ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
      2 ᠰᠠᠷ᠎ᠠ ᠶᠢᠨ 28 ᠤ ᠡᠳᠦᠷ᠂ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠵᠢᠢ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠸᠠᠩ ᠴᠢᠶᠦ᠋ᠩ᠂ ᠪᠦᠦ ᠯᠠᠨ ᠹᠠᠩ᠂ ᠴᠧᠩ ᡁᠢ ᠹᠧᠩ᠂ ᠢᠦᠢ ᠵᠢᠦ ᠶᠠᠨ᠂ ᠴᠡᠩᠭᠡᠯᠲᠦ᠂ ᠨᠠᠷᠢᠨ ᠪᠢᠴᠢᠭ ᠤᠨ ᠳᠠᠷᠤᠭ᠎ᠠ ᠱᠢ ᠾᠧᠦ ᠴᠦᠨ ᠵᠢᠴᠢ ᠪᠤᠰᠤᠳ ᠪᠦᠷᠢᠯᠳᠦᠭᠦᠨ ᠭᠡᠰᠢᠭᠦᠨ ᠨᠡᠶᠢᠲᠡ 41 ᠬᠥᠮᠥᠨ ᠬᠤᠷᠠᠯ ᠳᠤ ᠣᠷᠣᠯᠴᠠᠵᠠᠢ᠃ ᠳᠡᠳ᠋ ᠬᠤᠲᠠ ᠶᠢᠨ ᠳᠠᠷᠤᠭ᠎ᠠ ᠶᠠᠩ ᠬᠤᠸᠠᠨ ᡁᠢ᠂ ᠬᠤᠲᠠ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠰᠢᠦᠢ ᠶᠠᠨ ᠴᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠠᠩ ᠰᠢᠶᠠᠨ ᠴᠧᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠲᠦᠩᠯᠢᠶᠣᠣ ᠬᠤᠲᠠ ᠶᠢᠨ ᠬᠠᠨ ᠠᠭᠤᠯᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠵᠡᠷᠭᠡ 3 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠪᠠᠲᠤᠯᠠᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠦᠪᠯᠡᠪᠡ᠃ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠵᠢᠴᠢ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠠᠶᠤᠯᠭᠦᠢ ᠦᠢᠯᠡᠳᠪᠦᠷᠢᠯᠡᠯ᠂ ᠭᠠᠳᠠᠭᠠᠳᠤ ᠠᠵᠤ ᠠᠬᠤᠢ ᠠᠷᠠᠯᠵᠢᠶ᠎ᠠ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠵᠢᠯ ᠤᠨ ︽ᠬᠢᠨᠠᠨ ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠦᠨᠡᠯᠡᠨ ᠶᠠᠷᠢᠯᠴᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠳᠡᠭᠡᠷᠡᠬᠢ ︽ᠬᠢᠨᠠᠨ ᠵᠥᠪᠯᠡᠭᠰᠡᠨ ᠰᠠᠨᠠᠯ︾᠂ ︽ᠦᠨᠡᠯᠡᠨ ᠶᠠᠷᠢᠯᠴᠠᠭᠰᠠᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠲᠤᠰ ᠲᠤᠰ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠶᠢᠨ ᠲᠤᠰᠢᠶᠠᠯ ᠲᠣᠭᠠᠴᠢᠯᠲᠠ  ᠶᠢ ᠰᠣᠨᠣᠰᠤᠨ ᠬᠢᠨᠠᠨ ᠵᠥᠪᠯᠡᠵᠦ᠂ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ ᠲᠤᠰ ᠤᠳᠠᠭ᠎ᠠ ᠶᠢᠨ ᠬᠤᠷᠠᠯ ᠳᠤ ᠳᠡᠪᠰᠢᠭᠦᠯᠦᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠤᠬᠠᠢ ᠮᠡᠳᠡᠭᠦᠯᠦᠯᠲᠡ ᠵᠢᠴᠢ ᠲᠣᠳᠣᠷᠬᠠᠶᠢᠯᠠᠯᠲᠠ ᠶᠢ ᠰᠣᠨᠣᠰᠴᠤ ᠬᠢᠨᠠᠨ ᠵᠥᠪᠯᠡᠵᠦ᠂ ᠬᠠᠮᠢᠶ᠎ᠠ ᠪᠦᠬᠦᠢ ᠨᠥᠬᠦᠳ ᠤᠨ ᠲᠤᠰᠢᠶᠠᠯ ᠬᠠᠷᠢᠭᠤᠴᠠᠬᠤ ᠶᠠᠷᠢᠶ᠎ᠠ ᠶᠢ ᠰᠣᠨᠣᠰᠴᠤ᠂ ᠬᠠᠮᠢᠶ᠎ᠠ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠳᠠᠭᠤᠯᠪᠠ᠃ ᠬᠤᠷᠠᠯ ᠤᠨ ᠳᠠᠷᠠᠭ᠎ᠠ ᠪᠠᠰᠠ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ