3 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊· ᠳᠠᠯᠠᠨᠲᠠᠢ ᠪᠦᠯᠭᠦᠮ ᠳᠠᠭᠠᠭᠤᠯᠤᠨ ᠲᠠᠩᠱᠠᠨ | ᠬᠤᠲᠠ ᠳᠤ ᠬᠦᠷᠴᠦ᠂ ᠰᠢᠨ ᠬᠤᠸᠠ ᠬᠠᠮᠲᠤᠷᠠᠭᠰᠠᠨ ᠲᠡᠮᠦᠷᠯᠢᠭ ᠬᠠᠶᠢᠯᠤᠭᠤᠯᠬᠤ ᠬᠤᠪᠢ ᠡᠵᠡᠮᠳᠡᠭᠰᠡᠨ ᠪᠦᠯᠦᠭᠯᠡᠯ ᠢ ᠲᠣᠭᠤᠷᠢᠨ ᠦᠵᠡᠵᠦ ᠰᠢᠨᠵᠢᠯᠡᠨ | ᠪᠠᠶᠢᠴᠠᠭᠠᠭᠰᠠᠨ ᠪᠥᠭᠡᠳ ᠪᠦᠯᠦᠭᠯᠡᠯ ᠤᠨ ᠶᠡᠷᠦᠩᠬᠡᠢ ᠵᠠᠬᠢᠷᠤᠭᠴᠢ ᠰᠦᠨ ᠰᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠳᠠ ᠶᠢᠨ ᠤᠳᠤᠷᠢᠳᠤᠯᠭ᠎ᠠ ᠪᠠᠢ | ᠯᠢ ᠵᠦ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠪᠣᠯᠣᠨ ᠬᠤᠤᠯᠢᠩᠭᠤᠣᠯ ᠬᠤᠳᠠ ᠶᠢᠨ ᠬᠠᠮᠢᠶ᠎ᠠ ᠪᠦᠬᠦᠢ ᠨᠥᠬᠦᠳ ᠣᠷᠣᠯᠴᠠᠪᠠ᠃ | ᠴᠢ᠊ · ᠳᠠᠯᠠᠨᠲᠠᠢ ᠨᠠᠷ ᠤᠷᠢᠳ ᠬᠤᠵᠢᠳ ᠲᠠᠯᠠᠢ ᠶᠢᠨ ᠤᠰᠤ ᠶᠢ ᠴᠡᠩᠭᠡᠭᠵᠢᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠭᠤᠣᠯ ᠮᠥᠷᠡᠨ ᠤ | ᠲᠡᠭᠡᠭᠡᠪᠦᠷᠢ ᠶᠢᠨ ᠭᠠᠷᠠᠮ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠠᠵᠤ ᠦᠢᠯᠡᠰ ᠤᠨ ᠮᠡᠷᠭᠡᠵᠢᠯ᠂ ᠦᠢᠯᠡᠳᠪᠦᠷᠢᠯᠡᠯ ᠡᠵᠡᠩᠨᠡᠯᠲᠡ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠢᠯᠡᠷᠬᠡᠶᠢᠯᠡᠭᠰᠡᠨ ᠨᠢ᠂ ᠣᠳᠣᠬᠠᠨ ᠳᠤ ᠲᠦᠩᠯᠢᠶᠣᠣ ᠣᠷᠣᠨ ᠪᠠᠶᠢᠷᠢ᠂ ᠡᠬᠢ ᠪᠠᠶᠠᠯᠢᠭ᠂ ᠲᠦᠷᠦ ᠶᠢᠨ ᠪᠣᠳᠣᠯᠭ᠎ᠠ ᠵᠡᠷᠭᠡ | ᠳᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠪᠣᠬᠢᠷᠳᠤᠯ ᠦᠭᠡᠢ ᠪᠠᠷ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠳᠠᠪᠠᠭᠤᠯᠢᠭ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ | ᠪᠠᠶᠢᠨ᠎ᠠ᠃ ᠰᠢᠨ ᠬᠤᠸᠠ ᠲᠡᠮᠦᠷᠯᠢᠭ ᠤᠨ ᠬᠤᠪᠢ ᠡᠵᠡᠮᠳᠡᠭᠰᠡᠨ ᠪᠦᠯᠦᠭᠯᠡᠯ ᠨᠢ ᠪᠦᠭᠦ ᠤᠯᠤᠰ ᠤᠨ ᠲᠣᠮᠣ ᠭᠡᠯᠪᠡᠷᠢ ᠶᠢᠨ ᠠᠷᠠᠳ ᠤᠨ ᠡᠵᠡᠩᠨᠡᠯᠲᠡ ᠶᠢᠨ | ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠡᠷᠭᠡᠵᠢᠯ ᠢᠶᠠᠷ ᠲᠦᠷᠦᠭᠦᠯᠡᠵᠦ᠂ ᠬᠠᠮᠢᠶᠠᠷᠤᠯᠲᠠ ᠥᠨᠳᠥᠷ ᠪᠦᠲᠦᠮᠵᠢᠲᠡᠢ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢᠶᠠᠷ ᠴᠢᠩᠭ᠎ᠠ ᠪᠠᠶᠢᠳᠠᠭ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ | ᠬᠠᠮᠲᠤᠷᠠᠯᠴᠠᠭᠠᠨ ᠤ ᠬᠠᠮᠲᠤᠷᠠᠯᠴᠠᠭ᠎ᠠ ᠶᠢᠨ ᠴᠡᠭ ᠢᠶᠠᠨ ᠣᠨᠣᠪᠴᠢᠲᠠᠢ ᠣᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠰᠦᠨ ᠰᠢᠶᠠᠩ ᠴᠢ᠊ · ᠳᠠᠯᠠᠨᠲᠠᠢ | ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠲᠠᠨᠢᠯᠴᠠᠭᠤᠯᠪᠠ᠃ | ᠲᠡᠷᠡ ᠢᠯᠡᠷᠬᠡᠶᠢᠯᠡᠭᠰᠡᠨ ᠨᠢ᠂ ᠲᠦᠩᠯᠢᠶᠣᠣ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂ ᠠᠵᠤ ᠦᠢᠯᠡᠰ ᠤᠨ ᠰᠠᠭᠤᠷᠢ ᠪᠠᠲᠤᠲᠠᠢ᠂ | ᠦᠢᠯᠡᠳᠪᠦᠷᠢᠯᠡᠯ ᠤᠨ ᠡᠯᠧᠮᠧᠨ᠋ᠲ ᠪᠦᠷᠢᠨ ᠭᠦᠢᠴᠡᠳ ᠪᠠᠶᠢᠨ᠎ᠠ᠂ ᠠᠵᠤ ᠠᠬᠤᠶᠢᠯᠠᠯ ᠲᠦᠩᠯᠢᠶᠣᠣ ᠬᠤᠳᠠ ᠲᠠᠢ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ | ᠣᠷᠣᠨ ᠵᠠᠢ ᠶᠢ ᠢᠳᠡᠪᠬᠢᠲᠡᠢ ᠡᠷᠢᠯᠬᠢᠯᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠡᠨᠡ ᠬᠤᠭᠤᠴᠠᠭᠠᠨ ᠳᠤ᠂ ᠴᠢ᠊ ·ᠳᠠᠯᠠᠨᠲᠠᠢ ᠪᠠᠰᠠ ᠤᠮᠠᠷᠠᠲᠤ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ | ᠰᠤᠳᠤᠯᠭᠠᠨ ᠤ ᠬᠦᠷᠢᠶᠡᠯᠡᠩ ᠤᠨ ᠲᠡᠷᠢᠭᠦᠨ ᠰᠢᠨᠵᠢᠯᠡᠬᠦ ᠤᠬᠠᠭᠠᠨᠲᠠᠨ ᠰᠢᠦᠢ ᠸᠠᠨ ᠴᠢᠶᠠᠩ᠂ ᠪᠡᠭᠡᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ | ᠰᠤᠷᠭᠠᠭᠤᠯᠢ ᠶᠢᠨ ᠮᠠᠭᠨᠢ ᠶᠢᠨ ᠠᠵᠤ ᠦᠢᠯᠡᠰ ᠤᠨ ᠳ᠋ᠣᠺᠲ᠋ᠣᠷ ᠯᠢᠶᠠᠩ ᠯᠢᠶᠠᠩ ᠲᠠᠢ ᠴᠣᠬᠤᠢ ᠪᠠᠷ ᠴᠢᠳᠬᠤᠭᠰᠠᠨ ᠲᠡᠮᠦᠷ᠂ ᠮᠠᠭᠨᠢ ᠵᠡᠷᠭᠡ ᠠᠵᠤ ᠦᠢᠯᠡᠰ ᠤᠨ ᠲᠦᠷᠦᠯ | ᠵᠦᠢᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠵᠡᠢ᠃ |