᠩᠭᠠᠳᠬᠠᠵᠦ᠂ ᠲᠤᠰᠢᠶᠡᠯ ᠢᠶᠠᠨ | ᠬᠦᠢᠴᠡᠳᠭᠡᠬᠦ ᠴᠢᠳᠠᠪᠤᠷᠢ ᠪᠠᠨ ᠲᠠᠰᠤᠷᠠᠯᠳᠡ ᠦᠭᠡᠢ ᠲᠡᠭᠡᠭᠰᠢᠯᠡᠬᠦᠯᠦᠨ᠎ᠠ︔ | ︵ᠵᠢᠷᠭᠤᠭ᠎ᠠ︶ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠪᠤᠯᠤᠨ ᠠᠷᠠᠳ ᠤᠯᠠᠨ ᠲᠠᠢ | ᠨᠢᠬᠳᠠ ᠬᠠᠷᠢᠯᠴᠠᠵᠦ᠂ ᠲᠡᠳᠡᠨ ᠤ ᠰᠠᠨᠠᠯ ᠱᠠᠭᠠᠷᠳᠠᠯᠭ᠎ᠠ ᠶᠢ ᠰᠤᠨᠤᠰᠤᠨ ᠲᠤᠰᠠᠬᠵᠦ᠂ ᠠᠷᠠᠳ ᠲᠦᠮᠡᠨ ᠳᠤ ᠴᠢᠷᠮᠠᠶᠢᠨ ᠦᠢᠯᠡᠴᠢᠯᠡᠨ᠎ᠠ︔ | ︵ᠳᠤᠯᠤᠭ᠎ᠠ︶ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠲᠦᠷᠦᠭᠦᠯᠡᠨ ᠦᠢᠯᠡᠳᠦᠯᠭᠡᠵᠢᠭᠦᠯᠵᠤ᠂ ᠳᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠪᠠᠲᠦ ᠴᠤᠭᠴᠠᠯᠠᠵᠤ᠂ ᠨᠠᠶᠢᠭᠡᠮ ᠨᠠᠶᠢᠳᠡ ᠶᠢᠨ ᠶᠤᠰᠤ ᠮᠤᠷᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠦ᠂ ᠠᠷᠢᠭᠤᠨ | ᠴᠢᠭᠡᠴᠢ ᠪᠠᠷ ᠪᠡᠶ᠎ᠠ ᠪᠠᠨ ᠪᠠᠷᠢᠵᠦ᠂ ᠭᠤᠤᠯᠴᠢ ᠴᠢᠭᠡᠴᠢ ᠪᠠᠶᠢᠵᠦ᠂ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠨ᠎ᠠ︔ | ︵ᠨᠠᠢᠮᠠ︶ ᠬᠠᠦᠯᠢ ᠴᠠᠭᠠᠵᠠ ᠳᠤ ᠲᠤᠬᠳᠠᠭᠠᠬᠰᠠᠨ ᠪᠤᠰᠤᠳ ᠡᠬᠦᠷᠭᠡ᠃ | ᠶᠢᠰᠦᠳᠦᠭᠡᠷ ᠵᠦᠢᠯ ᠲᠦᠯᠦᠭᠡᠯᠡᠭᠴᠢ ᠶᠢᠨ ᠲᠤᠰ ᠬᠠᠦᠯᠢ ᠶᠢᠨ ᠲᠤᠬᠳᠠᠭᠠᠯ ᠶᠤᠰᠤᠭᠠᠷ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠷᠠᠯ ᠤᠨ ᠬᠤᠭᠤᠴᠠᠭᠠᠨ ᠳᠠᠬᠢ ᠠᠵᠢᠯ ᠪᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ | ᠬᠤᠭᠤᠴᠠᠭᠠᠨ ᠳᠤ ᠠᠵᠢᠯᠯᠠᠭ᠎ᠠ ᠬᠢᠬᠦ ᠨᠢ ᠴᠦᠮ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠵᠦ ᠪᠠᠶᠢᠭ᠎ᠠ ᠶᠠᠪᠤᠳᠡᠯ ᠪᠤᠯᠤᠨ᠎ᠠ᠃ | ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠠᠪᠤᠳᠡᠯ ᠳᠤ ᠤᠯᠤᠰ ᠪᠤᠯᠤᠨ ᠨᠠᠶᠢᠭᠡᠮ ᠠᠴᠠ ᠪᠠᠳᠤᠯᠠᠭ᠎ᠠ ᠬᠠᠨᠭ᠍ᠭᠠᠨ᠎ᠠ᠃ | ᠲᠦᠯᠦᠭᠡᠯᠡᠭᠴᠢ ᠲᠤᠰ ᠲᠤᠰ ᠤᠨ ᠬᠢᠵᠦ ᠪᠠᠶᠢᠭ᠎ᠠ ᠦᠢᠯᠡᠳᠪᠤᠷᠢᠯᠡᠯ ᠪᠠ ᠠᠵᠢᠯ ᠠᠴᠠ ᠪᠠᠨ ᠰᠠᠯᠬᠤ ᠦᠭᠡᠢ᠃ ᠲᠦᠯᠦᠭᠡᠯᠡᠭᠴᠢ ᠲᠤᠰ ᠱᠠᠳᠤᠨ ᠤ ᠪᠠᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠵᠦ᠂ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠨᠢᠭᠡᠳᠦᠯᠳᠠᠢ ᠵᠤᠬᠢᠶᠡᠨ | ᠪᠠᠶᠢᠭᠤᠯᠤᠬᠰᠠᠨ ᠲᠤᠰᠢᠶᠡᠯ ᠬᠠᠷᠢᠭᠤᠴᠠᠯᠭ᠎ᠠ ᠬᠦᠢᠴᠡᠳᠭᠡᠬᠦ ᠠᠵᠢᠯᠯᠠᠭ᠎ᠠ ᠳᠤ ᠤᠷᠤᠯᠴᠠᠬᠤ ᠳᠠᠭᠠᠨ ᠲᠤᠰ ᠬᠦᠮᠦᠨ ᠤ ᠦᠢᠯᠡᠳᠪᠤᠷᠢᠯᠡᠯ ᠪᠠ ᠠᠵᠢᠯ ᠢᠶᠠᠨ ᠰᠠᠶᠢᠳᠤᠷ | ᠲᠤᠬᠢᠷᠠᠭᠤᠯᠵᠦ᠂ ᠲᠦᠯᠦᠭᠡᠯᠡᠭᠴᠢ ᠶᠢᠨ ᠲᠤᠰᠢᠶᠡᠯ ᠢᠶᠠᠨ ᠤᠷᠢᠳ ᠢᠶᠠᠷ ᠬᠦᠢᠴᠡᠳᠭᠡᠬᠦ ᠬᠡᠷᠡᠭᠳᠠᠢ᠃ | ᠠᠷᠪᠠᠳᠤᠭᠠᠷ ᠵᠦᠢᠯ ᠲᠦᠯᠦᠭᠡᠯᠡᠭᠴᠢ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ | ᠨᠢᠭᠡᠴᠢ ᠶᠢᠨ ᠢᠶᠠᠨ ᠬᠢᠨᠠᠯᠳᠡ ᠶᠢ ᠬᠦᠯᠢᠶᠠᠨ᠎ᠠ᠃ | ᠠᠷᠪᠠᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ | ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠲᠥᠯᠥᠭᠡᠯᠡᠭᠴᠢ ᠶᠢᠨ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠶᠢ | ᠪᠠᠶᠠᠯᠢᠬᠵᠢᠭᠤᠯᠵᠤ᠂ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠨ ᠪᠠᠲᠤᠯᠠᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ | ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠡᠯ᠎ᠡ ᠲᠠᠯ᠎ᠠ ᠶᠢᠨ ᠠᠵᠢᠯ ᠢᠶᠠᠨ | ᠴᠢᠩᠭᠠᠳᠬᠠᠨ ᠰᠠᠶᠢᠵᠢᠷᠠᠭᠤᠯᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠲᠥᠯᠥᠭᠡᠯᠡᠭᠴᠢ ᠶᠢᠨ ᠠᠵᠢᠯ ᠤᠨ ᠵᠦᠪᠯᠡᠯ ᠪᠠᠶᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠪᠣᠯᠭᠠᠨ᠎ᠠ᠃ | ᠬᠤᠶᠡᠳᠦᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠠᠬᠢ | ᠠᠵᠢᠯ | ᠠᠷᠪᠠᠨ ᠭᠤᠷᠪᠠᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠴᠠᠭ ᠲᠠᠭᠠᠨ | ᠤᠷᠤᠯᠴᠠᠬᠤ ᠬᠡᠷᠡᠭᠳᠠᠢ᠃ ᠲᠦᠯᠦᠭᠡᠯᠡᠭᠴᠢ ᠡᠷᠡᠬᠦᠯ ᠮᠠᠨᠳᠦ ᠵᠡᠷᠭᠡ ᠤᠨᠴᠠᠭᠠᠢ ᠰᠢᠯᠳᠠᠭᠠᠨ ᠠᠴᠠ ᠪᠤᠯᠵᠤ ᠬᠤᠷᠠᠯ ᠳᠤ ᠤᠷᠤᠯᠴᠠᠵᠦ ᠴᠢᠳᠠᠬᠤ ᠦᠭᠡᠢ ᠪᠠᠶᠢᠪᠠᠯ᠂ | ᠲᠤᠬᠳᠠᠭᠠᠯ ᠶᠤᠰᠤᠭᠠᠷ ᠴᠢᠯᠦᠭᠡ ᠭᠤᠶᠤᠬᠤ ᠬᠡᠷᠡᠭᠳᠠᠢ᠃ | ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠣᠷᠣᠯᠴᠠᠬᠤ ᠠᠴᠠ ᠡᠮᠦᠨ᠎ᠡ᠂ ᠤᠯᠠᠨ ᠵᠦᠢᠯ | ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠳ ᠤᠯᠠᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠲᠣᠬᠢᠷᠠᠭᠤᠯᠤᠯᠲᠠ ᠶᠢ ᠦᠨᠳᠦᠰᠦᠯᠡᠨ ᠬᠤᠷᠠᠯ ᠳᠤ | ᠳᠡᠪᠰᠢᠭᠦᠯᠵᠦ ᠬᠢᠨᠠᠨ ᠵᠦᠪᠯᠡᠭᠦᠯᠬᠦ ᠪᠠᠷ ᠪᠠᠶᠢᠭ᠎ᠠ ᠰᠠᠨᠠᠯ ᠵᠥᠪᠯᠡᠯᠭᠡ ᠪᠠ ᠢᠯᠡᠳᠭᠡᠯ ᠮᠡᠳᠡᠬᠦᠯᠦᠯᠳᠡ ᠶᠢ ᠬᠢᠨᠠᠮᠠᠭᠠᠶ ᠰᠤᠳᠤᠯᠤᠨ ᠤᠩᠰᠢᠵᠤ᠂ ᠬᠤᠷᠠᠯ ᠤᠨ | ᠬᠤᠭᠤᠴᠠᠭᠠᠨ ᠳᠤ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠳᠤ ᠰᠠᠶᠢᠲᠤᠷ ᠪᠡᠯᠡᠳᠭᠡᠯ ᠬᠢᠬᠦ ᠬᠡᠷᠡᠭᠲᠡᠶ᠃ | ᠠᠷᠪᠠᠨ ᠲᠦᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠨᠢ ᠰᠣᠩᠭᠤᠭᠤᠯᠢ ᠶᠢᠨ ᠨᠢᠭᠡᠴᠢ᠂ ᠵᠠᠰᠠᠭ ᠵᠠᠬᠢᠷᠭᠠᠨ ᠤ ᠣᠷᠣᠨ ᠵᠡᠷᠭᠡ ᠪᠠᠷ ᠢᠶᠠᠨ ᠲᠥᠯᠥᠭᠡᠯᠡᠭᠴᠢᠳ ᠤᠨ ᠪᠦᠯᠬᠦᠮ ᠪᠠᠶᠢᠭᠤᠯᠤᠨ᠎ᠠ᠃ ᠰᠢᠶᠠᠩ᠂ | ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ | ᠲᠥᠯᠥᠭᠡᠯᠡᠭᠴᠢᠳ ᠤᠨ ᠪᠦᠯᠬᠦᠮ ᠪᠠᠶᠢᠭᠤᠯᠵᠤ ᠪᠣᠯᠤᠨ᠎ᠠ᠃ | ᠲᠥᠯᠥᠭᠡᠯᠡᠭᠴᠢ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ᠂ ᠲᠦᠯᠦᠭᠡᠯᠡᠭᠴᠢᠳ ᠤᠨ ᠪᠦᠯᠬᠦᠮ ᠤᠨ ᠵᠤᠬᠢᠶᠠᠨ ᠪᠠᠶᠢᠭᠤᠯᠬᠤ ᠪᠠ ᠲᠤᠬᠢᠷᠠᠭᠤᠯᠬᠤ ᠶᠢ | ᠦᠨᠳᠦᠰᠦᠯᠡᠨ᠂ ᠶᠡᠭᠡ ᠬᠤᠷᠠᠯ ᠤᠨ ᠪᠥᠬᠦᠳᠡ ᠬᠤᠷᠠᠯ᠂ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ᠂ ᠳᠤᠭᠤᠶᠢᠯᠠᠩ ᠤᠨ ᠬᠤᠷᠠᠯ ᠳᠤ ᠣᠷᠣᠯᠴᠠᠵᠤ᠂ | ᠬᠤᠷᠠᠯ ᠤᠨ ᠵᠥᠪᠯᠡᠬᠦ ᠵᠦᠢᠯ ᠳᠤ ᠣᠷᠣᠭᠤᠯᠤᠭᠰᠠᠨ ᠡᠯ᠎ᠡ ᠵᠦᠢᠯ ᠤᠨ ᠰᠠᠨᠠᠯ ᠵᠥᠪᠯᠡᠯᠭᠡ᠂ ᠢᠯᠡᠳᠭᠡᠯ ᠮᠡᠳᠡᠭᠦᠯᠦᠯᠳᠡ ᠪᠠ ᠪᠤᠰᠤᠳ ᠵᠥᠪᠯᠡᠬᠦ ᠰᠡᠳᠦᠪ ᠢ ᠬᠢᠨᠠᠨ | ᠶᠠᠷᠢᠯᠴᠠᠨ᠎ᠠ᠃ | ᠲᠦᠯᠦᠭᠡᠯᠡᠭᠴᠢ ᠲᠡᠷᠢᠬᠦᠯᠡᠭᠴᠢᠳ ᠤᠨ ᠪᠦᠯᠬᠦᠮ ᠤᠨ ᠬᠤᠷᠠᠯ᠂ ᠲᠤᠰᠬᠠᠢ ᠵᠦᠪᠯᠡᠯ ᠤᠨ ᠬᠤᠷᠠᠯ ᠳᠤ ᠰᠤᠩᠭᠤᠬᠳᠠᠬᠤ ᠪᠤᠶᠤ ᠤᠷᠢᠬᠳᠠᠨ ᠰᠤᠯᠠ ᠤᠷᠤᠯᠴᠠᠵᠦ᠂ | ᠰᠠᠨᠠᠯ ᠢᠶᠠᠨ ᠢᠯᠡᠳᠭᠡᠵᠦ ᠪᠤᠯᠤᠨ᠎ᠠ᠃ | ᠲᠦᠯᠦᠭᠡᠯᠡᠭᠴᠢ ᠬᠤᠷᠠᠯ ᠤᠨ ᠵᠦᠪᠯᠡᠬᠦ ᠰᠡᠳᠦᠪ ᠲᠠᠢ ᠤᠶᠠᠯᠳᠤᠭᠤᠯᠤᠨ ᠰᠠᠨᠠᠯ ᠢᠶᠠᠨ ᠢᠯᠡᠳᠭᠡᠵᠦ᠂ ᠬᠡᠷᠡᠭ ᠵᠦᠪᠯᠡᠬᠦ ᠲᠦᠷᠢᠮ ᠢ ᠵᠢᠷᠤᠮᠯᠠᠨ ᠰᠠᠬᠢᠬᠤ ᠬᠡᠷᠡᠭᠳᠠᠢ᠃ | | ᠠᠷᠪᠠᠨ ᠲᠠᠪᠤᠳᠤᠭᠠᠷ ᠵᠦᠢᠯ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠤᠨ ᠶᠤᠰᠤᠭᠠᠷ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠭᠡ ᠲᠤᠰᠢᠶᠡᠯ ᠤᠨ ᠬᠡᠪᠴᠢᠶᠡᠨ ᠳᠠᠬᠢ | ᠰᠠᠨᠠᠯ ᠵᠦᠪᠯᠡᠯᠭᠡ ᠶᠢ ᠲᠤᠷᠠᠳᠬᠤ ᠡᠷᠭᠡ ᠲᠠᠢ᠃ ᠰᠠᠨᠠᠯ ᠵᠦᠪᠯᠡᠯᠭᠡ ᠨᠢ ᠬᠡᠷᠡᠭ ᠤᠨ ᠰᠢᠯᠳᠠᠭᠠᠨ᠂ ᠬᠡᠷᠡᠭ ᠤᠨ ᠪᠠᠷᠢᠮᠳᠠ ᠪᠤᠯᠤᠨ ᠲᠦᠰᠦᠯ ᠲᠠᠢ ᠪᠠᠶᠢᠬᠤ ᠬᠡᠷᠡᠭᠳᠠᠢ᠃ | ᠲᠦᠯᠦᠭᠡᠯᠡᠭᠴᠢ ᠶᠢᠨ ᠬᠠᠦᠯᠢ ᠶᠤᠰᠤᠭᠠᠷ ᠲᠤᠷᠠᠳᠤᠬᠰᠠᠨ ᠰᠠᠨᠠᠯ ᠵᠦᠪᠯᠡᠯᠭᠡ ᠶᠢ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ ᠲᠤᠰ ᠱᠠᠳᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠠᠴᠠ ᠲᠤᠬᠳᠠᠭᠠᠨ᠎ᠠ᠂ ᠡᠰᠡᠬᠦᠯ᠎ᠠ ᠤᠷᠢᠳ ᠢᠶᠠᠷ ᠬᠤᠯᠪᠤᠭᠳᠡᠯ ᠪᠦᠬᠦᠢ | ᠲᠤᠰᠬᠠᠢ ᠵᠦᠪᠯᠡᠯ ᠳᠤ ᠲᠤᠰᠢᠶᠡᠨ ᠦᠭᠴᠦ ᠬᠢᠨᠠᠨ ᠵᠦᠪᠯᠡᠬᠦᠯᠦᠭᠡᠳ᠂ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠰᠠᠨᠠᠯ ᠭᠠᠷᠭᠠᠯᠭᠠᠬᠰᠠᠨ ᠤ ᠲᠠᠷᠠᠭ᠎ᠠ | ᠳᠠᠬᠢᠭᠠᠳ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ ᠲᠤᠬᠳᠠᠭᠠᠨ᠎ᠠ᠃ | ᠬᠤᠷᠠᠯ ᠤᠨ ᠵᠦᠪᠯᠡᠬᠦ ᠵᠦᠢᠯ ᠳᠤ ᠤᠷᠤᠭᠤᠯᠤᠬᠰᠠᠨ ᠰᠠᠨᠠᠯ ᠵᠦᠪᠯᠡᠯᠭᠡ ᠶᠢ ᠶᠡᠭᠡ ᠬᠤᠷᠠᠯ ᠳᠤ ᠲᠡᠪᠰᠢᠬᠦᠯᠵᠦ ᠪᠠᠲᠤᠯᠠᠭᠤᠯᠬᠤ ᠠᠴᠠ ᠡᠮᠦᠨ᠎ᠠ᠂ ᠰᠠᠨᠠᠯ | ᠵᠦᠪᠯᠡᠯᠭᠡ ᠲᠤᠷᠠᠳᠤᠬᠰᠠᠨ ᠲᠦᠯᠦᠭᠡᠯᠡᠭᠴᠢ ᠵᠦᠪᠯᠡᠯᠭᠡ ᠪᠠᠨ ᠪᠤᠴᠠᠭᠠᠵᠦ ᠠᠪᠬᠤ ᠪᠠᠷ ᠱᠠᠭᠠᠷᠳᠠᠬᠰᠠᠨ ᠪᠠᠶᠢᠪᠠᠯ᠂ ᠲᠡᠷᠢᠬᠦᠯᠡᠭᠴᠢᠳ ᠤᠨ ᠪᠦᠯᠬᠦᠮ ᠢᠶᠠᠷ | ᠵᠦᠪᠰᠢᠶᠡᠷᠡᠬᠦᠯᠦᠭᠡᠳ᠂ ᠬᠤᠷᠠᠯ ᠠᠴᠠ ᠲᠤᠰ ᠰᠠᠨᠠᠯ ᠵᠦᠪᠯᠡᠯᠭᠡ ᠶᠢ ᠬᠢᠨᠠᠨ ᠵᠦᠪᠯᠡᠬᠦ ᠪᠠᠨ ᠲᠠᠷᠨ ᠳᠠᠷᠤᠢ ᠳᠤᠨᠢ ᠵᠤᠭᠰᠤᠭᠠᠨ᠎ᠠ᠃ | ᠠᠷᠪᠠᠨ ᠵᠢᠷᠭᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠦᠨᠳᠤᠰᠤᠨ ᠬᠠᠦᠯᠢ ᠳᠤ | ᠲᠤᠬᠳᠠᠭᠠᠬᠰᠠᠨ ᠵᠢᠷᠤᠮ ᠶᠤᠰᠤᠭᠠᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠦᠨᠳᠤᠰᠤᠨ ᠬᠠᠦᠯᠢ ᠳᠤ ᠵᠠᠰᠠᠪᠤᠷᠢ ᠤᠷᠤᠭᠤᠯᠬᠤ | ᠰᠠᠨᠠᠯ ᠵᠦᠪᠯᠡᠯᠭᠡ ᠲᠤᠷᠠᠳᠬᠤ ᠡᠷᠭᠡ ᠲᠠᠢ᠃ | ᠠᠷᠪᠠᠨ ᠳᠤᠯᠤᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ | ᠰᠤᠩᠭᠤᠭᠤᠯᠢ ᠳᠤ ᠤᠷᠤᠯᠴᠠᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠡᠷᠢᠬᠦᠯᠡᠭᠴᠢᠳ ᠤᠨ ᠪᠦᠯᠬᠦᠮ ᠠᠴᠠ ᠨᠡᠷ᠎ᠠ ᠲᠤᠷᠠᠳᠤᠬᠰᠠᠨ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ ᠢᠶᠠᠷ ᠵᠢᠱᠢᠭᠳᠡᠭᠴᠢ᠂ ᠪᠦᠬᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠᠷ ᠵᠢᠱᠢᠭᠳᠡᠭᠴᠢ᠂ ᠲᠦᠪ ᠬᠤᠷᠢᠶ᠎ᠡ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ | ᠲᠡᠷᠢᠬᠦᠯᠡᠭᠴᠢ ᠪᠠᠷ ᠵᠢᠱᠢᠭᠳᠡᠭᠴᠢ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠵᠢᠱᠢᠭᠳᠡᠭᠴᠢ᠂ ᠠᠷᠠᠳ ᠤᠨ ᠲᠡᠭᠡᠳᠦ ᠰᠢᠬᠦᠬᠦ ᠬᠤᠷᠢᠶ᠎ᠠ ᠶᠢᠨ | ᠲᠠᠷᠤᠭ᠎ᠠ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠪᠠᠷ ᠵᠢᠱᠢᠭᠳᠡᠭᠴᠢ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠪᠦᠷᠢᠯᠳᠦᠬᠦᠨ ᠢᠶᠠᠷ ᠵᠢᠱᠢᠭᠳᠡᠭᠴᠢ ᠳᠤ ᠰᠠᠨᠠᠯ ᠲᠤᠷᠠᠳᠬᠤ ᠡᠷᠭᠡ ᠲᠠᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠡᠯ᠎ᠡ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠦᠷᠢᠯᠳᠦᠬᠦᠨ᠂ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠬᠥᠮᠦᠰ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠰᠢᠭᠦᠬᠦ ᠬᠤᠷᠢᠶ᠎ᠠ ᠶᠢᠨ | ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠢᠴᠢ ᠳᠡᠭᠡᠷ᠎ᠡ ᠨᠢᠭᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠴᠢ ᠶᠢ ᠳᠤᠷᠠᠳᠬᠤ ᠡᠷᠬᠡ ᠲᠠᠢ ᠪᠥᠭᠡᠳ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠪᠠ ᠲᠥᠯᠥᠭᠡᠯᠡᠭᠴᠢᠳ ᠤᠨ ᠬᠠᠤᠯᠢ ᠶᠣᠰᠣᠭᠠᠷ ᠳᠤᠷᠠᠳᠤᠭᠰᠠᠨ ᠵᠢᠱᠢᠭᠳᠡᠭᠴᠢ ᠶᠢᠨ ᠲᠤᠬᠠᠢ ᠰᠠᠨᠠᠯ ᠢᠶᠠᠨ ᠳᠤᠷᠠᠳᠬᠤ ᠡᠷᠬᠡ ᠲᠠᠢ᠃ | ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ | ᠲᠤᠬᠳᠠᠭᠠᠬᠰᠠᠨ ᠵᠢᠷᠤᠮ ᠶᠤᠰᠤᠭᠠᠷ ᠡᠯ᠎ᠡ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠ | ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠬᠦᠮᠦᠨ ᠢᠶᠠᠷ ᠵᠢᠱᠢᠭᠳᠡᠭᠴᠢ ᠶᠢ ᠲᠤᠷᠠᠳᠬᠤ ᠡᠷᠭᠡ ᠲᠠᠢ ᠪᠦᠭᠡᠳ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠯᠤᠨ ᠲᠦᠯᠦᠭᠡᠯᠡᠭᠴᠢ ᠶᠢᠨ ᠬᠠᠦᠯᠢ ᠶᠤᠰᠤᠭᠠᠷ ᠲᠤᠷᠠᠳᠤᠭᠰᠠᠨ ᠳᠡᠭᠡᠷ᠎ᠡ ᠲᠤᠷᠠᠳᠤᠬᠰᠠᠨ | ᠬᠦᠮᠦᠰ ᠤᠨ ᠵᠢᠱᠢᠭᠳᠡᠭᠴᠢ ᠶᠢᠨ ᠲᠤᠬᠠᠢ ᠰᠠᠨᠠᠯ ᠲᠤᠷᠠᠳᠬᠤ ᠡᠷᠭᠡ ᠲᠠᠢ᠃ | ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠭᠦᠨ ᠢᠶᠠᠷ ᠵᠢᠱᠢᠭᠳᠡᠭᠴᠢ ᠳᠤ ᠰᠠᠨᠠᠯ ᠲᠤᠷᠠᠳᠬᠤ ᠡᠷᠭᠡ ᠲᠠᠢ᠃ | ᠲᠥᠯᠥᠭᠡᠯᠡᠭᠴᠢ ᠨᠢ ᠲᠣᠭᠲᠠᠭᠠᠭᠰᠠᠨ ᠰᠤᠩᠭᠤᠬᠤ ᠪᠠᠷ ᠵᠢᠱᠢᠭᠳᠡᠭᠴᠢ ᠳᠤ ᠵᠥᠪᠰᠢᠶᠡᠷᠡᠬᠦ ᠫᠢᠶᠤᠤ ᠦᠭᠴᠤ ᠪᠤᠯᠤᠨ᠎ᠠ᠂ ᠵᠥᠪᠰᠢᠶᠡᠷᠡᠬᠦ ᠦᠭᠡᠢ ᠫᠢᠶᠤᠤ | ᠥᠭᠭᠦᠭᠰᠡᠨ ᠴᠤ ᠪᠣᠯᠤᠨ᠎ᠠ᠂ ᠡᠷᠬᠡ ᠪᠠᠨ ᠬᠠᠶᠠᠬᠤ ᠫᠢᠶᠤᠤ ᠥᠭᠭᠦᠭᠰᠡᠨ ᠴᠦ ᠪᠣᠯᠤᠨ᠎ᠠ︔ ᠵᠥᠪᠰᠢᠶᠡᠷᠡᠬᠦ ᠦᠭᠡᠢ ᠪᠣᠯ ᠥᠭᠡᠷ᠎ᠡ ᠬᠥᠮᠦᠨ ᠢ ᠰᠣᠩᠭᠤᠵᠤ ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠦᠷᠦ ᠶᠢᠨ ᠶᠠᠪᠤᠳᠡᠯ ᠤᠨ | ᠬᠤᠷᠢᠶ᠎ᠠ ᠶᠢᠨ ᠪᠦᠷᠢᠯᠳᠦᠬᠦᠨ ᠪᠠ ᠲᠦᠪ ᠬᠤᠷᠢᠶ᠎ᠡ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠳ᠋ ᠲᠡᠷᠢᠬᠦᠯᠡᠭᠴᠢ᠂ ᠬᠡᠰᠢᠬᠦᠨ ᠢᠶᠠᠷ ᠵᠢᠱᠢᠭᠳᠡᠭᠴᠢ ᠶᠢ | ᠲᠤᠬᠳᠠᠭᠠᠬᠤ ᠳᠤ ᠤᠷᠤᠯᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠪᠦᠷᠢᠯᠳᠦᠬᠦᠨ ᠢᠶᠠᠷ ᠵᠢᠱᠢᠭᠳᠡᠭᠴᠢ ᠶᠢ ᠪᠠᠲᠤᠯᠠᠯᠲᠠ ᠬᠢᠯᠭᠡᠵᠦ ᠪᠠᠳᠤᠯᠠᠭᠤᠯᠬᠤ ᠳᠤ | ᠤᠷᠤᠯᠴᠠᠨ᠎ᠠ᠃ | ᠠᠷᠪᠠ ᠶᠢᠰᠦᠳᠦᠭᠡᠷ ᠵᠦᠢᠯ ᠲᠦᠯᠦᠭᠡᠯᠡᠭᠴᠢ ᠰᠠᠨᠠᠯ ᠵᠦᠪᠯᠡᠯᠭᠡ ᠪᠠ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠬᠦ ᠳᠡᠭᠡᠨ ᠲᠤᠰ ᠱᠠᠳᠤᠨ ᠤ ᠪᠠᠨ | ᠬᠤᠯᠪᠤᠬᠳᠡᠯ ᠪᠦᠬᠦᠢ ᠲᠦᠷᠦ ᠶᠢᠨ ᠪᠠᠶᠢᠭᠤᠯᠭ᠎ᠠ ᠠᠴᠠ ᠯᠠᠪᠯᠠᠨ ᠠᠰᠠᠭᠤᠵᠤ ᠪᠤᠯᠤᠨ᠎ᠠ᠃ ᠬᠤᠯᠪᠤᠬᠳᠡᠯ ᠪᠦᠬᠦᠢ ᠲᠦᠷᠦ ᠶᠢᠨ ᠪᠠᠶᠢᠭᠤᠯᠭ᠎ᠠ ᠬᠠᠷᠢᠭᠤᠴᠠᠯᠭᠠᠳᠡᠨ ᠪᠤᠶᠤ | ᠬᠠᠷᠢᠭᠤᠴᠠᠬᠤ ᠠᠵᠢᠯᠳᠡᠨ ᠲᠤᠮᠢᠯᠠᠵᠦ ᠯᠠᠪᠯᠠᠨ ᠠᠰᠠᠭᠤᠬᠰᠠᠨ ᠵᠦᠢᠯ ᠳᠤ ᠬᠠᠷᠢᠭᠤᠯᠳᠡ ᠦᠭᠭᠦ ᠬᠡᠷᠡᠭᠳᠠᠢ᠃ | ᠬᠤᠷᠢᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠤ᠂ ᠨᠢᠭᠡ | ᠲᠦᠯᠦᠭᠡᠯᠡᠭᠴᠢᠳ ᠤᠨ ᠪᠦᠯᠬᠦᠮ ᠪᠤᠶᠤ ᠭᠤᠴᠢ ᠠᠴᠠ ᠲᠡᠭᠡᠭᠰᠢ ᠲᠤᠭᠠᠨ ᠤ ᠲᠦᠯᠦᠭᠡᠯᠡᠭᠴᠢ ᠨᠡᠷ᠎ᠠ ᠬᠤᠯᠪᠤᠭᠠᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠤ ᠪᠢᠴᠢᠭ ᠢᠶᠠᠷ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃ | ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ | ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ | ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠳᠤ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃ | ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ | ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃ | ᠲᠤᠯᠭᠠᠨ ᠠᠰᠠᠭᠤᠬᠤ ᠵᠦᠪᠯᠡᠯᠭᠡ ᠳᠤ ᠲᠤᠯᠭᠠᠨ ᠠᠰᠠᠭᠤᠬᠤ ᠳ᠋ᠦᠢᠰᠢᠶᠠᠩ᠂ ᠲᠤᠯᠭᠠᠨ ᠠᠰᠠᠭᠤᠬᠤ ᠠᠰᠠᠭᠤᠳᠡᠯ ᠪᠠ ᠠᠭᠤᠯᠭ᠎ᠠ ᠪᠠᠨ ᠲᠤᠳᠤᠷᠬᠠᠢ ᠪᠢᠴᠢᠬᠦ | ᠬᠡᠷᠡᠭᠳᠠᠢ᠃ | ᠲᠤᠯᠭᠠᠨ ᠠᠰᠠᠭᠤᠬᠤ ᠵᠦᠪᠯᠡᠯᠭᠡ ᠶᠢ ᠲᠡᠷᠢᠬᠦᠯᠡᠭᠴᠢᠳ ᠤᠨ ᠪᠦᠯᠬᠦᠮ ᠤᠨ ᠲᠤᠬᠳᠠᠭᠠᠯ ᠶᠤᠰᠤᠭᠠᠷ᠂ ᠲᠤᠯᠭᠠᠨ ᠠᠰᠠᠭᠤᠬᠳᠠᠬᠰᠠᠨ ᠪᠠᠶᠢᠭᠤᠯᠭ᠎ᠠ ᠬᠠᠷᠢᠭᠤᠯᠲᠠ | ᠦᠭᠭᠦᠨ᠎ᠡ᠃ ᠲᠤᠯᠭᠠᠨ ᠠᠰᠠᠭᠤᠬᠤ ᠵᠦᠪᠯᠡᠯᠭᠡ ᠭᠠᠷᠭᠠᠬᠰᠠᠨ ᠲᠦᠯᠦᠭᠡᠯᠡᠭᠴᠢᠳ ᠤᠨ ᠬᠠᠭᠠᠰ ᠠᠴᠠ ᠲᠡᠭᠡᠭᠰᠢ ᠲᠤᠭᠠᠨ ᠤ ᠬᠦᠮᠦᠨ ᠨᠢ ᠬᠠᠷᠢᠭᠤᠯᠳᠡ ᠳᠤ ᠬᠠᠨᠤᠮᠵᠢ | ᠦᠭᠡᠢ ᠪᠠᠶᠢᠪᠠᠯ᠂ ᠲᠤᠯᠭᠠᠨ ᠠᠰᠠᠭᠤᠬᠳᠠᠬᠰᠠᠨ ᠪᠠᠶᠢᠭᠤᠯᠭ᠎ᠠ ᠶᠢ ᠲᠡᠬᠢᠨ ᠬᠠᠷᠢᠭᠤᠯᠳᠡ ᠦᠭᠭᠦᠬᠦᠯᠬᠦ ᠪᠠᠷ ᠱᠠᠭᠠᠷᠳᠠᠵᠦ ᠪᠤᠯᠤᠨ᠎ᠠ᠃ | ᠬᠤᠷᠢᠨ ᠨᠢᠭᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ | ᠲᠤᠬᠳᠠᠭᠠᠬᠰᠠᠨ ᠵᠢᠷᠤᠮ ᠶᠤᠰᠤᠭᠠᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ᠂ | ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠲᠦᠷᠦ ᠶᠢᠨ ᠶᠠᠪᠤᠳᠡᠯ ᠤᠨ ᠬᠤᠷᠢᠶ᠎ᠠ ᠶᠢᠨ ᠪᠦᠷᠢᠯᠳᠦᠬᠦᠨ᠂ ᠲᠦᠪ | ᠬᠤᠷᠢᠶ᠎ᠠ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠪᠦᠷᠢᠯᠳᠦᠬᠦᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠲᠡᠭᠡᠳᠦ ᠰᠢᠬᠦᠬᠦ | ᠬᠤᠷᠢᠶ᠎ᠠ ᠶᠢᠨ ᠲᠠᠷᠤᠭ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢ ᠤᠭᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃ | ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ | ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠪᠦᠷᠢᠯᠳᠦᠬᠦᠨ᠂ ᠠᠷᠠᠳ ᠤᠨ ᠵᠠᠰᠠᠭ ᠤᠨ ᠤᠷᠳᠤᠨ ᠤ ᠪᠦᠷᠢᠯᠳᠦᠬᠦᠨ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠰᠢᠬᠦᠬᠦ ᠬᠤᠷᠢᠶ᠎ᠠ ᠶᠢᠨ | ᠲᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢ ᠤᠭᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃ | ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ | ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠤᠯᠤᠨ | ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠬᠦᠮᠦᠰ ᠢ ᠤᠬᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃ | ᠤᠭᠴᠤᠷᠠᠭᠤᠯᠬᠤ ᠵᠦᠪᠯᠡᠯᠭᠡ ᠳᠤ ᠲᠤᠰᠢᠶᠡᠯ ᠠᠴᠠ ᠨᠢ ᠤᠭᠴᠤᠷᠠᠭᠤᠯᠬᠤ ᠰᠢᠯᠳᠠᠭᠠᠨ ᠢᠶᠠᠨ ᠲᠤᠳᠤᠷᠬᠠᠢ ᠪᠢᠴᠢᠬᠦ ᠬᠡᠷᠡᠭᠳᠠᠢ᠃ | ᠬᠤᠷᠢᠨ ᠬᠤᠶᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠤᠨᠴᠠ ᠲᠤᠭᠲᠠᠭᠰᠠᠨ ᠠᠰᠠᠭᠤᠳᠡᠯ ᠤᠨ ᠲᠤᠬᠠᠢ ᠪᠠᠶᠢᠴᠠᠭᠠᠬᠤ ᠵᠥᠪᠯᠡᠯ ᠵᠤᠬᠢᠶᠡᠨ ᠪᠠᠶᠢᠭᠤᠯᠬᠤ ᠪᠠᠷ ᠬᠠᠦᠯᠢ ᠶᠤᠰᠤᠭᠠᠷ ᠰᠠᠨᠠᠭᠤᠯᠭ᠎ᠠ ᠲᠤᠷᠠᠳᠬᠤ | ᠡᠷᠭᠡ ᠲᠠᠢ᠃ | ᠬᠤᠷᠢᠨ ᠭᠤᠷᠪᠠᠳᠤᠭᠠᠷ ᠵᠦᠢᠯ ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠲᠤᠯᠠᠯᠲᠠ ᠳᠤ | ᠣᠷᠣᠯᠴᠠᠬᠤ ᠳᠠᠭᠠᠨ ᠵᠥᠪᠰᠢᠶᠡᠷᠡᠬᠦ ᠪᠠᠨ ᠢᠯᠡᠷᠬᠡᠶᠢᠯᠡᠵᠦ ᠪᠣᠯᠤᠨ᠎ᠠ᠂ ᠵᠦᠪᠰᠢᠶᠡᠷᠡᠬᠦ ᠦᠭᠡᠢ ᠪᠠᠶᠢᠬᠤ ᠪᠠᠨ ᠢᠯᠡᠷᠬᠡᠶᠢᠯᠡᠵᠦ ᠪᠣᠯᠤᠨ᠎ᠠ᠂ ᠡᠷᠬᠡ ᠪᠠᠨ ᠬᠠᠶᠠᠬᠤ ᠪᠠᠷ | ᠢᠯᠡᠷᠬᠡᠶᠢᠯᠡᠭᠰᠡᠨ ᠴᠤ ᠪᠣᠯᠤᠨ᠎ᠠ᠃ | ᠬᠤᠷᠢᠨ ᠲᠦᠷᠪᠡᠳᠤᠭᠡᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠡᠯ᠎ᠠ ᠲᠠᠯ᠎ᠠ ᠶᠢᠨ ᠠᠵᠢᠯ ᠤᠨ | ᠲᠤᠬᠠᠢ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠡᠷᠭᠡ ᠲᠠᠢ᠃ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠨᠢ ᠲᠤᠳᠤᠷᠬᠠᠢ ᠪᠦᠭᠡᠳ ᠪᠤᠳᠠᠳᠠᠢ ᠪᠠᠶᠢᠵᠦ᠂ | ᠪᠤᠳᠠᠳᠦ ᠪᠠᠶᠢᠳᠠᠯ ᠪᠠ ᠠᠰᠠᠭᠤᠳᠡᠯ ᠢ ᠴᠢᠬᠤᠯᠠᠴᠢᠯᠠᠨ ᠲᠤᠰᠬᠠᠬᠰᠠᠨ ᠪᠠᠶᠢᠬᠤ ᠬᠡᠷᠡᠭᠳᠠᠢ᠃ | ᠭᠤᠷᠪᠠᠳᠤᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ | ᠬᠤᠭᠤᠴᠠᠭᠠᠨ ᠳᠠᠬᠢ ᠠᠵᠢᠯᠯᠠᠭ᠎ᠠ | ᠬᠤᠷᠢᠨ ᠲᠠᠪᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠤᠬᠢᠶᠡᠨ ᠪᠠᠶᠢᠭᠤᠯᠵᠦ ᠬᠤᠷᠠᠯ ᠲᠡᠬᠦᠰᠦᠭᠰᠡᠨ | ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃ | ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠲᠡᠭᠡᠷ᠎ᠠ ᠨᠢᠭᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠲᠤᠰ ᠱᠠᠳᠤᠨ ᠤ ᠪᠠᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠪᠠᠷ ᠰᠤᠩᠭᠤᠵᠤ ᠭᠠᠷᠭᠠᠭᠰᠠᠨ ᠲᠡᠭᠡᠷ᠎ᠠ ᠨᠢᠭᠡ ᠱᠠᠳᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢᠳ ᠢ ᠵᠤᠬᠢᠶᠡᠨ ᠪᠠᠶᠢᠭᠤᠯᠵᠦ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃ | ᠰᠢᠶᠠᠩ᠂ ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ | ᠲᠡᠷᠢᠭᠦᠯᠡᠭᠴᠢᠳ ᠤᠨ ᠪᠦᠯᠬᠦᠮ ᠤᠨ ᠲᠤᠬᠢᠷᠠᠭᠤᠯᠤᠯᠲᠠ ᠶᠢ ᠦᠨᠳᠦᠰᠦᠯᠡᠨ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠢ ᠵᠤᠬᠢᠶᠠᠨ ᠪᠠᠶᠢᠭᠤᠯᠵᠦ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃ | ᠬᠤᠷᠢᠨ ᠵᠢᠷᠭᠤᠳᠤᠭᠠᠷ ᠵᠦᠢᠯ ᠲᠦᠯᠦᠭᠡᠯᠡᠭᠴᠢᠳ ᠤᠨ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠨᠢ ᠬᠠᠮᠳᠦ ᠶᠢᠨ ᠠᠵᠢᠯᠯᠠᠭ᠎ᠠ ᠪᠠᠷ ᠭᠤᠤᠯ | ᠪᠤᠯᠭᠠᠵᠦ᠂ ᠲᠦᠯᠦᠭᠡᠯᠡᠭᠴᠢᠳ ᠤᠨ ᠲᠤᠭᠤᠶᠢᠯᠠᠩ ᠤᠨ ᠠᠵᠢᠯᠯᠠᠭ᠎ᠠ ᠪᠠᠷ ᠦᠨᠳᠤᠰᠤᠨ ᠬᠡᠯᠪᠡᠷᠢ ᠪᠤᠯᠭᠠᠨ᠎ᠠ᠃ ᠲᠦᠯᠦᠭᠡᠯᠡᠭᠴᠢ ᠤᠯᠠᠨ ᠵᠦᠢᠯ ᠤᠨ ᠠᠷᠭ᠎ᠠ ᠬᠡᠯᠪᠡᠷᠢ ᠪᠠᠷ | ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠶᠢᠨ ᠰᠠᠨᠠᠯ ᠪᠠ ᠱᠠᠭᠠᠷᠳᠠᠯᠭ᠎ᠠ ᠶᠢ ᠰᠤᠨᠤᠰᠴᠦ᠂ | ᠲᠤᠰᠠᠬᠵᠦ ᠪᠤᠯᠤᠨ᠎ᠠ᠃ | ᠬᠤᠷᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠲᠤᠰ ᠱᠠᠲᠤᠨ ᠤ ᠪᠠᠨ ᠪᠤᠶᠤ ᠲᠤᠤᠷᠡᠳᠦ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠠᠮᠵᠢᠯᠴᠠᠭ᠎ᠠ ᠳᠣᠤᠷ᠎ᠠ᠂ ᠠᠵᠢᠯᠯᠠᠭ᠎ᠠ ᠵᠣᠬᠢᠶᠠᠨ ᠪᠠᠶᠢᠭᠤᠯᠬᠤ ᠪᠠ ᠥᠷᠨᠢᠭᠦᠯᠬᠦ ᠳᠤ ᠳᠥᠭᠦᠮ ᠪᠠᠶᠢᠯᠭᠠᠬᠤ ᠵᠠᠷᠴᠢᠮ ᠶᠣᠰᠣᠭᠠᠷ᠂ ᠭᠠᠵᠠᠷ ᠣᠷᠣᠨ᠂ ᠬᠦᠷᠢᠶ᠎ᠡ ᠵᠡᠷᠭᠡ ᠶᠢ | ᠦᠨᠳᠦᠰᠦᠯᠡᠨ ᠲᠥᠯᠥᠭᠡᠯᠡᠭᠴᠢᠳ ᠤᠨ ᠳᠤᠭᠤᠶᠢᠯᠠᠩ ᠪᠠᠶᠢᠭᠤᠯᠵᠤ ᠪᠣᠯᠤᠨ᠎ᠠ᠃ | ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠤᠷᠠᠳᠦ ᠱᠠᠳᠤᠨ ᠤ ᠪᠠᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠲᠤᠭᠤᠶᠢᠯᠠᠩ ᠤᠨ ᠠᠵᠢᠯᠯᠠᠭ᠎ᠠ ᠳᠤ ᠤᠷᠤᠯᠴᠠᠵᠦ ᠪᠤᠯᠤᠨ᠎ᠠ᠃ | ᠬᠤᠷᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠲᠤᠬᠠᠶ ᠶᠢᠨ ᠭᠠᠵᠠᠷ ᠲᠤᠨᠢ ᠪᠠ ᠣᠶᠢᠷ᠎ᠠ ᠬᠠᠪᠢ ᠳᠤᠨᠢ ᠪᠠᠶᠢᠬᠤ ᠵᠠᠷᠴᠢᠮ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ | ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠠᠷᠠᠳ ᠤᠯᠠᠨ ᠲᠠᠢ ᠬᠠᠷᠢᠯᠴᠠᠬᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ᠰᠠᠨᠠᠯ ᠪᠠ ᠰᠠᠨᠠᠭᠤᠯᠭ᠎ᠠ ᠶᠢ ᠰᠣᠨᠣᠰᠬᠤ | ᠪᠠ ᠲᠤᠰᠬᠠᠨ᠎ᠠ᠃ | ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠬᠢᠷᠠᠭᠤᠯᠤᠯᠲᠠ ᠶᠢ ᠦᠨᠳᠦᠰᠦᠯᠡᠨ᠂ ᠲᠤᠰ | ᠱᠠᠲᠤᠨ ᠤ ᠪᠠᠨ ᠪᠤᠶᠤ ᠲᠤᠤᠷᠡᠳᠦ ᠱᠠᠲᠤᠨ ᠤ ᠪᠠᠨ ᠲᠦᠷᠦ ᠶᠢᠨ ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠢ ᠶᠢᠨ ᠠᠵᠢᠯ ᠢ ᠪᠠᠶᠢᠴᠠᠭᠠᠵᠤ ᠦᠵᠡᠨ᠎ᠡ᠃ ᠰᠢᠶᠠᠩ᠂ | ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠥᠯᠬᠦᠮ ᠤᠨ ᠲᠤᠬᠢᠷᠠᠭᠤᠯᠤᠯᠲᠠ ᠶᠢ ᠦᠨᠳᠤᠰᠦᠯᠡᠨ᠂ ᠲᠤᠰ ᠱᠠᠳᠤᠨ ᠤ ᠪᠠᠨ ᠠᠷᠠᠳ ᠤᠨ | ᠵᠠᠰᠠᠭ ᠤᠨ ᠤᠷᠳᠤᠨ ᠪᠠ ᠬᠤᠯᠪᠤᠭᠳᠡᠯ ᠪᠦᠬᠦᠢ ᠨᠢᠭᠡᠴᠢ ᠶᠢᠨ ᠠᠵᠢᠯ ᠢ ᠪᠠᠶᠢᠴᠠᠭᠠᠵᠦ ᠦᠵᠡᠨ᠎ᠠ᠃ ᠲᠣᠬᠢᠷᠠᠭᠤᠯᠤᠯᠲᠠ ᠶᠢ ᠦᠨᠳᠦᠰᠦᠯᠡᠨ᠂ ᠲᠣᠭᠤᠷᠢᠭ | ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠰᠠ ᠲᠣᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠤᠤᠯ ᠰᠤᠩᠭᠤᠭᠰᠠᠨ ᠨᠢᠭᠡᠴᠢ ᠶᠢ ᠠᠯᠤᠰᠯᠠᠨ ᠠᠵᠢᠯ ᠪᠠᠶᠢᠴᠠᠭᠠᠵᠦ ᠦᠵᠡᠵᠦ ᠪᠣᠯᠤᠨ᠎ᠠ᠃ | ᠲᠦᠯᠦᠭᠡᠯᠡᠭᠴᠢ ᠡᠮᠦᠨᠡᠬᠢ ᠪᠠᠳᠠᠭ ᠤᠨ ᠲᠤᠬᠳᠠᠭᠠᠯ ᠶᠤᠰᠤᠭᠠᠷ ᠠᠵᠢᠯ ᠪᠠᠶᠢᠴᠠᠭᠠᠵᠦ ᠦᠵᠡᠬᠦ ᠳᠡᠭᠡᠨ᠂ ᠲᠤᠰ ᠱᠠᠳᠤᠨ ᠤ ᠪᠠᠨ ᠪᠤᠶᠤ ᠲᠤᠤᠷᠠᠳᠦ | ᠱᠠᠳᠤᠨ ᠤ ᠪᠠᠨ ᠬᠤᠯᠪᠤᠭᠳᠡᠯ ᠪᠦᠬᠦᠢ ᠲᠦᠷᠦ ᠶᠢᠨ ᠪᠠᠶᠢᠭᠤᠯᠭ᠎ᠠ ᠶᠢᠨ ᠬᠠᠷᠢᠭᠤᠴᠠᠯᠭᠠᠳᠡᠨ ᠲᠠᠢ ᠪᠤᠯᠵᠦᠨ ᠠᠭᠤᠯᠵᠠᠬᠤ ᠪᠠᠷ ᠲᠤᠷᠠᠳᠴᠦ ᠪᠤᠯᠤᠨ᠎ᠠ᠃ ᠪᠤᠯᠵᠤᠭᠳᠠᠨ | ᠠᠭᠤᠯᠵᠠᠬᠰᠠᠨ ᠬᠤᠯᠪᠤᠭᠳᠡᠯ ᠪᠦᠬᠦᠢ ᠲᠦᠷᠦ ᠶᠢᠨ ᠪᠠᠶᠢᠭᠤᠯᠭ᠎ᠠ ᠶᠢᠨ ᠬᠠᠷᠢᠭᠤᠴᠠᠯᠭᠠᠳᠡᠨ ᠪᠤᠶᠤ ᠲᠡᠬᠦᠨ ᠤ ᠨᠠᠶᠢᠳᠠᠬᠰᠠᠨ ᠬᠠᠷᠢᠭᠤᠴᠠᠬᠤ ᠠᠵᠢᠯᠲᠠᠨ ᠨᠢ | ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠰᠤᠨᠤᠰᠬᠤ ᠬᠡᠷᠡᠭᠳᠠᠢ᠃ | ᠲᠦᠯᠦᠭᠡᠯᠡᠭᠴᠢ ᠲᠦᠯᠦᠭᠡᠯᠡᠭᠴᠢ ᠶᠢᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠲᠤ ᠠᠵᠢᠯ ᠪᠠᠶᠢᠴᠠᠭᠠᠨ ᠦᠵᠡᠵᠦ ᠪᠤᠯᠤᠨ᠎ᠠ᠃ ᠰᠢᠶᠡᠨ ᠤ ᠱᠠᠳᠤᠨ ᠠᠴᠠ | ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ | ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠦᠯᠦᠭᠡᠯᠡᠭᠴᠢᠳ ᠤᠨ | ᠱᠠᠭᠠᠷᠳᠠᠯᠭ᠎ᠠ ᠶᠢ ᠦᠨᠳᠤᠰᠤᠯᠠᠵᠦ᠂ ᠲᠤᠰ ᠱᠠᠳᠤᠨ ᠤ ᠪᠠᠨ ᠪᠤᠶᠤ ᠲᠡᠭᠡᠳᠦ ᠱᠠᠳᠤᠨ ᠤ ᠲᠦᠯᠦᠭᠡᠯᠡᠭᠴᠢ ᠶᠢᠨ ᠲᠤᠬᠠᠢ ᠶᠢᠨ ᠭᠠᠵᠠᠷ ᠲᠤ ᠲᠦᠯᠦᠭᠡᠯᠡᠭᠴᠢ ᠶᠢᠨ | ᠦᠨᠡᠮᠯᠡᠯ ᠢᠶᠠᠨ ᠠᠪᠴᠦ ᠠᠵᠢᠯ ᠪᠠᠶᠢᠴᠠᠭᠠᠨ ᠦᠵᠡᠬᠦ ᠠᠵᠢᠯᠯᠠᠭ᠎ᠠ ᠶᠢ ᠬᠠᠷᠢᠯᠴᠠᠵᠦ ᠲᠤᠬᠢᠷᠠᠭᠤᠯᠤᠨ᠎ᠠ᠃ | ᠭᠤᠴᠢᠳᠤᠭᠠᠷ ᠵᠦᠢᠯ ᠲᠦᠯᠦᠭᠡᠯᠡᠭᠴᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ | ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠤᠬᠢᠷᠠᠭᠤᠯᠤᠯᠲᠠ ᠶᠢ | ᠦᠨᠳᠦᠰᠦᠯᠡᠨ᠂ ᠠᠵᠦ ᠠᠬᠤᠢ ᠨᠠᠶᠢᠭᠡᠮ ᠤᠨ ᠬᠦᠭᠵᠢᠯᠳᠡ ᠪᠠ ᠠᠷᠠᠳ ᠤᠯᠠᠨ ᠤ ᠲᠤᠰ ᠪᠡᠶ᠎ᠠ ᠶᠢᠨ ᠠᠰᠢᠭ ᠲᠤᠰᠠ ᠳᠤ ᠬᠤᠯᠪᠤᠬᠳᠠᠬᠰᠠᠨ᠂ ᠨᠠᠶᠢᠭᠡᠮ ᠲᠠᠶᠠᠭᠠᠷ ᠤᠨ | ᠨᠠᠶᠢᠳᠡᠮ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠳᠡᠯ᠂ ᠴᠢᠬᠤᠯᠠ ᠶᠡᠭᠡ ᠤᠴᠢᠷ ᠶᠠᠪᠤᠳᠠᠯ ᠵᠢᠴᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠲᠤᠰᠬᠠᠢ ᠰᠡᠳᠦᠪᠲᠦ ᠪᠠᠶᠢᠴᠠᠭᠠᠨ | ᠰᠣᠳᠣᠯᠣᠯᠲᠠ ᠥᠷᠨᠢᠭᠦᠯᠦᠨ᠎ᠡ᠃ ᠲᠤᠬᠢᠷᠠᠭᠤᠯᠤᠯᠲᠠ ᠶᠢ ᠦᠨᠳᠦᠰᠦᠯᠡᠨ᠂ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠰᠠ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠤᠤᠯ ᠰᠣᠩᠭᠤᠭᠰᠠᠨ | ᠨᠢᠭᠡᠴᠢ ᠶᠢ ᠠᠯᠤᠰᠯᠠᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ ᠪᠣᠯᠤᠨ᠎ᠠ᠃ | ᠭᠤᠴᠢᠨ ᠨᠢᠭᠡᠳᠦᠭᠡᠷ ᠵᠦᠢᠯ ᠲᠦᠯᠦᠭᠡᠯᠡᠭᠴᠢ ᠶᠢᠨ ᠪᠠᠶᠢᠴᠠᠭᠠᠨ ᠦᠵᠡᠬᠦ᠂ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ | ᠤᠷᠤᠯᠴᠠᠭᠠᠳ ᠪᠢᠴᠢᠭᠰᠡᠨ ᠮᠡᠳᠡᠬᠦᠯᠦᠯᠳᠡ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠡᠷᠡᠭ | ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠪᠤᠶᠤ ᠰᠢᠶᠠᠩ᠂ ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢᠳ ᠤᠨ ᠪᠥᠯᠬᠦᠮ ᠠᠴᠠ ᠬᠤᠯᠪᠤᠬᠳᠠᠯ ᠪᠦᠬᠦᠢ ᠪᠠᠶᠢᠭᠤᠯᠭ᠎ᠠ᠂ ᠵᠤᠬᠢᠶᠡᠨ ᠪᠠᠶᠢᠭᠤᠯᠤᠯᠳᠡ ᠳᠤ ᠰᠢᠯᠵᠢᠬᠦᠯᠦᠨ ᠲᠤᠰᠢᠶᠠᠨ᠎ᠠ᠃ ᠬᠤᠯᠪᠤᠬᠳᠠᠯ | ᠪᠦᠬᠦᠢ ᠪᠠᠶᠢᠭᠤᠯᠭ᠎ᠠ᠂ ᠵᠤᠬᠢᠶᠡᠨ ᠪᠠᠶᠢᠭᠤᠯᠤᠯᠳᠡ ᠮᠡᠳᠡᠬᠦᠯᠦᠯᠳᠡ ᠳᠤ ᠲᠤᠷᠠᠳᠤᠬᠰᠠᠨ ᠰᠠᠨᠠᠯ ᠪᠠ ᠰᠠᠨᠠᠭᠤᠯᠭ᠎ᠠ ᠶᠢ ᠰᠤᠳᠤᠯᠤᠨ ᠰᠢᠢᠳᠪᠤᠷᠢᠯᠡᠭᠰᠡᠨ ᠪᠠᠶᠢᠳᠡᠯ ᠢᠶᠠᠨ | ᠲᠦᠯᠦᠭᠡᠯᠡᠭᠴᠢ ᠳᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠳᠠᠢ᠃ | ᠲᠥᠯᠥᠭᠡᠯᠡᠭᠴᠢ ᠪᠠᠶᠢᠴᠠᠭᠠᠨ ᠦᠵᠡᠬᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠣᠷᠣᠯᠴᠠᠬᠤ ᠳᠠᠭᠠᠨ ᠬᠤᠯᠪᠣᠭᠳᠠᠯ ᠪᠦᠬᠦᠢ | ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠳᠤ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ ᠪᠣᠯᠤᠨ᠎ᠠ᠂ ᠭᠡᠪᠡᠴᠦ ᠠᠰᠠᠭᠤᠳᠠᠯ ᠢ ᠰᠢᠭᠤᠳ ᠰᠢᠢᠳᠪᠦᠷᠢᠯᠡᠬᠦ | ᠦᠭᠡᠢ᠃ | ᠭᠤᠴᠢᠨ ᠬᠤᠶᠠᠳᠤᠭᠠᠷ ᠵᠦᠢᠯ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠢ ᠲᠦᠷ ᠬᠤᠷᠠᠯᠳᠤᠭᠤᠯᠬᠤ ᠪᠠᠷ ᠰᠠᠨᠠᠭᠤᠯᠭ᠎ᠠ ᠭᠠᠷᠭᠠᠬᠤ ᠡᠷᠭᠡ ᠲᠠᠢ᠃ | ᠭᠤᠴᠢᠨ ᠭᠤᠷᠪᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠤᠷᠢᠯᠭ᠎ᠠ ᠪᠠᠷ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠠᠯ᠂ ᠲᠤᠰ | ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠬᠤᠷᠠᠯ ᠳᠤ ᠰᠤᠯᠠ ᠤᠷᠤᠯᠴᠠᠵᠦ᠂ ᠤᠷᠢᠯᠭ᠎ᠠ ᠪᠠᠷ ᠲᠤᠰ | ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠡᠯ᠎ᠡ ᠲᠤᠰᠬᠠᠶ ᠵᠥᠪᠯᠡᠯ ᠪᠠ ᠪᠠᠶᠢᠩᠭᠤ ᠶᠢᠨ ᠬᠤᠷᠢᠶ᠎ᠠ ᠶᠢᠨ ᠬᠡᠷᠡᠭ | ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠬᠤᠯᠪᠣᠭᠳᠠᠯ ᠪᠦᠬᠦᠢ ᠬᠤᠷᠠᠯ ᠳᠤ ᠣᠷᠣᠯᠴᠠᠵᠤ ᠪᠣᠯᠤᠨ᠎ᠠ︔ | ᠲᠤᠬᠢᠷᠠᠭᠤᠯᠤᠯᠲᠠ ᠶᠢ ᠦᠨᠳᠦᠰᠦᠯᠡᠨ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠣᠬᠢᠶᠠᠨ | ᠪᠠᠶᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠤᠰᠤᠳ ᠠᠵᠢᠯᠯᠠᠭ᠎ᠠ ᠳᠤ ᠣᠷᠣᠯᠴᠠᠵᠤ ᠪᠤᠯᠤᠨ᠎ᠠ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠲᠤᠨ ᠤ ᠪᠠᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠵᠣᠬᠢᠶᠠᠨ ᠪᠠᠶᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠪᠠ ᠪᠤᠰᠤᠳ ᠠᠵᠢᠯᠯᠠᠭ᠎ᠠ ᠳᠤ ᠣᠷᠣᠯᠴᠠᠨ᠎ᠠ᠃ | ᠭᠤᠴᠢᠨ ᠲᠦᠷᠪᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠂ ᠦᠪᠡᠷᠳᠡᠭᠡᠨ ᠵᠠᠰᠠᠬᠤ ᠵᠸᠦ᠂ ᠲᠤᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠤᠤᠯ ᠰᠤᠩᠭᠤᠬᠰᠠᠨ ᠨᠢᠭᠡᠴᠢ ᠶᠢᠨ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠰᠤᠯᠠ ᠤᠷᠤᠯᠴᠠᠵᠦ | ᠪᠤᠯᠬᠤ ᠪᠦᠭᠡᠳ ᠤᠷᠢᠯᠭ᠎ᠠ ᠪᠠᠷ ᠤᠤᠯ ᠰᠤᠩᠭᠤᠬᠰᠠᠨ ᠨᠢᠭᠡᠴᠢ ᠶᠢᠨ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠬᠤᠷᠠᠯ ᠳᠤ ᠰᠤᠯᠠ ᠤᠷᠤᠯᠴᠠᠵᠦ ᠪᠤᠯᠤᠨ᠎ᠠ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠤᠯ ᠤᠨ ᠰᠣᠩᠭᠤᠭᠤᠯᠢ ᠶᠢᠨ ᠲᠣᠭᠤᠷᠢᠭ ᠤᠨ ᠪᠠᠶᠢᠭ᠎ᠠ ᠰᠢᠶᠠᠩ᠂ ᠦᠨᠳᠦᠰᠦᠲᠡᠨ ᠤ ᠰᠢᠶᠠᠩ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠰᠤᠯᠠ ᠣᠷᠣᠯᠴᠠᠵᠤ ᠪᠣᠯᠤᠨ᠎ᠠ᠃ | ᠭᠤᠴᠢᠨ ᠲᠠᠪᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ ᠢ ᠦᠨᠳᠤᠰᠤᠯᠡᠨ᠂ ᠤᠨᠴᠠ ᠲᠤᠭᠲᠠᠭᠰᠠᠨ ᠠᠰᠠᠭᠤᠳᠡᠯ ᠤᠨ ᠲᠤᠬᠠᠢ ᠪᠠᠶᠢᠴᠠᠭᠠᠬᠤ ᠵᠥᠪᠯᠡᠯ ᠳᠤ ᠤᠷᠤᠯᠴᠠᠨ᠎ᠠ | ᠃ | ᠭᠤᠴᠢᠨ ᠵᠢᠷᠭᠤᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ | ᠬᠤᠭᠤᠴᠠᠭᠠᠨ ᠳᠤ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ | ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠤ ᠡᠯ᠎ᠠ ᠲᠠᠯ᠎ᠠ ᠶᠢᠨ ᠠᠵᠢᠯ ᠤᠨ ᠲᠤᠬᠠᠢ | ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠡᠷᠭᠡ ᠲᠠᠢ᠃ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠨᠢ ᠲᠤᠳᠤᠷᠬᠠᠢ ᠪᠦᠭᠡᠳ ᠪᠤᠳᠠᠳᠠᠢ ᠪᠠᠶᠢᠵᠦ᠂ ᠪᠤᠳᠠᠳᠦ | ᠪᠠᠶᠢᠳᠠᠯ ᠪᠠ ᠠᠰᠠᠭᠤᠳᠡᠯ ᠢ ᠴᠢᠬᠤᠯᠠᠴᠢᠯᠠᠨ ᠲᠤᠰᠬᠠᠬᠰᠠᠨ ᠪᠠᠶᠢᠬᠤ ᠬᠡᠷᠡᠭᠳᠠᠢ᠃ | ᠭᠤᠴᠢᠨ ᠳᠤᠯᠤᠳᠤᠭᠠᠷ ᠵᠦᠢᠯ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ᠂ ᠨᠢᠭᠡᠳᠦᠯᠳᠠᠢ | ᠲᠤᠬᠢᠷᠠᠭᠤᠯᠤᠯᠲᠠ ᠶᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠵᠡᠷᠭᠡ ᠠᠵᠢᠯᠯᠠᠭ᠎ᠠ ᠶᠢ ᠦᠷᠨᠢᠬᠦᠯᠤᠨ᠎ᠠ︔ ᠲᠦᠯᠦᠭᠡᠯᠡᠭᠴᠢᠳ ᠤᠨ ᠲᠤᠭᠤᠶᠢᠯᠠᠩ ᠢ ᠪᠠᠶᠢᠭᠤᠯᠵᠦ᠂ | ᠠᠵᠢᠯ ᠢᠶᠠᠨ ᠬᠤᠪᠢᠶᠠᠷᠢᠯᠠᠨ ᠰᠤᠩᠭᠤᠭᠤᠯᠢ ᠶᠢᠨ ᠠᠷᠠᠳ ᠲᠠᠢ ᠬᠠᠷᠢᠯᠴᠠᠵᠦ᠂ ᠠᠷᠠᠳ ᠤᠯᠠᠨ ᠤ ᠰᠠᠨᠠᠯ ᠪᠠ ᠱᠠᠭᠠᠷᠳᠠᠯᠭ᠎ᠠ ᠶᠢ ᠲᠤᠰᠬᠠᠨ᠎ᠠ᠃ | ᠲᠦᠷᠪᠡᠳᠦᠭᠡᠷ ᠪᠦᠯᠦᠭ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠪᠠᠳᠤᠯᠠᠬᠤ | ᠭᠤᠴᠢᠨ ᠨᠠᠢᠮᠠᠳᠤᠭᠠᠷ ᠵᠦᠢᠯ ᠲᠦᠯᠦᠭᠡᠯᠡᠭᠴᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠬᠤᠷᠠᠯ ᠲᠡᠭᠡᠷᠡᠬᠢ ᠶᠠᠷᠢᠶ᠎ᠠ | ᠪᠠ ᠪᠠᠲᠤᠯᠠᠯᠲᠠ ᠶᠢ ᠬᠠᠦᠯᠢ ᠪᠠᠷ ᠨᠡᠭᠡᠮᠵᠢᠯᠡᠬᠦ ᠦᠭᠡᠢ᠃ | ᠭᠤᠴᠢ ᠶᠢᠰᠦᠳᠦᠭᠡᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠵᠦᠪᠰᠢᠶᠡᠷᠡᠯ ᠦᠭᠡᠢ ᠪᠠᠷ᠂ ᠲᠤᠰ | ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠵᠦᠪᠰᠢᠶᠡᠷᠡᠯ ᠦᠭᠡᠢ ᠪᠠᠷ ᠪᠠᠷᠢᠪᠴᠢᠯᠠᠬᠤ ᠪᠤᠶᠤ ᠡᠷᠡᠬᠦᠦ ᠶᠢᠨ ᠬᠡᠷᠡᠭ ᠢᠶᠠᠷ ᠰᠢᠬᠦᠨ ᠲᠠᠰᠤᠯᠵᠦ ᠪᠤᠯᠬᠤ ᠦᠭᠡᠢ᠃ | ᠬᠡᠷᠪᠡ ᠤᠳᠤ ᠪᠠᠷ ᠢᠶᠠᠨ ᠠᠵᠢᠯᠯᠠᠭ᠎ᠠ ᠲᠠᠢ ᠬᠡᠷᠡᠭᠳᠡᠨ ᠪᠤᠯᠬᠤ ᠤᠴᠢᠷ ᠠᠴᠠ ᠲᠦᠷ ᠬᠤᠷᠢᠬᠳᠠᠭᠰᠠᠨ ᠪᠠᠶᠢᠪᠠᠯ᠂ ᠲᠦᠷ ᠬᠤᠷᠢᠬᠤ ᠶᠢ ᠬᠦᠢᠴᠡᠳᠭᠡᠭᠰᠡᠨ ᠪᠠᠶᠢᠭᠤᠯᠭ᠎ᠠ ᠨᠢ | ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠲᠡᠷᠨ ᠳᠠᠷᠤᠢ ᠳᠤᠨᠢ ᠮᠡᠳᠡᠬᠦᠯᠬᠦ ᠬᠡᠷᠡᠭᠳᠠᠢ᠃ | ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠬᠡᠷᠪᠡ ᠬᠠᠦᠯᠢ | ᠴᠠᠭᠠᠵᠠ ᠳᠤ ᠲᠤᠬᠳᠠᠭᠠᠬᠰᠠᠨ ᠪᠡᠶ᠎ᠠ ᠶᠢᠨ ᠡᠷᠭᠡ ᠴᠢᠯᠦᠭᠡ ᠶᠢ ᠬᠢᠵᠠᠭᠠᠷᠯᠠᠬᠤ ᠪᠤᠰᠤᠳ ᠠᠷᠭ᠎ᠠ ᠬᠡᠮᠵᠢᠶ᠎ᠠ ᠠᠪᠬᠤ ᠳᠤ ᠬᠦᠷᠪᠡᠯ᠂ ᠲᠤᠰ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠᠷ | ᠵᠦᠪᠰᠢᠶᠡᠷᠡᠬᠦᠯᠬᠦ ᠬᠡᠷᠡᠭᠳᠠᠢ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠪᠠᠶᠢᠡᠭᠭᠤ ᠶᠢᠨ ᠬᠤᠷᠢᠶ᠎ᠠ ᠬᠤᠯᠪᠤᠭᠳᠡᠯ ᠪᠦᠬᠦᠢ | ᠪᠠᠶᠢᠭᠤᠯᠭ᠎ᠠ ᠶᠢᠨ ᠲᠤᠰ ᠵᠦᠢᠯ ᠤᠨ ᠲᠤᠬᠳᠠᠭᠠᠯ ᠶᠤᠰᠤᠭᠠᠷ ᠵᠦᠪᠰᠢᠶᠡᠷᠡᠬᠦᠯᠬᠦ ᠪᠠᠷ ᠳᠡᠪᠰᠢᠭᠦᠯᠦᠭᠰᠡᠨ ᠭᠤᠶᠤᠴᠢᠯᠠᠯ ᠢ ᠬᠦᠯᠢᠶᠡᠨ ᠠᠪᠴᠦ ᠰᠢᠢᠳᠪᠤᠷᠢᠯᠡᠬᠦ ᠳᠡᠭᠡᠨ᠂ | ᠲᠦᠯᠦᠭᠡᠯᠡᠭᠴᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠬᠤᠷᠠᠯ ᠲᠡᠭᠡᠷᠡᠬᠢ ᠶᠠᠷᠢᠶ᠎ᠠ ᠪᠠ ᠪᠠᠲᠤᠯᠠᠯᠲᠠ ᠶᠢ ᠬᠠᠦᠯᠢ ᠪᠠᠷ | ᠨᠡᠭᠡᠮᠵᠢᠯᠡᠭᠰᠡᠨ ᠡᠰᠡᠬᠦ᠂ ᠡᠰᠡᠬᠦᠯ᠎ᠠ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠵᠡᠷᠭᠡ ᠲᠤᠰᠢᠶᠡᠯ ᠢᠶᠠᠨ ᠬᠦᠢᠴᠡᠳᠭᠡᠬᠦ ᠪᠤᠰᠤᠳ ᠦᠢᠯᠡ | ᠠᠵᠢᠯᠯᠠᠭ᠎ᠠ ᠳᠤ ᠴᠤᠬᠢᠯᠳᠡ ᠦᠭᠴᠦ ᠥᠰᠢᠶ᠎ᠡ ᠠᠪᠤᠬᠰᠠᠨ ᠪᠠᠶᠢᠳᠡᠯ ᠪᠠᠶᠢᠬᠤ ᠡᠰᠡᠬᠦ ᠶᠢ ᠬᠢᠨᠠᠨ ᠪᠠᠶᠢᠴᠠᠭᠠᠬᠤ ᠪᠦᠭᠡᠳ ᠡᠬᠦᠨ ᠢ ᠦᠨᠳᠤᠰᠤᠯᠡᠨ ᠲᠤᠬᠳᠠᠭᠠᠯ ᠭᠠᠷᠭᠠᠬᠤ | ᠬᠡᠷᠡᠭᠳᠠᠢ᠃ | ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠬᠡᠷᠪᠡ ᠪᠠᠷᠢᠪᠴᠢᠯᠠᠬᠤ᠂ | ᠡᠷᠡᠬᠦᠦ ᠶᠢᠨ ᠬᠡᠷᠡᠭ ᠢᠶᠠᠷ ᠰᠢᠬᠦᠨ ᠲᠠᠰᠤᠯᠬᠤ ᠪᠤᠶᠤ ᠬᠠᠦᠯᠢ ᠴᠠᠭᠠᠵᠠ ᠳᠤ ᠲᠤᠬᠳᠠᠭᠠᠬᠰᠠᠨ ᠪᠡᠶ᠎ᠠ ᠶᠢᠨ ᠡᠷᠭᠡ ᠴᠢᠯᠦᠭᠡ ᠶᠢ ᠬᠢᠵᠠᠭᠠᠷᠯᠠᠬᠤ ᠪᠤᠰᠤᠳ ᠠᠷᠭ᠎ᠠ ᠬᠡᠮᠵᠢᠶ᠎ᠠ | ᠠᠪᠬᠤ ᠳᠤ ᠬᠦᠷᠪᠡᠯ᠂ ᠬᠦᠢᠴᠡᠳᠭᠡᠬᠦ ᠪᠠᠶᠢᠭᠤᠯᠭ᠎ᠠ ᠨᠢ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠲᠡᠷᠨ ᠳᠠᠷᠤᠢ ᠳᠤᠨᠢ ᠮᠡᠳᠡᠬᠦᠯᠬᠦ ᠬᠡᠷᠡᠭᠳᠠᠢ᠃ | ᠳᠥᠴᠢᠳᠦᠭᠡᠷ ᠵᠦᠢᠯ ᠲᠥᠯᠥᠭᠡᠯᠡᠭᠴᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ | ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠪᠠ ᠲᠣᠬᠢᠷᠠᠭᠤᠯᠤᠭᠰᠠᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠳᠤ | ᠣᠷᠣᠯᠴᠠᠬᠤ ᠳᠤ᠂ ᠲᠥᠯᠥᠭᠡᠯᠡᠭᠴᠢ ᠶᠢᠨ ᠪᠠᠶᠢᠭ᠎ᠠ ᠨᠢᠭᠡᠴᠢ ᠨᠢ ᠡᠷᠬᠡᠪᠰᠢ ᠣᠷᠣᠯᠴᠠᠬᠤ ᠴᠠᠭ ᠢ ᠨᠢ ᠪᠠᠲᠤᠯᠠᠬᠤ ᠬᠡᠷᠡᠭᠲᠡᠶ᠃ | ᠳᠦᠴᠢᠨ ᠨᠢᠭᠡᠳᠦᠭᠡᠷ ᠵᠦᠢᠯ ᠲᠦᠯᠦᠭᠡᠯᠡᠭᠴᠢ ᠬᠠᠤᠯᠢ ᠶᠣᠰᠣᠭᠠᠷ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ᠂ ᠲᠡᠬᠦᠨ ᠳᠤ ᠪᠠᠶᠢᠭ᠎ᠠ | ᠨᠢᠭᠡᠴᠢ ᠨᠢ ᠬᠡᠪ ᠤᠨ ᠶᠤᠰᠤᠭᠠᠷ ᠠᠵᠢᠯᠯᠠᠬᠰᠠᠨ ᠢᠶᠠᠷ ᠪᠤᠳᠤᠵᠦ᠂ ᠲᠦᠯᠤᠭᠡᠯᠡᠭᠴᠢ ᠪᠠᠶᠢᠭ᠎ᠠ ᠨᠢᠭᠡᠴᠢ ᠶᠢᠨ ᠢᠶᠠᠨ ᠴᠠᠯᠢᠩ ᠪᠤᠯᠤᠨ ᠪᠤᠰᠤᠳ ᠬᠠᠷᠠᠭᠠᠯᠵᠠᠯ ᠢ ᠬᠥᠷᠳᠡᠨ᠎ᠠ᠃ | | ᠲᠤᠬᠳᠠᠮᠠᠯ ᠴᠠᠯᠢᠩ ᠤᠨ ᠤᠷᠤᠯᠭ᠎ᠠ ᠦᠭᠡᠢ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ᠂ ᠲᠤᠰ ᠱᠠᠳᠤᠨ ᠤ ᠡᠳ᠋ ᠤᠨ | ᠵᠠᠰᠠᠭ ᠠᠴᠠ ᠪᠤᠳᠠᠳᠦ ᠪᠠᠶᠢᠳᠡᠯ ᠢ ᠨᠢ ᠦᠨᠳᠤᠰᠦᠯᠡᠵᠦ ᠵᠤᠬᠢᠰᠳᠠᠢ ᠨᠦᠬᠦᠪᠤᠷᠢ ᠦᠭᠭᠦᠨ᠎ᠠ᠃ | ᠲᠥᠯᠥᠭᠡᠯᠡᠭᠴᠢ ᠬᠠᠤᠯᠢ ᠶᠣᠰᠣᠭᠠᠷ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠳᠤ᠂ ᠤᠯᠤᠰ ᠠᠴᠠ ᠬᠡᠷᠡᠭᠴᠡᠭᠡ ᠶᠢ ᠨᠢ ᠦᠨᠳᠦᠰᠦᠯᠡᠵᠤ ᠪᠠᠶᠢᠭᠠᠳ | ᠢᠷᠡᠵᠦ ᠪᠤᠴᠡᠬᠤ ᠵᠡᠮ ᠤᠨ ᠰᠦᠢᠦᠡᠭᠡᠯ ᠤᠢᠭ᠍ᠬᠦ ᠪᠠ ᠪᠤᠳᠡᠰ ᠤᠨ ᠲᠡᠯ᠎ᠠ ᠪᠠᠷ ᠴᠢᠬᠤᠯᠠ ᠪᠦᠬᠦᠢ ᠲᠦᠬᠦᠮ ᠤᠢᠵᠡᠬᠦᠯᠬᠦ ᠪᠤᠶᠤ ᠨᠦᠬᠦᠪᠦᠷᠢ ᠤᠢᠭ᠍ᠬᠦᠨᠡ᠃ | ᠲᠦᠴᠢᠨ ᠬᠤᠶᠠᠳᠤᠭᠠᠷ ᠵᠦᠢᠯ ᠲᠦᠯᠦᠭᠡᠯᠡᠭᠴᠢ ᠶᠢᠨ ᠠᠵᠢᠯᠯᠠᠭ᠎ᠠ ᠶᠢᠨ ᠵᠠᠷᠤᠳᠡᠯ ᠢ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ | ᠪᠠᠳᠤᠯᠠᠵᠦ᠂ ᠲᠤᠰᠬᠠᠢ ᠵᠤᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠳᠠᠢ᠃ | ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠥᠯᠥᠭᠡᠯᠡᠭᠴᠢ ᠶᠢᠨ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠵᠤ᠂ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠠᠵᠢᠯᠯᠠᠭ᠎ᠠ ᠶᠢ ᠬᠠᠤᠯᠢ ᠶᠤᠰᠤᠭᠠᠷ ᠨᠢᠭᠡᠳᠦᠯᠲᠡᠢ ᠲᠥᠯᠥᠪᠵᠢᠭᠦᠯᠦᠨ ᠵᠤᠬᠢᠶᠠᠨ ᠪᠠᠶᠢᠭᠤᠯᠬᠤ ᠪᠠ ᠲᠤᠬᠢᠷᠠᠭᠤᠯᠤᠨ᠂ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢᠨ ᠲᠥᠯᠥᠪᠯᠡᠭᠡᠲᠦ ᠴᠢᠨᠠᠷ᠂ ᠵᠤᠬᠢᠶᠠᠨ ᠪᠠᠶᠢᠭᠤᠯᠤᠯᠳᠠᠲᠦ ᠴᠢᠨᠠᠷ ᠪᠠ ᠵᠢᠷᠤᠮᠵᠢᠯᠲᠤ ᠴᠢᠨᠠᠷ ᠢ ᠴᠢᠩᠭᠠᠳᠬᠠᠨ᠎ᠠ᠃ | ᠲᠥᠯᠥᠭᠡᠯᠡᠭᠴᠢ ᠶᠢᠨ ᠠᠵᠢᠯ ᠤᠨ ᠣᠨ ᠤ ᠲᠥᠯᠥᠪᠯᠡᠭᠡ ᠶᠢ ᠬᠤᠷᠢᠶᠠᠨ ᠳᠠᠷᠤᠭ᠎ᠠ ᠨᠠᠷ ᠤᠨ ᠬᠤᠷᠠᠯ ᠪᠤᠶᠤ ᠡᠷᠬᠢᠯᠡᠭᠴᠢᠳ ᠤᠨ ᠬᠤᠷᠠᠯ ᠠᠴᠠ ᠪᠠᠲᠤᠯᠠᠵᠤ᠂ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠮᠡᠳᠡᠭᠳᠡᠬᠦ ᠪᠥᠭᠡᠳ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃ | ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠯᠦᠭᠡ ᠬᠠᠷᠢᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠠᠷ᠂ ᠡᠯ᠎ᠡ ᠲᠤᠰᠬᠠᠶ ᠵᠥᠪᠯᠡᠯ ᠪᠠ ᠪᠠᠶᠢᠩᠭᠤ ᠶᠢᠨ | ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠶᠢᠨ ᠲᠥᠯᠥᠭᠡᠯᠡᠭᠴᠢ ᠲᠠᠢ ᠬᠠᠷᠢᠯᠴᠠᠬᠤ ᠠᠵᠢᠯ ᠤᠨ ᠲᠣᠭᠲᠡᠴᠡ ᠶᠢ ᠪᠠᠶᠢᠭᠤᠯᠤᠨ | ᠪᠦᠷᠢᠨᠰᠢᠭᠦᠯᠵᠦ᠂ ᠲᠥᠯᠥᠭᠡᠯᠡᠭᠴᠢ ᠶᠢᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠳᠠᠬᠢ ᠣᠷᠣᠯᠴᠠᠭ᠎ᠠ ᠶᠢ ᠥᠷᠭᠡᠳᠭᠡᠬᠦ ᠬᠡᠷᠡᠭᠲᠡᠢ᠃ | | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠶᠢ ᠬᠠᠷᠢᠭᠤᠴᠠᠨ᠎ᠠ᠃ | ᠳᠥᠴᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ | ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠳᠤ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠦᠯᠵᠢᠶᠡᠨ ᠤ ᠲᠠᠪᠴᠠᠩ ᠢ ᠪᠠᠶᠢᠭᠤᠯᠤᠨ | ᠪᠦᠷᠢᠨᠰᠢᠭᠦᠯᠵᠦ᠂ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠳᠤ ᠲᠥᠬᠦᠮ ᠦᠵᠡᠭᠦᠯᠬᠦ ᠪᠠ ᠦᠢᠯᠡᠴᠢᠯᠡᠭᠡ ᠬᠠᠩᠭᠠᠵᠤ ᠪᠣᠯᠣᠨ᠎ᠠ᠃ | ᠳᠥᠴᠢᠨ ᠵᠢᠷᠭᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠪᠠ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ | ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ | ᠠᠵᠢᠯ ᠤᠨ ᠪᠠᠶᠢᠳᠡᠯ ᠢᠶᠠᠨ ᠴᠠᠭ ᠲᠤᠬᠠᠢ ᠳᠤᠨᠢ ᠮᠡᠳᠡᠭᠳᠡᠵᠦ᠂ ᠮᠡᠳᠡᠭᠡ ᠵᠠᠩᠭᠢ ᠶᠢᠨ ᠮᠠᠲ᠋ᠧᠷᠢᠶᠡᠯ ᠬᠠᠨᠭ᠍ᠭᠠᠵᠦ᠂ ᠲᠦᠯᠦᠭᠡᠯᠡᠭᠴᠢ ᠶᠢᠨ ᠪᠠᠶᠢᠳᠡᠯ ᠢ ᠮᠡᠳᠡᠬᠦ ᠡᠷᠭᠡ ᠶᠢ | ᠪᠠᠳᠤᠯᠠᠬᠤ ᠬᠡᠷᠡᠭᠳᠠᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ | ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠲᠣᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠢᠭᠡᠳᠦᠯᠲᠡᠶ ᠲᠥᠯᠥᠪᠵᠢᠭᠦᠯᠭᠡ ᠲᠤᠬᠢᠷᠠᠭᠤᠯᠤᠯᠲᠠ ᠶᠢ ᠦᠨᠳᠦᠰᠦᠯᠡᠨ᠂ ᠲᠥᠯᠥᠭᠡᠯᠡᠭᠴᠢ ᠶᠢ ᠤᠷᠢᠵᠤ ᠬᠤᠯᠪᠤᠭᠳᠠᠯ ᠪᠦᠬᠦᠢ ᠠᠵᠢᠯ ᠪᠠ | ᠠᠵᠢᠯᠯᠠᠭ᠎ᠠ ᠳᠤ ᠣᠷᠣᠯᠴᠠᠭᠤᠯᠵᠤ᠂ ᠲᠥᠯᠥᠭᠡᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠰᠣᠨᠣᠰᠬᠤ ᠬᠡᠷᠡᠭᠳᠡᠢ᠃ | ᠳᠥᠴᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠥᠯᠥᠭᠡᠯᠡᠭᠴᠢ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠤᠷᠤᠯᠴᠠᠯᠭ᠎ᠠ | ᠪᠣᠯᠪᠠᠰᠤᠷᠠᠯ ᠪᠠ ᠰᠣᠯᠢᠯᠴᠠᠭ᠎ᠠ ᠳᠤ ᠣᠷᠣᠯᠴᠠᠭᠤᠯᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ | ᠃ | ᠲᠥᠯᠥᠭᠡᠯᠡᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠨᠤᠯ ᠪᠠ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠰᠤᠷᠤᠯᠴᠠᠨ | ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠲᠤᠳᠤᠷᠬᠠᠢ ᠣᠶᠢᠯᠠᠭᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠳᠤ ᠱᠠᠭᠠᠷᠳᠠᠭᠳᠠᠬᠤ ᠬᠠᠤᠯᠢ ᠴᠠᠭᠠᠵᠠ ᠶᠢᠨ ᠮᠡᠳᠡᠯᠭᠡ ᠪᠠ ᠪᠤᠰᠤᠳ ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠪᠠᠶᠢᠬᠤ | ᠬᠡᠷᠡᠭᠲᠡᠶ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠡᠭᠡᠳᠦ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠵᠣᠬᠢᠶᠠᠨ ᠪᠠᠶᠢᠭᠤᠯᠤᠭᠰᠠᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠬᠤ ᠬᠡᠷᠡᠭᠲᠡᠶ᠃ | ᠲᠦᠴᠢᠨ ᠨᠠᠢᠮᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ ᠪᠠ ᠠᠵᠢᠯ ᠤᠨ ᠪᠠᠶᠢᠭᠤᠯᠤᠮᠵᠢ ᠪᠤᠯ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ | ᠬᠦᠢᠴᠡᠳᠭᠡᠬᠦ ᠳᠤ ᠦᠢᠯᠡᠴᠢᠯᠡᠬᠦ ᠬᠠᠮᠳᠦ ᠶᠢᠨ ᠪᠠᠶᠢᠭᠤᠯᠤᠮᠵᠢ ᠮᠦᠨ᠂ ᠲᠡᠷᠨ ᠨᠢ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ | ᠦᠢᠯᠡᠴᠢᠯᠡᠭᠡᠨ ᠤ ᠪᠠᠳᠤᠯᠠᠭ᠎ᠠ ᠬᠠᠨᠭ᠍ᠭᠠᠨ᠎ᠠ᠃ | ᠲᠦᠴᠢ ᠶᠢᠰᠦᠳᠦᠭᠡᠷ ᠵᠦᠢᠯ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠲᠦᠬᠦᠮ ᠦᠵᠡᠭᠦᠯᠬᠦ ᠶᠢᠨ ᠲᠦᠯᠦᠭᠡ᠂ ᠡᠯ᠎ᠠ | ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠳᠤ ᠲᠦᠯᠦᠭᠡᠯᠡᠭᠴᠢ ᠶᠢᠨ ᠦᠨᠡᠮᠯᠡᠯ ᠬᠢᠵᠦ ᠦᠭᠬᠦ ᠬᠡᠷᠡᠭᠲᠡᠢ᠃ | ᠲᠠᠪᠢᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠤᠰᠢᠶᠠᠭᠰᠠᠨ ᠲᠥᠯᠥᠭᠡᠯᠡᠭᠴᠢ ᠶᠢᠨ ᠰᠠᠨᠠᠯ | ᠵᠥᠪᠯᠡᠯᠭᠡ ᠶᠢ ᠬᠢᠨᠠᠨ ᠵᠦᠪᠯᠡᠬᠦ ᠳᠡᠭᠡᠨ ᠲᠥᠯᠥᠭᠡᠯᠡᠭᠴᠢ ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ ᠢ ᠨᠢ ᠭᠦᠢᠴᠡᠳ ᠰᠣᠨᠣᠰᠬᠤ ᠪᠥᠭᠡᠳ ᠪᠠᠶᠢᠳᠠᠯ ᠢ ᠴᠠᠭ | ᠲᠤᠬᠠᠶ ᠳᠤᠨᠢ ᠮᠡᠳᠡᠭᠳᠡᠬᠦ ᠬᠡᠷᠡᠭᠲᠡᠶ᠃ | ᠲᠠᠪᠢᠨ ᠨᠢᠭᠡᠳᠤᠭᠡᠷ ᠵᠦᠢᠯ ᠲᠥᠯᠥᠭᠡᠯᠡᠭᠴᠢ ᠶᠢᠨ ᠡᠯ᠎ᠡ ᠲᠠᠯ᠎ᠠ ᠶᠢᠨ ᠠᠵᠢᠯ ᠳᠤ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠪᠤᠶᠤ ᠰᠢᠶᠠᠩ᠂ | ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠬᠤᠯᠪᠣᠭᠳᠠᠯ ᠪᠦᠬᠦᠢ | ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠳᠤ ᠲᠤᠰᠢᠶᠠᠵᠤ ᠰᠤᠳᠤᠯᠤᠨ ᠰᠢᠢᠳᠪᠦᠷᠢᠯᠡᠭᠦᠯᠦᠨ᠎ᠡ᠃ | ᠬᠤᠯᠪᠤᠭᠳᠠᠯ ᠪᠦᠬᠦᠢ ᠪᠠᠶᠢᠭᠤᠯᠭ᠎ᠠ᠂ ᠵᠤᠬᠢᠶᠠᠨ ᠪᠠᠶᠢᠭᠤᠯᠤᠯᠳᠡ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠬᠢᠨᠠᠮᠠᠭᠠᠢ ᠰᠤᠳᠤᠯᠤᠨ | ᠰᠢᠢᠳᠪᠤᠷᠢᠯᠡᠵᠦ᠂ ᠲᠥᠯᠥᠭᠡᠯᠡᠭᠴᠢ ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ ᠢ ᠨᠢ ᠭᠦᠢᠴᠡᠳ ᠰᠣᠨᠣᠰᠬᠤ ᠶᠢᠨ ᠬᠠᠮᠲᠤ ᠰᠢᠢᠳᠪᠤᠷᠢᠯᠡᠬᠦᠯᠬᠦ ᠪᠠᠷ ᠲᠤᠰᠢᠶᠠᠭᠰᠠᠨ | ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠲᠤᠳᠤᠷ᠎ᠠ ᠬᠠᠷᠢᠭᠤᠯᠳᠡ ᠦᠭᠭᠦ ᠬᠡᠷᠡᠭᠳᠠᠢ᠃ ᠬᠤᠯᠪᠤᠬᠳᠠᠬᠤ ᠬᠡᠪᠴᠢᠶ᠎ᠠ ᠨᠢ ᠦᠷᠭᠡᠨ᠂ ᠰᠢᠢᠳᠪᠤᠷᠢᠯᠡᠬᠦ ᠳᠤ ᠬᠦᠴᠢᠷᠳᠠᠢ | ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠳᠤ ᠰᠢᠢᠳᠪᠤᠷᠢᠯᠡᠬᠦᠯᠬᠦ ᠪᠠᠷ ᠲᠤᠰᠢᠶᠠᠭᠰᠠᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠶᠢᠨ ᠲᠤᠳᠤᠷ᠎ᠠ ᠬᠠᠷᠢᠭᠤᠯᠳᠡ ᠦᠭᠭᠦ | ᠬᠡᠷᠡᠭᠳᠠᠢ᠃ | ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠢ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ | ᠠᠵᠢᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠪᠥᠭᠡᠳ ᠳᠠᠷᠠᠭᠠᠴᠢ ᠶᠢᠨ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠠᠷᠤᠮᠠᠯᠯᠠᠨ | ᠲᠠᠷᠬᠠᠭᠠᠨ᠎ᠠ︔ ᠡᠰᠡᠬᠦᠯ᠎ᠡ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠠᠴᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ᠎ᠡ᠃ ᠲᠥᠯᠥᠭᠡᠯᠡᠭᠴᠢ ᠶᠢᠨ | ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠢᠯᠡ ᠪᠣᠯᠭᠠᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ | ᠪᠦᠬᠦᠢ ᠲᠤᠰᠬᠠᠶ ᠵᠦᠪᠯᠡᠯ ᠪᠠ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ᠂ ᠰᠢᠶᠠᠩ᠂ ᠦᠨᠳᠦᠰᠦᠲᠡᠨ ᠤ ᠰᠢᠶᠠᠩ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠢ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ ᠴᠢᠩᠭᠠᠳᠬᠠᠬᠤ ᠬᠡᠷᠡᠭᠲᠡᠶ᠃ | ᠬᠤᠷᠢᠶᠠᠨ ᠳᠠᠷᠤᠭ᠎ᠠ ᠨᠠᠷ ᠤᠨ ᠬᠤᠷᠠᠯ ᠪᠤᠶᠤ ᠡᠷᠬᠢᠯᠡᠭᠴᠢᠳ ᠤᠨ ᠬᠤᠷᠠᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠬᠤᠪᠢ ᠶᠢᠨ | ᠠᠰᠢᠭ ᠲᠤᠰᠠ ᠲᠠᠢ ᠬᠤᠯᠪᠣᠭᠳᠠᠭᠰᠠᠨ᠂ ᠨᠡᠶᠢᠭᠡᠮ ᠳᠠᠶᠠᠭᠠᠷ ᠤᠨ ᠨᠡᠶᠢᠳᠡᠮ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠤᠴᠢᠷ | ᠶᠠᠪᠤᠳᠠᠯ ᠤᠨ ᠲᠤᠭᠤᠷᠢᠨ ᠳᠤ᠂ ᠭᠤᠤᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ | ᠲᠣᠭᠲᠠᠭᠠᠵᠦ ᠪᠤᠯᠤᠨ᠎ᠠ᠃ | ᠲᠠᠪᠢᠨ ᠭᠤᠷᠪᠠᠳᠤᠭᠠᠷ ᠵᠦᠢᠯ ᠴᠦᠭᠡᠨ ᠲᠤᠭᠠᠳᠦ ᠦᠨᠳᠤᠰᠤᠳᠡᠨ ᠤ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠦᠶ᠎ᠠ ᠳᠤ᠂ | ᠬᠤᠯᠪᠤᠬᠳᠡᠯ ᠪᠦᠬᠦᠢ ᠰᠠᠯᠠᠭ᠎ᠠ ᠮᠦᠴᠢᠷ ᠤᠨ ᠬᠢᠨ ᠦᠭᠡ ᠬᠡᠯᠡ ᠦᠰᠦᠭ ᠪᠢᠴᠢᠭ᠂ ᠠᠮᠢᠳᠤᠷᠠᠯ ᠤᠨ ᠵᠠᠩ ᠲᠠᠳᠬᠠᠯ ᠵᠡᠷᠭᠡ ᠲᠠᠯ᠎ᠠ ᠪᠠᠷ ᠴᠢᠬᠤᠯᠠ ᠪᠦᠬᠦᠢ | ᠬᠠᠪᠰᠤᠷᠤᠯᠭ᠎ᠠ ᠪᠠ ᠬᠠᠷᠠᠭᠠᠯᠵᠠᠯ ᠦᠵᠡᠬᠦᠯᠬᠦ ᠬᠡᠷᠡᠭᠳᠠᠢ᠃ | ᠲᠠᠪᠢᠨ ᠲᠦᠷᠪᠡᠳᠦᠭᠡᠷ ᠵᠦᠢᠯ ᠪᠡᠶ᠎ᠡ ᠨᠢ ᠵᠡᠮᠳᠡᠭ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠪᠤᠰᠤᠳ ᠲᠥᠯᠥᠭᠡᠯᠡᠭᠴᠢ ᠲᠥᠯᠥᠭᠡᠯᠡᠭᠴᠢ ᠶᠢᠨ | ᠲᠤᠰᠢᠶᠠᠯ ᠢᠶᠠᠨ ᠭᠦᠢᠴᠡᠳᠭᠡᠬᠦ ᠦᠶ᠎ᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠡᠷᠡᠭᠴᠡᠭᠡ ᠶᠢ ᠨᠢ ᠦᠨᠳᠦᠰᠦᠯᠡᠨ ᠴᠢᠬᠤᠯᠠ ᠪᠦᠬᠦᠢ ᠬᠠᠪᠰᠤᠷᠤᠯᠭ᠎ᠠ ᠪᠠ | ᠬᠠᠷᠠᠭᠠᠯᠵᠠᠯ ᠦᠵᠡᠭᠦᠯᠬᠦ ᠬᠡᠷᠡᠭᠲᠡᠶ᠃ | ᠲᠠᠪᠢᠨ ᠲᠠᠪᠤᠳᠤᠭᠠᠷ ᠵᠦᠢᠯ ᠠᠯᠢᠪᠠ ᠵᠤᠬᠢᠶᠡᠨ ᠪᠠᠶᠢᠭᠤᠯᠤᠯᠳᠡ ᠪᠠ ᠬᠤᠪᠢ ᠬᠦᠮᠦᠨ ᠴᠦᠮ ᠡᠷᠭᠡᠪᠰᠢ ᠲᠦᠯᠦᠭᠡᠯᠡᠭᠴᠢ ᠶᠢᠨ ᠡᠷᠭᠡ ᠶᠢ ᠬᠦᠨᠳᠦᠳᠭᠡᠵᠦ᠂ | ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠲᠡᠮᠵᠢᠬᠦ ᠬᠡᠷᠡᠭᠳᠠᠢ᠃ | ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠬᠠᠮᠵᠢᠨ ᠲᠤᠰᠠᠯᠠᠬᠤ ᠡᠬᠦᠷᠭᠡ ᠲᠠᠢ ᠪᠠᠶᠢᠳᠠᠯ᠎ᠠ ᠡᠬᠦᠷᠭᠡ ᠪᠠᠨ ᠭᠦᠢᠴᠡᠳᠭᠡᠬᠦ ᠶᠢ | ᠲᠡᠪᠴᠢᠭᠰᠡᠨ ᠪᠠᠶᠢᠪᠠᠯ᠂ ᠬᠤᠯᠪᠤᠬᠳᠡᠯ ᠪᠦᠬᠦᠢ ᠨᠢᠭᠡᠴᠢ ᠠᠴᠠ ᠰᠢᠬᠦᠮᠵᠢᠯᠡᠨ ᠰᠤᠷᠭᠠᠵᠦ᠂ ᠴᠢᠨᠠᠬᠰᠢᠯᠠᠪᠠᠯ ᠰᠢᠢᠳᠭᠡᠯ ᠦᠭᠭᠦ ᠬᠡᠷᠡᠭᠲᠡᠢ᠃ | ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠶᠢ ᠬᠠᠷᠰᠢᠯᠠᠬᠰᠠᠨ ᠪᠠᠶᠢᠪᠠᠯ᠂ ᠦᠢᠯᠡ ᠪᠠᠶᠢᠳᠡᠯ ᠢ ᠨᠢ | ᠦᠨᠳᠤᠰᠦᠯᠡᠨ᠂ ᠲᠡᠬᠦᠨ ᠤ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ ᠰᠢᠢᠳᠭᠡᠯ ᠥᠭᠬᠦᠨ᠎ᠠ ᠡᠰᠡᠬᠦᠯ᠎ᠡ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠦᠯᠢ︾ ᠢᠢᠨ ᠬᠤᠯᠪᠣᠭᠳᠠᠯ ᠪᠦᠬᠦᠢ ᠲᠣᠭᠲᠠᠭᠠᠯ ᠢ ᠲᠤᠬᠢᠷᠠᠭᠤᠯᠤᠨ ᠬᠡᠷᠡᠭᠯᠡᠵᠤ | ᠰᠶᠢᠳᠬᠡᠨ ᠲᠤᠷᠭᠠᠨ᠎ᠠ︔ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠶᠢ ᠬᠦᠴᠦᠷᠭᠡᠭᠯᠡᠯ᠂ ᠰᠦᠷᠳᠡᠬᠦᠯᠦᠯ ᠤᠨ | ᠠᠷᠭ᠎ᠠ ᠪᠠᠷ ᠬᠠᠷᠰᠢᠯᠠᠬᠰᠠᠨ ᠪᠠᠶᠢᠪᠠᠯ᠂ ᠡᠷᠡᠬᠦᠦ ᠶᠢᠨ ᠬᠠᠦᠯᠢ ᠶᠢᠨ ᠬᠤᠯᠪᠤᠭᠳᠡᠯ ᠪᠦᠬᠦᠢ ᠲᠤᠬᠳᠠᠭᠠᠯ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠲᠦᠯᠦᠭᠡᠯᠡᠭᠴᠢ ᠢᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠳᠤ ᠴᠤᠬᠢᠯᠳᠡ ᠦᠭᠴᠦ ᠥᠰᠢᠶ᠎ᠡ ᠠᠪᠤᠬᠰᠠᠨ ᠪᠠᠶᠢᠪᠠᠯ᠂ | ᠲᠡᠬᠦᠨ ᠤ ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠪᠠᠶᠢᠭᠤᠯᠭ᠎ᠠ ᠠᠴᠠ ᠵᠠᠷᠯᠢᠬᠳᠠᠨ ᠵᠠᠯᠠᠷᠠᠭᠤᠯᠤᠭᠤᠯᠬᠤ ᠪᠤᠶᠤ ᠵᠠᠰᠠᠭ ᠵᠠᠬᠢᠷᠭᠠᠨ ᠤ ᠰᠢᠢᠳᠭᠡᠯ ᠦᠭᠭᠦᠨ᠎ᠠ︔ | ᠲᠦᠷᠦ ᠶᠢᠨ ᠠᠵᠢᠯᠳᠡᠨ ᠴᠤᠬᠢᠯᠳᠡ ᠦᠭᠴᠦ ᠬᠠᠷᠢᠭᠤ ᠠᠪᠬᠤ ᠠᠵᠢᠯᠯᠠᠭ᠎ᠠ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠡᠷᠡᠬᠦᠦ ᠶᠢᠨ ᠬᠠᠦᠯᠢ ᠶᠢᠨ | ᠬᠤᠯᠪᠤᠭᠳᠡᠯ ᠪᠦᠬᠦᠢ ᠲᠤᠬᠳᠠᠭᠠᠯ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠲᠠᠪᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠤᠯᠤᠨ ᠰᠢᠶᠠᠩ᠂ ᠥᠨᠲᠥᠰᠥᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠥᠯᠬᠦᠮ | ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ ᠲᠥᠯᠥᠭᠡᠯᠡᠭᠴᠢ ᠶᠢᠨ ᠬᠠᠦᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ᠂ | ᠦᠢᠯᠡᠳᠦᠯ ᠢᠶᠠᠨ ᠪᠠᠳᠠᠷᠠᠭᠤᠯᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠵᠤ᠂ ᠲᠥᠯᠥᠭᠡᠯᠡᠭᠴᠢ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠶᠢ ᠢᠯᠡᠷᠡᠭᠦᠯᠬᠦ ᠬᠡᠷᠡᠭᠲᠡᠶ᠃ | ᠲᠠᠪᠤᠳᠤᠭᠠᠷ ᠪᠦᠯᠦᠭ ᠲᠦᠯᠦᠭᠡᠯᠡᠭᠴᠢ ᠳᠤ ᠬᠢᠨᠠᠯᠳᠡ ᠲᠠᠯᠪᠢᠬᠤ | ᠲᠠᠪᠢᠨ ᠳᠣᠯᠣᠳᠤᠭᠠᠷ ᠵᠦᠢᠯ ᠲᠥᠯᠥᠭᠡᠯᠡᠭᠴᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ | ᠭᠦᠢᠴᠡᠳᠭᠡᠵᠦ᠂ ᠦᠵᠡᠯ ᠰᠠᠨᠠᠭ᠎ᠠ ᠣᠪᠣᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ | ᠲᠥᠯᠥᠭᠡᠯᠡᠭᠴᠢ ᠶᠢᠨ ᠳᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ | ᠲᠠᠪᠢᠨ ᠨᠠᠢᠮᠠᠳᠤᠭᠠᠷ ᠵᠦᠢᠯ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠬᠤ ᠲᠤᠬᠠᠢ ᠠᠷᠠᠳ ᠤᠯᠠᠨ ᠤ | ᠰᠠᠨᠠᠯ ᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠦᠷᠬᠦᠯᠵᠢ ᠰᠤᠨᠤᠰᠴᠦ᠂ ᠲᠦᠯᠦᠭᠡᠯᠡᠭᠴᠢ ᠶᠢᠨ ᠠᠵᠢᠯ ᠤᠨ ᠲᠤᠬᠠᠢ ᠪᠠ ᠲᠦᠯᠦᠭᠡᠯᠡᠭᠴᠢ ᠶᠢᠨ ᠠᠵᠢᠯᠯᠠᠭ᠎ᠠ ᠶᠢᠨ | ᠲᠤᠬᠠᠢ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠶᠢᠨ ᠢᠶᠠᠨ ᠯᠠᠪᠯᠠᠨ ᠠᠰᠠᠭᠤᠬᠰᠠᠨ ᠵᠦᠢᠯ ᠳᠤ | ᠬᠠᠷᠢᠭᠤᠯᠳᠡ ᠦᠭᠴᠦ᠂ ᠲᠡᠳᠡᠨ ᠤ ᠬᠢᠨᠠᠯᠳᠡ ᠶᠢ ᠬᠦᠯᠢᠶᠡᠬᠦ ᠬᠡᠷᠡᠭᠳᠠᠢ᠃ᠲᠥᠯᠥᠭᠡᠯᠡᠭᠴᠢ ᠤᠤᠯ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠪᠤᠶᠤ | ᠤᠤᠯ ᠰᠣᠩᠭᠤᠭᠰᠠᠨ ᠨᠢᠭᠡᠴᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢᠶᠠᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠮᠡᠳᠡᠭᠦᠯᠬᠦ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠥᠯᠥᠭᠡᠯᠡᠭᠴᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠲᠡᠮᠳᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠤᠤᠯ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ | ᠪᠤᠶᠤ ᠤᠤᠯ ᠰᠣᠩᠭᠤᠭᠰᠠᠨ ᠨᠢᠭᠡᠴᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠨᠢ ᠮᠡᠳᠡᠭᠦᠯᠦᠭᠦᠯᠬᠦ ᠪᠦᠭᠡᠳ ᠲᠥᠯᠥᠭᠡᠯᠡᠭᠴᠢ ᠶᠢᠨ | ᠦᠨᠳᠦᠰᠦᠨ ᠮᠡᠳᠡᠭᠡ ᠵᠠᠩᠭᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠷᠡᠭᠲᠡᠢ᠃ | ᠲᠠᠪᠢ ᠶᠢᠰᠦᠳᠦᠭᠡᠷ ᠵᠦᠢᠯ ᠲᠥᠯᠥᠭᠡᠯᠡᠭᠴᠢ ᠬᠤᠪᠢ ᠶᠢᠨ ᠲᠤᠬᠠᠶᠢᠯᠠᠬᠰᠠᠨ ᠠᠵᠢᠯ ᠤᠨ ᠠᠵᠢᠯᠯᠠᠭ᠎ᠠ ᠬᠢᠬᠦ ᠪᠠ ᠲᠥᠯᠥᠭᠡᠯᠡᠭᠴᠢ ᠶᠢᠨ ᠲᠤᠰᠢᠶᠠᠯ ᠢᠶᠠᠨ | ᠭᠦᠢᠴᠡᠳᠭᠡᠬᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠶᠠᠪᠤᠳᠠᠯ ᠢ ᠠᠰᠢᠭᠯᠠᠨ ᠪᠣᠳᠠᠲᠠᠶ ᠬᠠᠦᠯᠢ | ᠬᠡᠷᠡᠭᠵᠢᠭᠦᠯᠬᠦ᠂ ᠬᠠᠤᠯᠢ ᠪᠠᠷᠢᠬᠤ ᠬᠡᠷᠡᠭ ᠲᠤ ᠭᠠᠷ ᠲᠥᠷᠥᠵᠥ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦ᠋ᠯᠢᠶᠡᠬᠦ ᠵᠡᠷᠭᠡ ᠠᠵᠤ ᠠᠬᠤᠢ ᠶᠢᠨ | ᠠᠵᠢᠯᠯᠠᠭ᠎ᠠ ᠳᠤ ᠭᠠᠷ ᠳᠦᠷᠦᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠳᠠᠯᠳᠤᠭᠠᠨ ᠤ ᠠᠵᠢᠯᠯᠠᠭ᠎ᠠ ᠬᠢᠵᠦ ᠬᠤᠪᠢ ᠶᠢᠨ ᠠᠰᠢᠭ ᠣᠯᠵᠦ ᠪᠤᠯᠬᠤ ᠦᠭᠡᠢ᠃ | ᠵᠢᠷᠠᠳᠤᠭᠠᠷ ᠵᠦᠢᠯ ᠰᠤᠩᠭᠤᠭᠤᠯᠢ ᠶᠢᠨ ᠠᠷᠠᠳ ᠪᠤᠶᠤ ᠰᠤᠩᠭᠤᠬᠰᠠᠨ ᠨᠢᠭᠡᠴᠢ ᠦᠪᠡᠷ ᠤᠨ ᠰᠤᠩᠭᠤᠵᠤ ᠭᠠᠷᠭᠠᠭᠰᠠᠨ ᠲᠦᠯᠦᠭᠡᠯᠡᠭᠴᠢ ᠪᠠᠨ ᠬᠠᠦᠯᠢ | ᠶᠤᠰᠤᠭᠠᠷ ᠤᠬᠴᠤᠷᠠᠭᠤᠯᠬᠤ ᠡᠷᠭᠡ ᠲᠠᠢ᠃ ᠤᠬᠴᠤᠷᠠᠭᠤᠯᠤᠬᠳᠠᠬᠤ ᠪᠠᠷ ᠲᠤᠷᠠᠳᠤᠬᠳᠠᠬᠰᠠᠨ ᠲᠦᠯᠦᠭᠡᠯᠡᠭᠴᠢ ᠲᠤᠰ ᠲᠦᠯᠦᠭᠡᠯᠡᠭᠴᠢ ᠶᠢ ᠤᠬᠴᠤᠷᠠᠭᠤᠯᠬᠤ | ᠬᠤᠷᠠᠯ ᠳᠤ ᠤᠷᠤᠯᠴᠠᠵᠦ᠂ ᠲᠤᠳᠤᠷᠬᠠᠶᠢᠯᠠᠨ ᠵᠦᠪᠳᠤᠭᠡᠬᠦ ᠰᠠᠨᠠᠯ ᠳᠤᠷᠠᠳᠬᠤ ᠪᠤᠶᠤ ᠲᠤᠳᠤᠷᠬᠠᠶᠢᠯᠠᠨ ᠵᠦᠪᠳᠤᠭᠡᠬᠦ ᠰᠠᠨᠠᠯ ᠢᠶᠠᠨ ᠪᠢᠴᠢᠭ ᠤᠨ ᠬᠡᠯᠪᠡᠷᠢ ᠪᠠᠷ ᠳᠤᠷᠠᠳᠬᠤ | ᠡᠷᠭᠡ ᠲᠠᠢ᠃ | ᠵᠢᠷᠠᠨ ᠨᠢᠭᠡᠳᠤᠭᠡᠷ ᠵᠦᠢᠯ ᠲᠦᠯᠦᠭᠡᠯᠡᠭᠴᠢ ᠳᠤ ᠲᠤᠤᠷ᠎ᠠ ᠵᠢᠬᠰᠠᠭᠠᠬᠰᠠᠨ ᠪᠠᠶᠢᠳᠡᠯ ᠤᠨ ᠨᠢᠭᠡ ᠨᠢ ᠪᠠᠶᠢᠪᠠᠯ᠂ ᠲᠦᠯᠦᠭᠡᠯᠡᠭᠴᠢ ᠶᠢᠨ ᠲᠤᠰᠢᠶᠡᠯ ᠢᠶᠠᠨ | ᠬᠦᠢᠴᠡᠳᠭᠡᠬᠦ ᠶᠢ ᠨᠢ ᠲᠦᠷ ᠵᠤᠬᠰᠤᠭᠠᠵᠦ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠳᠤ ᠮᠡᠳᠡᠬᠦᠯᠤᠨ᠎ᠠ᠄ | ︵ᠨᠢᠭᠡ︶ ᠡᠷᠡᠬᠦᠦ ᠶᠢᠨ ᠬᠡᠷᠡᠭ ᠲᠤ ᠬᠤᠯᠪᠤᠬᠳᠠᠬᠰᠠᠨ ᠠᠴᠠ ᠪᠤᠯᠵᠦ ᠬᠤᠷᠢᠬᠳᠠᠭᠠᠳ ᠶᠠᠭ ᠲᠠᠩᠨᠠᠨ ᠪᠠᠶᠢᠴᠠᠭᠠᠬᠳᠠᠵᠦ᠂ ᠵᠠᠭᠠᠯᠳᠤᠬᠳᠠᠵᠦ᠂ ᠰᠢᠬᠦᠨ | ᠲᠠᠰᠤᠯᠤᠬᠳᠠᠵᠦ ᠪᠠᠶᠢᠪᠠᠯ︔ | ︵ᠬᠤᠶᠠᠷ︶ ᠬᠠᠦᠯᠢ ᠶᠤᠰᠤᠭᠠᠷ ᠵᠠᠬᠢᠷᠤᠨ ᠬᠠᠮᠢᠶᠠᠷᠬᠤ᠂ ᠬᠤᠷᠢᠵᠦ ᠬᠦᠳᠡᠯᠮᠤᠷᠢᠯᠡᠭᠦᠯᠬᠦ ᠪᠤᠶᠤ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠢᠳᠭᠡᠭᠳᠡᠭᠰᠡᠨ | ᠪᠤᠯᠪᠠᠴᠤ ᠤᠯᠤᠰ ᠲᠦᠷᠦ ᠶᠢᠨ ᠡᠷᠭᠡ ᠶᠢ ᠨᠢ ᠬᠠᠰᠤᠬᠤ ᠨᠡᠮᠡᠯᠳᠡ ᠡᠷᠡᠭᠦᠦ ᠪᠠᠷ ᠰᠢᠢᠳᠭᠡᠭᠳᠡᠭᠰᠡᠨ ᠦᠭᠡᠢ᠂ ᠶᠠᠭ ᠡᠷᠡᠬᠦᠦ ᠰᠢᠢᠳᠭᠡᠯ ᠬᠦᠢᠴᠡᠳᠭᠡᠵᠦ ᠪᠠᠶᠢᠪᠠᠯ᠃ | ᠡᠮᠦᠨᠡᠬᠢ ᠠᠭᠤᠯᠭ᠎ᠠ ᠳᠤ ᠵᠢᠬᠰᠠᠭᠠᠬᠰᠠᠨ ᠪᠠᠶᠢᠳᠡᠯ ᠲᠦᠯᠦᠭᠡᠯᠡᠭᠴᠢ ᠶᠢᠨ ᠲᠤᠰᠢᠶᠡᠯ ᠤᠨ ᠬᠤᠭᠤᠴᠠᠭᠠᠨ ᠳᠤ ᠠᠷᠢᠯᠤᠭᠰᠠᠨ ᠤ ᠳᠠᠷᠠᠭ᠎ᠠ᠂ ᠲᠡᠬᠦᠨ ᠤ | ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠨᠢ ᠰᠡᠷᠬᠦᠭᠡᠨ᠎ᠠ᠂ ᠬᠡᠪᠡᠴᠦ ᠲᠦᠯᠦᠭᠡᠯᠡᠭᠴᠢ ᠶᠢᠨ ᠬᠢᠷᠢ ᠭᠡᠮ ᠢᠶᠠᠨ ᠵᠤᠬᠰᠤᠭᠠᠬᠲᠠᠬᠰᠠᠳ ᠡᠬᠦᠨ ᠳᠤ | ᠪᠠᠭᠳᠠᠬᠤ ᠦᠭᠡᠢ᠃ | ᠵᠢᠷᠠᠨ ᠬᠤᠶᠠᠳᠤᠭᠠᠷ ᠵᠦᠢᠯ ᠲᠦᠯᠦᠭᠡᠯᠡᠭᠴᠢ ᠳᠤ ᠲᠤᠤᠷ᠎ᠠ ᠵᠢᠬᠰᠠᠭᠠᠬᠰᠠᠨ ᠪᠠᠶᠢᠳᠡᠯ ᠤᠨ ᠨᠢᠭᠡ ᠨᠢ ᠪᠠᠶᠢᠪᠠᠯ᠂ ᠲᠦᠯᠦᠭᠡᠯᠡᠭᠴᠢ ᠶᠢᠨ ᠬᠢᠷᠢ ᠬᠡᠮ ᠢ ᠨᠢ | ᠵᠤᠬᠰᠤᠭᠠᠨ᠎ᠠ᠄ | ︵ᠨᠢᠭᠡ︶ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠵᠠᠰᠠᠭ ᠵᠠᠬᠢᠷᠭᠠᠨ ᠤ | ᠤᠷᠤᠨ ᠠᠴᠠ ᠪᠠᠨ ᠨᠡᠬᠦᠵᠦ ᠶᠠᠪᠤᠬᠰᠠᠨ ᠪᠤᠶᠤ ᠠᠵᠢᠯ ᠰᠢᠯᠵᠢᠵᠦ ᠶᠠᠪᠤᠬᠰᠠᠨ ᠪᠠᠶᠢᠪᠠᠯ︔ | ︵ᠬᠤᠶᠠᠷ︶ ᠲᠤᠰᠢᠶᠠᠯ ᠠᠴᠠ ᠪᠠᠨ ᠪᠠᠭᠤᠭᠰᠠᠨ ᠪᠤᠶᠤ ᠵᠠᠷᠯᠢᠭᠳᠠᠵᠦ ᠪᠠᠶᠢᠭᠠᠳ ᠲᠤᠰᠢᠶᠠᠯ ᠠᠴᠠ ᠨᠢ ᠪᠠᠭᠤᠯᠭᠠᠬᠤ ᠶᠢ ᠬᠦᠯᠢᠶᠡᠨ ᠠᠪᠤᠭᠰᠠᠨ ᠪᠠᠶᠢᠪᠠᠯ︔ | ︵ᠭᠤᠷᠪᠠ︶ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠵᠦᠪᠰᠢᠶᠡᠷᠡᠭᠦᠯᠦᠭᠰᠡᠨ ᠦᠭᠡᠢ ᠪᠠᠷ ᠬᠤᠶᠠᠷ ᠤᠳᠠᠭ᠎ᠠ ᠬᠤᠷᠠᠯ ᠳᠤ | ᠦᠯᠦ ᠤᠷᠤᠯᠴᠠᠬᠰᠠᠨ ᠪᠠᠶᠢᠪᠠᠯ︔ | ︵ᠲᠦᠷᠪᠡ︶ ᠲᠤᠰᠢᠶᠠᠯ ᠢᠶᠠᠨ ᠤᠬᠴᠤᠷᠠᠭᠤᠯᠤᠬᠳᠠᠬᠰᠠᠨ ᠪᠠᠶᠢᠪᠠᠯ︔ | ︵ᠲᠠᠪᠤ︶ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠯᠤᠰ ᠤᠨ ᠬᠠᠷᠢᠶ᠎ᠠ ᠪᠠᠨ ᠠᠯᠳᠠᠬᠰᠠᠨ ᠪᠠᠶᠢᠪᠠᠯ︔ | ︵ᠵᠢᠷᠭᠤᠭ᠎ᠠ︶ ᠬᠠᠦᠯᠢ ᠶᠤᠰᠤᠭᠠᠷ ᠤᠯᠤᠰ ᠲᠦᠷᠦ ᠶᠢᠨ ᠡᠷᠭᠡ ᠪᠠᠨ ᠬᠠᠰᠤᠭᠤᠯᠤᠭᠰᠠᠨ ᠪᠠᠶᠢᠪᠠᠯ︔ | ︵ᠲᠤᠯᠤᠭ᠎ᠠ︶ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳᠠᠬᠰᠠᠨ ᠪᠠᠶᠢᠪᠠᠯ᠃ | ᠲᠥᠯᠥᠬᠡᠯᠡᠭᠴᠢ ᠨᠠᠰᠤ ᠪᠠᠷᠠᠪᠠᠯ᠂ ᠲᠡᠬᠦᠨ ᠤ ᠲᠥᠯᠥᠬᠡᠯᠡᠭᠴᠢ ᠶᠢᠨ ᠬᠢᠷᠢ ᠬᠡᠮ ᠨᠢ ᠠᠶᠠᠨᠲᠠᠭᠠᠨ ᠵᠤᠬᠰᠤᠨ᠎ᠠ᠃ | ᠵᠢᠷᠠᠨ ᠭᠤᠷᠪᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠬᠢᠷᠢ ᠬᠡᠮ ᠢ ᠵᠤᠬᠰᠤᠭᠠᠬᠤ ᠳᠤ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠮᠡᠳᠡᠬᠦᠯᠵᠦ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠠᠴᠠ ᠠᠯᠪᠠᠨ ᠵᠠᠷ ᠨᠠᠶᠢᠳᠡᠯᠡᠨ᠎ᠠ᠃ | ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠢᠷᠢ ᠬᠡᠮ ᠢ | ᠵᠤᠬᠰᠤᠭᠠᠬᠤ ᠳᠤ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠮᠡᠳᠡᠬᠦᠯᠵᠦ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠠᠯᠪᠠᠨ ᠵᠠᠷ ᠨᠠᠶᠢᠳᠡᠯᠡᠨ᠎ᠠ᠃ | ᠵᠢᠷᠭᠤᠳᠤᠭᠠᠷ ᠪᠦᠯᠦᠭ ᠲᠠᠭᠠᠯᠲᠤᠭᠤᠯᠤᠯ ᠲᠦᠷᠢᠮ | ᠵᠢᠷᠠᠨ ᠲᠦᠷᠪᠡᠳᠤᠭᠡᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠲᠤᠰ ᠬᠠᠦᠯᠢ ᠪᠠ ᠲᠤᠰ ᠵᠠᠰᠠᠭ ᠵᠠᠬᠢᠷᠭᠠᠨ ᠤ ᠤᠷᠤᠨ ᠤ ᠪᠠᠨ ᠪᠤᠳᠠᠳᠦ ᠪᠠᠶᠢᠳᠡᠯ ᠢ ᠦᠨᠳᠤᠰᠦᠯᠡᠵᠦ᠂ ᠬᠡᠷᠡᠭᠵᠢᠬᠦᠯᠬᠦ | ᠠᠷᠭ᠎ᠠ ᠲᠤᠬᠳᠠᠭᠠᠵᠦ ᠪᠤᠯᠤᠨ᠎ᠠ᠃ | ᠵᠢᠷᠠᠨ ᠲᠠᠪᠤᠳᠤᠭᠠᠷ ᠵᠦᠢᠯ ᠲᠤᠰ ᠬᠠᠦᠯᠢ ᠶᠢ ᠨᠠᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ | ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | |