3 ᠳ᠋ᠤᠭᠠᠷ ᠰᠠᠷ᠎ᠠ ᠶᠢᠨ 21 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠨᠠᠢᠮᠠᠨ ᠬᠤᠰᠢᠭᠤᠨ ᠳᠤ | ᠬᠦᠷᠴᠦ ᠠᠷᠠᠳ ᠤᠨ ᠶᠠᠪᠤᠳᠠᠯ ᠵᠡᠷᠭᠡ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ | ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | | | | | ᠴᠢ᠊ · ᠳᠠᠯᠠᠨᠲᠠᠢ ᠨᠠᠷ ᠨᠠᠢᠮᠠᠨ ᠬᠤᠰᠢᠭᠤᠨ ᠤ ᠬᠤᠶᠠᠳᠤᠭᠠᠷ ᠣᠷᠣᠰᠢᠭᠤᠯᠭ᠎ᠠ ᠶᠢᠨ ᠭᠠᠵᠠᠷ᠂ ᠷᠧᠨ ᠵᠦᠩ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ | ᠺᠣᠮᠫᠠᠨᠢ᠂ ᠵᠢᠪᠡᠷᠡᠬᠦ ᠦᠭᠡᠢ ᠪᠤᠯᠤᠳ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ᠂ ᠨᠤᠭᠤᠨᠵᠠᠶᠠᠭ᠎ᠠ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ | ᠲᠥᠪ᠂ ᠭᠤᠷᠪᠠᠳᠤᠭᠠᠷ ᠤᠰᠤᠨ ᠤ ᠦᠢᠯᠡᠳᠪᠦᠷᠢ᠂ ᠯᠢ ᠫᠢᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ᠂ | ᠣᠷᠣᠰᠢᠭᠤᠯᠭ᠎ᠠ ᠶᠢᠨ ᠥᠭᠡᠷᠡᠴᠢᠯᠡᠯᠲᠡ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠷᠢᠨ ᠣᠶᠢᠯᠠᠭᠠᠪᠠ᠃ | ᠴᠢ᠊ · ᠳᠠᠯᠠᠨᠲᠠᠢ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ | ᠭᠠᠷᠳᠠᠴᠠ ᠪᠣᠯᠭᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ | ᠡᠷᠦᠶ ᠬᠤᠷᠤᠶ ᠥᠬᠡᠶ ᠦᠵᠡᠭᠳᠡᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠣᠷᠣᠰᠢᠭᠤᠯᠭ᠎ᠠ ᠶᠢᠨ ᠠᠵᠢᠯ ᠲᠥᠷᠥᠯ ᠤᠨ ᠡᠮᠬᠢ ᠳᠢᠭᠯᠢᠮ ᠢ ᠦᠨᠡᠨ ᠬᠦ | ᠵᠢᠷᠤᠮᠵᠢᠭᠤᠯᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ᠃ | ᠨᠠᠰᠤᠵᠢᠯ ᠤᠨ ᠠᠰᠠᠷᠠᠮᠵᠢ ᠶᠢᠨ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ ᠬᠥᠭᠵᠢᠭᠦᠯᠵᠦ᠂ ᠡᠮᠴᠢᠯᠡᠭᠡ ᠡᠷᠡᠭᠦᠯᠵᠢᠯ ᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ | ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠮᠤᠷ | ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ | ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠢ ᠲᠤᠰᠠᠯᠠᠬᠤ ᠦᠢᠯᠡᠴᠢᠯᠡᠭᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | | | | | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠴᠢ᠊ · ᠳᠠᠯᠠᠨᠲᠠᠢ ᠪᠠᠰᠠ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠬᠢᠶᠠᠯᠳᠤᠯ ᠢᠶᠠᠷ | ᠰᠤᠭᠤᠴᠢᠨ ᠪᠠᠶᠢᠴᠠᠭᠠᠵᠤ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠦᠨᠡᠨ ᠬᠦ ᠲᠦᠷᠭᠡᠳᠬᠡᠵᠦ᠂ ᠲᠤᠭᠤᠰᠢᠲᠠᠶ | ᠥᠭᠡᠷᠡᠴᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |