2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠠ ᠤᠢ | ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃ ᠸᠠᠩ ᠯᠢ ᠰᠢᠶᠠ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠸᠠᠩ ᡁᠢ ᠴᠢᠶᠠᠩ ᠬᠤᠷᠠᠯ ᠢ ᠡᠷᠬᠢᠯᠡᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠠᠢ᠃ | ᠬᠤᠷᠠᠯ ᠠᠴᠠ ᠪᠥᠬᠦ ᠤᠯᠤᠰ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ | ᠸᠢᠳᠢᠣ᠋ ᠬᠤᠷᠠᠯ ᠤᠨ ᠵᠣᠷᠢᠭ ᠰᠠᠨᠠᠭ᠎ᠠ᠂ ︽ᠠᠶᠤᠯᠭᠦᠶ ᠦᠢᠯᠡᠳᠪᠦᠷᠢᠯᠡᠯ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ | ᠵᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ ᠤᠨ ᠵᠠᠷᠯᠠᠯ︾ ᠢ ᠤᠯᠠᠮᠵᠢᠯᠠᠵᠤ᠂ 2024 ᠣᠨ ᠤ ᠪᠥᠬᠦ ᠣᠷᠣᠨ ᠤ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠲᠤᠮᠳᠠ ᠲᠤᠯᠭᠠᠷᠠᠵᠤ ᠪᠠᠶᠢᠭ᠎ᠠ | ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ 2025 ᠣᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠶᠤᠯᠭᠦᠶ ᠦᠢᠯᠡᠳᠪᠦᠷᠢᠯᠡᠯ ᠭᠡᠬᠦ ᠡᠨᠡ ᠬᠦ | ᠬᠥᠪᠴᠢ ᠶᠢ ᠴᠠᠭ ᠢᠮᠠᠭᠲᠠ ᠴᠢᠩᠭᠠᠯᠠᠨ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠤᠨᠢᠨ ᠳᠡᠭᠡᠷ᠎ᠡ ᠨᠢ ᠠᠰᠠᠭᠤᠳᠠᠯ ᠢ ᠵᠠᠳᠠᠯᠵᠤ᠂ ᠪᠢᠳᠡᠭᠦᠦ ᠭᠤᠭᠴᠤᠭ᠎ᠠ ᠪᠠᠷ ᠠᠬᠢᠭᠤᠯᠵᠤ᠂ | ᠶᠠᠭᠠᠬᠢᠭᠰᠠᠨ ᠴᠤ ᠠᠰᠠᠭᠤᠳᠠᠯ ᠢ ᠰᠶᠢᠳᠪᠦᠷᠢᠯᠡᠬᠦ ᠦᠭᠡᠢ ᠪᠠᠷ ᠬᠠᠶᠠᠵᠤ ᠪᠣᠯᠬᠤ ᠦᠭᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ ᠵᠠᠰᠠᠬᠤ ᠠᠵᠢᠯ ᠢ ᠴᠢᠩᠭ᠎ᠠ | ᠠᠳᠬᠤᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠰᠤᠷᠭᠠᠭᠤᠯᠢ ᠶᠢᠨ ᠬᠦᠷᠢᠶ᠎ᠡ᠂ ᠨᠠᠰᠤᠲᠠᠨ ᠢ ᠠᠰᠠᠷᠠᠬᠤ ᠬᠦᠷᠢᠶᠡᠯᠡᠩ᠂ ᠥᠨᠳᠥᠷ ᠪᠠᠷᠢᠯᠭ᠎ᠠ | ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠤᠨ ︽ᠶᠢᠰᠦᠨ ᠵᠢᠵᠢᠭ ᠲᠠᠯᠠᠪᠤᠷ ᠭᠠᠵᠠᠷ︾ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠳᠤᠯᠠᠭᠠᠨ ᠢ ᠪᠠᠳᠤᠯᠠᠬᠤ | ᠮᠠᠲ᠋ᠧᠷᠢᠶᠠᠯ᠂ ᠦᠨᠳᠦᠰᠦᠨ ᠱᠠᠲᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠷᠠᠳ ᠤᠨ ᠠᠭᠠᠷ ᠤᠨ ᠲᠡᠭᠡᠭᠡᠪᠦᠷᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠂ ᠠᠭᠤᠷᠬᠠᠶ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠠᠪᠤᠳᠠᠯ︾ ᠤᠨ ᠪᠥᠬᠦ ᠬᠡᠯᠬᠢᠶᠡᠨ ᠤ | ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠡᠬᠢ ᠡᠭᠦᠰᠦᠯ ᠢ ᠨᠢ ᠨᠠᠷᠢᠯᠢᠭ ᠵᠢᠭᠰᠠᠭᠠᠨ ᠪᠠᠶᠢᠴᠠᠭᠠᠵᠤ᠂ ᠲᠦᠷᠢᠮ ᠢ ᠲᠡᠭᠦᠯᠳᠡᠷᠵᠢᠭᠦᠯᠵᠦ᠂ ︽ᠵᠢᠵᠢᠭ ᠬᠡᠮ ᠰᠣᠭᠤᠭ︾ | ᠢ ᠶᠠᠭᠠᠬᠢᠭᠰᠠᠨ ᠴᠤ ︽ᠲᠤᠮᠤ ᠠᠳᠡᠯ︾ ᠪᠣᠯᠭᠠᠨ ᠬᠤᠪᠢᠷᠠᠭᠤᠯᠵᠤ ᠪᠣᠯᠬᠤ ᠥᠬᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠠᠨ ᠤ ᠣᠷᠣᠨ ᠤᠳᠠᠯ ᠥᠬᠡᠶ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠤᠯᠤᠨ᠎ᠠ᠂ ︽ᠰᠡᠷᠭᠡᠶᠢᠯᠡᠬᠦ︾ ᠪᠠ ︽ᠬᠠᠮᠢᠶᠠᠷᠬᠤ︾ ᠶᠢ ᠳᠣᠪᠤᠶᠢᠯᠭᠠᠨ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠠᠶᠢᠭᠤᠯᠵᠤ᠂ ᠣᠶ ᠰᠢᠭᠤᠢ ᠶᠢᠨ ᠳᠠᠷᠤᠭ᠎ᠠ᠂ ᠭᠠᠯ | ᠲᠦᠢᠮᠡᠷ ᠢ ᠰᠡᠷᠭᠡᠶᠢᠯᠡᠭᠴᠢ ᠵᠡᠷᠭᠡ ᠦᠨᠳᠦᠰᠦᠨ ᠱᠠᠲᠤᠨ ᠤ ᠬᠥᠮᠦᠰ ᠤᠨ ᠬᠦᠴᠦᠨ ᠢ ᠭᠦᠢᠴᠡᠳ ᠪᠠᠳᠠᠷᠠᠭᠤᠯᠤᠨ᠂ ᠬᠡᠭᠡᠷ᠎ᠡ ᠭᠠᠳᠠᠨᠠᠬᠢ ᠲᠦᠢᠮᠡᠷ ᠤᠨ ᠡᠬᠢ | ᠰᠤᠷᠪᠤᠯᠵᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ᠂ ᠠᠭᠤᠯᠠ ᠶᠢ ᠪᠠᠲᠤ ᠰᠠᠬᠢᠵᠤ᠂ ᠬᠥᠮᠦᠨ ᠢ ᠰᠠᠶᠢᠳᠤᠷ ᠬᠠᠷᠠᠵᠤ᠂ ᠭᠠᠯ ᠲᠦᠢᠮᠡᠷ ᠢ ᠰᠠᠶᠢᠳᠤᠷ | ᠬᠠᠮᠢᠶᠠᠷᠬᠤ ᠬᠡᠷᠡᠭᠲᠡᠶ᠃ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠰᠢᠭᠤᠶᠢᠲᠤ ᠣᠷᠣᠨ ᠣᠶ ᠰᠢᠭᠤᠶ ᠶᠢᠨ ᠲᠠᠯᠠᠪᠠᠶ᠂ | ᠵᠠᠩᠭᠢᠯᠠᠭ᠎ᠠ ᠶᠢᠨ ᠪᠠᠶᠢᠷᠢ ᠴᠡᠭ ᠢ ᠬᠢᠨᠠᠨ ᠬᠡᠮᠵᠢᠵᠦ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠲᠦᠢᠮᠡᠷ ᠭᠠᠷᠬᠤ ᠦᠶ᠎ᠡ ᠳᠤ ᠲᠦᠷᠭᠡᠨ ᠴᠤᠭᠯᠠᠷᠠᠨ | ᠬᠦᠳᠡᠯᠦᠯᠴᠡᠵᠤ᠂ ᠪᠠᠭ᠎ᠠ ᠪᠠᠶᠢᠬᠤ ᠦᠶ᠎ᠠ ᠳᠤᠨᠢ ᠲᠠᠷᠤᠢ ᠶᠡᠭᠡ ᠬᠦᠴᠦᠨ ᠢ ᠲᠦᠪᠯᠡᠷᠡᠬᠦᠯᠵᠤ᠂ ᠨᠢᠭᠡ ᠯᠡ ᠤᠳᠠᠭ᠎ᠠ ᠳᠤ ᠪᠦᠷᠢᠮᠦᠰᠦᠨ ᠤᠨᠳᠠᠷᠠᠭᠠᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |