3 ᠳ᠋ᠤᠭᠠᠷ ᠰᠠᠷ᠎ᠠ ᠶᠢᠨ 20 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠭᠤᠤᠯ ᠬᠤᠲᠠ ᠶᠢᠨ | ᠲᠣᠭᠤᠷᠢᠭ ᠲᠤ ᠡᠮᠴᠢᠯᠡᠭᠡᠨ ᠤ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠵᠤ᠂ | ᠬᠤᠲᠠ ᠶᠢᠨ ᠳᠡᠳ᠋ ᠳᠠᠷᠤᠭ᠎ᠠ ᠶᠠᠩ ᠬᠤᠸᠠᠨ ᡁᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠴᠧᠩ ᠹᠠ ᠪᠦᠯᠦᠭᠯᠡᠯ ᠵᠡᠷᠭᠡ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | ᠴᠢ᠊ · ᠳᠠᠯᠠᠨᠲᠠᠢ ᠨᠠᠷ ᠤᠷᠢᠳ ᠬᠤᠵᠢᠳ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ᠂ ᠬᠤᠳᠠ ᠶᠢᠨ | ᠡᠮᠨᠡᠯᠭᠡ ᠶᠢᠨ ᠬᠤᠷᠢᠶᠠᠨ ᠤ ᠰᠢᠨ᠎ᠡ ᠬᠦᠷᠢᠶᠡᠯᠡᠩ ᠲᠣᠭᠤᠷᠢᠭ᠂ ᠬᠤᠳᠠ ᠶᠢᠨ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠢᠲᠠᠳ | ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠯᠡᠩ᠂ ᠬᠤᠳᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠬᠦᠷᠢᠶᠡᠯᠡᠩ ᠲᠣᠭᠤᠷᠢᠭ ᠵᠡᠷᠭᠡ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠭᠵᠢᠷᠡᠯ᠂ | ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ | ᠴᠢ᠊ · ᠳᠠᠯᠠᠨᠲᠠᠢ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠪ ᠢ ᠪᠠᠶᠢᠭᠤᠯᠬᠤ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠳᠤᠲᠠᠭᠤᠳᠠᠯ ᠪᠠᠭᠤᠷᠠᠶ ᠲᠠᠯ᠎ᠠ ᠪᠠᠨ | ᠲᠦᠷᠭᠡᠨ ᠨᠥᠬᠦᠪᠥᠷᠢᠯᠡᠵᠦ᠂ ᠳᠠᠪᠠᠭᠤᠯᠢᠭ ᠨᠠᠩ ᠰᠢᠯᠢᠳᠡᠭ᠂ ᠣᠨᠴᠠᠯᠢᠭ ᠨᠠᠩ ᠣᠨᠴᠠᠭᠠᠶ᠂ ᠬᠦᠴᠦᠷᠬᠡᠭ ᠢᠶᠠᠨ ᠨᠠᠩ ᠬᠦᠴᠦᠷᠬᠡᠭᠵᠢᠭᠦᠯᠬᠦ ᠶᠢ ᠦᠨᠡᠨ ᠬᠦ ᠪᠠᠲᠤᠯᠠᠵᠤ᠂ | ᠮᠠᠨ ᠤ ᠬᠤᠲᠠ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠲᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ | ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠵᠤ᠂ ᠤᠯᠠᠨ ᠲᠦᠮᠡᠨ ᠤ ᠡᠷᠡᠭᠦᠯ ᠮᠡᠨᠳᠤ ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠢ᠃ ᠬᠢᠲᠠᠳ ︵ᠮᠣᠩᠭᠤᠯ︶ ᠡᠮ | ᠡᠮᠨᠡᠯᠭᠡ ᠶᠢᠨ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠠᠵᠤ ᠦᠢᠯᠡᠰ ᠤᠨ ᠪᠥᠬᠦ ᠬᠡᠯᠬᠢᠶ᠎ᠡ ᠲᠡᠰᠢ | ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠣᠨᠴᠠᠯᠢᠭᠲᠤ ᠨᠠᠷᠠᠲᠤ ᠱᠣᠰᠢᠭ᠎ᠠ ᠶᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠢᠨᠠᠷ ᠰᠠᠶᠢᠲᠠᠶ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡ ᠪᠠᠷ ᠨᠠᠩ ᠣᠯᠠᠨ ᠠᠷᠠᠳ ᠲᠦᠮᠡᠨ ᠳᠤ ᠠᠰᠢᠭ | ᠬᠦᠷᠲᠡᠭᠡᠬᠦ ᠬᠡᠷᠡᠭᠲᠡᠶ᠃ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠡᠪ ᠳᠠᠭᠤᠷᠢᠶᠠᠯ ᠢᠶᠠᠨ ᠥᠨᠳᠥᠷ ᠪᠣᠯᠭᠠᠵᠤ᠂ ᠪᠤᠰᠤᠳ ᠭᠠᠵᠠᠷ ᠣᠷᠣᠨ ᠤ | ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠷᠭᠡᠳᠬᠡᠵᠦ᠂ | ᠲᠣᠭᠠᠴᠢᠯᠠᠭᠰᠠᠨ ᠤᠶᠤᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠡᠮᠴᠢᠯᠡᠭᠡ ᠰᠤᠪᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |