2 ᠰᠠᠷ᠎ᠠ ᠶᠢᠨ 27 ᠤ ᠡᠳᠦᠷ᠂ ᠪᠦᠭᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ | ᠤᠨᠲᠠᠷᠠᠭᠠᠬᠤ ᠸᠢᠳᠢᠤ᠋ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠸᠠᠩ ᠶᠦᠩ ᠬᠤᠷᠠᠯ ᠢ ᠡᠷᠭᠢᠯᠡᠵᠦ | ᠂ ᠬᠤᠲᠠ ᠶᠢᠨ ᠤᠳᠤᠷᠢᠳᠤᠯᠭ᠎ᠠ ᠮᠣᠣ ᠵᠧᠨ ᠬᠠᠢ᠂ ᠴᠧᠨ ᠢ ᠮᠢᠩ᠂ ᠶᠠᠩ ᠬᠤᠸᠠᠨ ᡁᠢ ᠬᠤᠷᠠᠯ ᠳᠤ ᠣᠷᠣᠯᠴᠠᠵᠠᠢ᠃ | ᠬᠤᠷᠠᠯ ᠠᠴᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠸᠢᠳᠢᠤ᠋ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ | ᠤᠨᠲᠠᠷᠠᠭᠠᠬᠤ ᠪᠠ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠮᠡᠳᠡᠭᠳᠡᠨ ᠵᠠᠳᠠᠯᠬᠤ ᠶᠢᠨ ᠬᠠᠮᠲᠤ | ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠦᠨᠳᠦ ᠨᠣᠴᠢᠲᠠᠢ ᠡᠡ᠊ᠨᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ | ᠭᠠᠷᠳᠠᠴᠠ ᠪᠤᠯᠭᠠᠵᠤ᠂ ᠭᠤᠣᠯᠳᠠᠯᠭ᠎ᠠ ᠲᠠᠢ ᠬᠦᠷᠢᠶ᠎ᠡ ᠶᠢ ᠨᠢᠭᠲᠠ ᠠᠩᠬᠠᠷᠤᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠠᠰᠠᠭᠤᠳᠠᠯ ᠢ ᠦᠨᠡᠨ ᠬᠦ ᠰᠠᠶᠢᠲᠤᠷ ᠥᠭᠡᠷᠡᠴᠢᠯᠡᠵᠦ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠴᠢᠳᠠᠪᠬᠢ ᠣᠯᠭᠤᠬᠤ ᠶᠢ | ᠴᠢᠬᠤᠯᠠᠴᠢᠯᠠᠨ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠬᠡᠷᠡᠭᠵᠢᠭᠦᠯᠵᠦ | ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠬᠠᠷᠢᠭᠤᠴᠠᠯᠭ᠎ᠠ ᠶᠢᠨ | ᠬᠡᠯᠬᠢᠶ᠎ᠡ ᠶᠢ ᠴᠢᠩᠭᠠᠯᠠᠵᠤ᠂ ᠬᠢᠨᠠᠨ ᠵᠢᠯᠤᠭᠤᠳᠴᠤ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾ ᠭᠦᠷᠲᠡᠯ᠎ᠡ ᠡᠷᠡᠰ | ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠭᠠᠯ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠭᠠᠯ ᠤᠨ ᠢᠷᠡᠯᠲᠡ ᠶᠢ ᠬᠠᠮᠢᠶᠠᠷᠤᠨ | ᠡᠵᠡᠮᠳᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠨᠠᠷᠢᠨ ᠨᠢᠭᠲᠠ ᠲᠣᠭᠤᠷᠢᠨ ᠪᠠᠶᠢᠴᠠᠭᠠᠨ ᠲᠣᠭᠤᠷᠢᠨ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠷ ᠠᠮᠤᠷ ᠲᠦᠪᠰᠢᠨ ᠲᠣᠭᠲᠠᠭᠤᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃ |