ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠲᠦᠩᠯᠢᠶᠣᠤ ᠬᠤᠲᠠ ᠶᠢᠨ 2025 ᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠣᠱᠯᠠᠭᠤᠯᠤᠨ ᠨᠠᠶᠢᠳᠠᠪᠤᠷᠢᠵᠢᠭᠤᠯᠲᠤᠭᠠᠶ᠃ | | 2025 ᠣᠨ ᠤ 2 ᠳ᠋ᠤᠭᠠᠷ ᠰᠠᠷ᠎ᠠ ᠶᠢᠨ 26 | ᠲᠤᠰ ᠪᠢᠴᠢᠭ ᠮᠠᠲ᠋ᠧᠷᠢᠶᠠᠯ ᠢ ᠬᠠᠰᠤᠭᠰᠠᠨ ᠤ ᠳᠠᠷᠠᠭ᠎ᠠ ᠢᠯᠡ ᠪᠣᠯᠭᠠᠨ᠎ᠠ | | ᠲᠦᠩᠯᠢᠶᠣᠤ ᠬᠤᠲᠠ ᠶᠢᠨ 2025 ᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | | | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠶ ᠰᠠᠨᠠᠯ︾ ︵ᠲᠥᠪ ᠲᠠᠷᠬᠠᠭᠠᠭᠰᠠᠨ ﹇2020﹈ | 18 ᠳ᠋ᠤᠭᠠᠷ ᠲᠣᠭᠠᠲᠤ︶ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ | ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠳᠣᠤᠷᠠᠬᠢ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ | ᠰᠢᠵᠢᠮ ᠪᠣᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠨᠠᠩ ᠴᠢᠬᠤᠯᠠᠴᠢᠯᠠᠵᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ | ᠵᠥᠷᠢᠴᠡᠯ ᠢ ᠰᠢᠢᠳᠪᠦᠷᠢᠯᠡᠬᠦ ᠶᠢ ᠨᠠᠩ ᠴᠢᠬᠤᠯᠠᠴᠢᠯᠠᠵᠤ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ | ᠠᠬᠢᠭᠤᠯᠬᠤ ᠶᠢ ᠨᠠᠩ ᠴᠢᠬᠤᠯᠠᠴᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠴᠢᠨᠠᠷ ᠰᠠᠶᠢᠲᠠᠶ ᠭᠦᠢᠴᠡᠳ ᠠᠵᠢᠯ | ᠣᠯᠭᠤᠯᠲᠠ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠨᠠᠩ ᠴᠢᠬᠤᠯᠠᠴᠢᠯᠠᠬᠤ ᠬᠡᠷᠡᠭᠲᠡᠢ᠃ 2025 ᠣᠨ ᠳᠤ᠂ ᠪᠥᠬᠦ ᠬᠤᠲᠠ ᠶᠢᠨ ᠬᠤᠲᠠ | ᠪᠠᠯᠭᠠᠰᠤᠨ ᠤ 1.35 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 42.4 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ | ᠠᠵᠢᠯ ᠣᠯᠭᠤᠵᠤ᠂ 3 ᠲᠦᠮᠡᠨ ᠬᠥᠮᠦᠨ ᠤᠳᠠᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠵᠦ᠂ ᠬᠤᠲᠠ ᠪᠠᠯᠭᠠᠰᠤᠨ ᠤ | ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ ᠤᠯᠤᠰ ᠤᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢᠨ ᠳᠣᠲᠣᠷ᠎ᠠ ᠬᠢᠵᠠᠭᠠᠷᠯᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | 1. ᠠᠵᠤ ᠦᠢᠯᠡᠰ ᠬᠢᠭᠡᠳ ᠠᠵᠢᠯ ᠣᠯᠭᠤᠯᠲᠠ ᠶᠢ ᠬᠠᠷᠢᠯᠴᠠᠨ ᠠᠬᠢᠭᠤᠯᠵᠤ ᠬᠠᠮᠲᠤᠪᠠᠷ ᠳᠠᠪᠰᠢᠬᠤ ᠶᠢ ᠠᠬᠢᠭᠤᠯᠤᠨ᠎ᠠ᠃ ᠴᠢᠬᠤᠯᠠ ᠶᠡᠭᠡ ᠲᠥᠷᠥ ᠶᠢᠨ | ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠥᠷᠥᠯ ᠵᠦᠢᠯ ᠲᠣᠭᠲᠠᠭᠠᠬᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠬᠢᠬᠦ ᠳᠤ | ᠠᠵᠢᠯ ᠤᠨ ᠪᠠᠶᠢᠷᠢ ᠡᠭᠦᠳᠦᠭᠰᠡᠨ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠵᠡᠷᠭᠡ ᠪᠠᠷ ᠦᠨᠡᠯᠡᠨ ᠵᠢᠱᠢᠵᠦ᠂ ᠴᠢᠳᠠᠪᠤᠷᠢᠲᠠᠨ ᠪᠠ ᠬᠥᠳᠡᠯᠮᠦᠷᠢ ᠬᠦᠴᠦᠨ ᠤ | ᠬᠠᠩᠭᠠᠯᠭ᠎ᠠ ᠶᠢ ᠠᠵᠤ ᠠᠬᠤᠶᠢᠯᠠᠯ ᠤᠨ ᠬᠡᠷᠡᠭᠯᠡᠬᠦ ᠭᠠᠵᠠᠷ᠂ ᠡᠨᠧᠷᠭᠢ ᠬᠡᠷᠡᠭᠯᠡᠬᠦ ᠯᠦᠭᠡ ᠬᠠᠮᠲᠤ ᠳᠤᠨᠢ ᠬᠦᠴᠦᠨ ᠵᠦᠢᠯ ᠤᠨ ᠪᠠᠲᠤᠯᠠᠭ᠎ᠠ ᠳᠤ ᠣᠷᠣᠭᠤᠯᠵᠤ᠂ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠶᠢ ᠤᠷᠢᠳᠴᠢᠯᠠᠨ ᠥᠷᠨᠢᠭᠦᠯᠵᠦ᠂ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨᠴᠢᠷ ᠲᠠᠪᠴᠠᠩ ᠢᠶᠠᠷ ᠳᠠᠮᠵᠢᠭᠤᠯᠤᠨ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠤᠷᠢᠳᠠᠴᠢ ᠦᠢᠯᠡᠴᠢᠯᠡᠭᠡ ᠳᠤ ᠴᠠᠭ ᠲᠤᠬᠠᠶ ᠳᠤᠨᠢ ᠬᠦᠷᠭᠡᠵᠦ᠂ ᠠᠵᠢᠯᠴᠢᠨ ᠤᠷᠢᠵᠤ ᠡᠯᠰᠡᠬᠦ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠮᠠᠯ | ᠲᠠᠷᠢᠶᠠᠯᠠᠩ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠃ ᠳᠠᠷᠠᠭᠠᠬᠢ ᠡᠭᠦᠷᠭᠡ ᠨᠢ ᠴᠥᠮ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠬᠤᠯᠪᠣᠭᠳᠠᠵᠤ᠂ ᠳᠠᠬᠢᠵᠤ ᠲᠤᠰᠠᠭᠠᠷ ᠵᠢᠭᠰᠠᠭᠠᠬᠤ ᠦᠭᠡᠢ︶ | 2. ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠨ᠎ᠡ᠃ ︽ᠠᠵᠤ ᠦᠢᠯᠡᠳᠪᠦᠷᠢ ᠶᠢ ᠳᠠᠬᠢᠨ ᠢᠶᠠᠷ | ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ 140 ᠠᠴᠠ ᠳᠡᠭᠡᠭᠰᠢ ᠠᠵᠢᠯ | ᠡᠬᠢᠯᠡᠭᠦᠯᠵᠦ᠂ 60 ᠠᠴᠠ ᠳᠡᠭᠡᠭᠰᠢ ᠠᠰᠢᠭᠯᠠᠯᠲᠠ ᠳᠤ ᠣᠷᠣᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 30 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 5000 ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ | ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ︶ | 3. ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠬᠤ ᠣᠷᠣᠨ ᠵᠠᠶ ᠶᠢ ᠥᠷᠭᠡᠳᠬᠡᠨ᠎ᠡ᠃ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ᠂ ᠪᠠᠷᠠᠭ᠎ᠠ ᠶᠢᠨ | ᠭᠦᠢᠯᠭᠡᠭᠡᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠭᠡᠷ ᠪᠠᠶᠢᠰᠢᠩ ᠭᠠᠵᠠᠷ ᠬᠥᠷᠥᠩᠭᠡ᠂ ᠨᠠᠰᠤᠵᠢᠯ ᠠᠳᠠᠯ ᠠᠬᠤᠶ ᠶᠢᠨ ᠦᠢᠯᠡᠴᠢᠯᠡᠭᠡᠨ᠂ ᠮᠥᠩᠭᠦᠨ | ᠭᠦᠢᠯᠭᠡᠭᠡᠨ ᠤ ᠦᠢᠯᠡᠴᠢᠯᠡᠭᠡᠨ᠂ ᠠᠵᠤ ᠦᠢᠯᠡᠳᠪᠦᠷᠢ ᠪᠠ ᠴᠢᠮᠡᠭᠡ ᠵᠠᠩᠭᠢᠴᠢᠯᠠᠯᠲᠠ ᠶᠢᠨ ᠬᠦᠷᠢᠶᠡᠨ ᠤ ᠦᠢᠯᠡᠴᠢᠯᠡᠭᠡᠨ᠂ ᠮᠠᠯ ᠲᠠᠷᠢᠶᠠᠯᠠᠩ ᠤᠨ ᠠᠵᠤ ᠠᠬᠤᠶ ᠶᠢᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠵᠡᠷᠭᠡ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠠᠵᠢᠯ ᠣᠯᠭᠤᠬᠤ ᠳᠠᠯᠳᠠ ᠬᠦᠴᠦᠨ ᠢ ᠭᠦᠢᠴᠡᠳ | ᠪᠠᠳᠠᠷᠠᠭᠤᠯᠤᠨ᠎ᠠ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠪᠠ ᠬᠢᠵᠠᠭᠠᠷ ᠲᠤᠭ᠎ᠠ ᠠᠴᠠ ᠲᠡᠭᠡᠭᠰᠢᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ 120 | ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 3 ᠲᠦᠮᠡ ᠠᠴᠠ ᠳᠡᠭᠡᠭᠰᠢ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ | ︶᠃ | 4. ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯᠲᠠᠳ ᠢ ᠪᠤᠵᠠᠭᠠᠶᠢᠷᠠᠭᠤᠯᠤᠨ᠎ᠠ᠃ ᠲᠠᠪᠴᠠᠩ ᠤᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ | ᠰᠢᠭᠤᠳ ᠨᠡᠪᠲᠡᠷᠡᠭᠦᠯᠬᠦ ᠡᠯᠧᠺᠳ᠋ᠷᠣᠨ ᠬᠤᠳᠠᠯᠳᠤᠭ᠎ᠠ᠂ ᠵᠠᠬᠢᠶᠠᠯᠠᠭ᠎ᠠ ᠳᠣᠭᠢᠷᠠᠭᠤᠯᠤᠨ ᠬᠦᠷᠭᠡᠬᠦ᠂ ᠰᠦᠯᠵᠢᠶ᠎ᠡ ᠪᠠᠷ ᠪᠣᠯᠵᠣᠬᠤ ᠲᠡᠷᠭᠡ᠂ ᠲᠦᠷᠭᠡᠨ ᠬᠦᠷᠭᠡᠯᠲᠡ ᠵᠡᠷᠭᠡ | ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠳᠡᠮᠵᠢᠵᠦ᠂ ᠵᠢᠯᠣᠭᠤᠴᠢ ᠥᠬᠡᠶ ᠨᠢᠰᠬᠡᠯ ᠤᠨ ᠵᠢᠯᠣᠭᠤᠴᠢ᠂ ᠰᠦᠯᠵᠢᠶᠡᠨ ᠤ ᠡᠵᠡᠩᠨᠡᠨ ᠪᠣᠷᠣᠯᠠᠭᠤᠯᠤᠭᠴᠢ | ᠵᠡᠷᠭᠡ ᠰᠢᠨ᠎ᠡ ᠠᠵᠢᠯ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ᠂ ᠠᠮᠢᠳᠤᠯᠢᠭ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ 3000 ᠠᠴᠠ ᠳᠡᠭᠡᠭᠰᠢ | ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | 5. ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠠᠵᠢᠯ | ᠣᠯᠭᠤᠨ᠎ᠠ᠃ ᠡᠯ᠎ᠡ ᠲᠥᠷᠥᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ᠂ | ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ ᠪᠥᠬᠦ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ 5.5 ᠲᠦᠮᠡ ᠶᠢ ᠳᠠᠪᠠᠵᠤ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︵ᠬᠤᠷᠰᠢᠶ᠎ᠠ ᠶᠢ ᠪᠠᠭᠲᠠᠭᠠᠨ᠎ᠠ︶ 27 ᠲᠦᠮᠡ ᠶᠢ ᠳᠠᠪᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠥᠭᠵᠢᠶᠡᠨᠲᠦ ᠬᠡᠮᠵᠢᠶ᠎ᠡ 70% ᠢ ᠳᠠᠪᠠᠵᠤ᠂ ᠠᠵᠢᠯ ᠤᠨ ᠪᠠᠶᠢᠷᠢ ᠶᠢ 5000 ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠲᠦᠩᠯᠢᠶᠣᠤ ᠬᠤᠲᠠ ᠳᠠᠬᠢ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠦᠩᠯᠢᠶᠣᠤ ᠳᠠᠬᠢ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶᠃ | 6. ᠣᠨᠴᠠᠯᠢᠭ ᠪᠦᠬᠦᠢ ᠮᠠᠯ ᠲᠠᠷᠢᠶᠠᠯᠠᠩ ᠤᠨ ᠠᠵᠤ ᠠᠬᠤᠶ ᠶᠢ ᠬᠥᠭᠵᠢᠭᠦᠯᠵᠦ ᠠᠵᠢᠯ ᠣᠯᠭᠤᠯᠲᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠮᠠᠯ | ᠲᠠᠷᠢᠶᠠᠯᠠᠩ ᠤᠨ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭᠲᠤ ᠡᠳ᠋ᠰᠢᠭᠦᠯᠬᠦ | ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ︽ᠲᠦᠩᠯᠢᠶᠣᠤ ᠶᠢᠨ ᠲᠠᠷᠢᠶᠠᠯᠠᠩ ᠤᠨ ᠪᠦᠲᠦᠭᠡᠭᠳᠡᠭᠦᠨ︾ ᠤ ᠨᠡᠷᠡᠲᠦ ᠱᠣᠰᠢᠭ᠎ᠠ ᠶᠢ ᠬᠦᠴᠦᠷᠬᠡᠭᠵᠢᠭᠦᠯᠬᠦ | ᠬᠡᠷᠡᠭᠲᠡᠢ᠃ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠣᠷᠣᠨ︾ ᠶᠢ ᠲᠦᠷᠭᠡᠳᠬᠡᠨ ᠪᠠᠶᠢᠭᠤᠯᠵᠤ᠂ ᠡᠳ᠋ᠰᠢᠭᠦᠯᠦᠨ | ᠪᠣᠷᠣᠯᠠᠭᠤᠯᠬᠤ ᠬᠥᠲᠥᠴᠢ ᠠᠵᠤ ᠠᠬᠤᠶᠢᠯᠠᠯ ᠢ 30 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ ᠢ 50᠂ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠢ 100᠂ ᠵᠢᠱᠢᠶ᠎ᠡ ᠦᠵᠡᠭᠦᠯᠬᠦ ᠲᠠᠯᠠᠪᠠᠶ ᠶᠢ 1000 ᠠᠴᠠ ᠳᠡᠭᠡᠭᠰᠢ | ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ | ︵ᠬᠤᠶᠠᠷ︶ ᠰᠢᠯᠵᠢᠭᠦᠯᠦᠨ ᠠᠵᠢᠯ ᠣᠯᠭᠤᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | 7. ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠦᠨ᠎ᠡ᠃ ᠣᠳᠣ ᠦᠶ᠎ᠡ ᠶᠢᠨ ᠮᠠᠯ | ᠲᠠᠷᠢᠶᠠᠯᠠᠩ ᠤᠨ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪᠴᠢᠶᠡᠵᠢᠭᠰᠡᠨ | ᠦᠢᠯᠡᠴᠢᠯᠡᠭᠡᠨ ᠤ ᠭᠤᠤᠯ ᠴᠣᠭᠴᠠ ᠶᠢ ᠪᠤᠶᠢᠵᠢᠭᠤᠯᠤᠨ ᠲᠡᠳᠬᠦᠵᠦ᠂ ᠮᠠᠯᠵᠢᠬᠤ ᠲᠠᠷᠢᠶᠠᠯᠠᠬᠤ ᠡᠷᠦᠬᠡ ᠬᠢᠭᠡᠳ ᠣᠳᠣ ᠦᠶ᠎ᠡ ᠶᠢᠨ ᠮᠠᠯ ᠲᠠᠷᠢᠶᠠᠯᠠᠩ ᠤᠨ ᠠᠵᠤ | ᠠᠬᠤᠶ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ ᠵᠢᠯ ᠤᠨ ᠡᠵᠡᠩᠨᠡᠯᠲᠡ ᠶᠢᠨ ᠣᠷᠣᠯᠭ᠎ᠠ ᠨᠢ ᠮᠢᠩᠭᠠᠨ ᠲᠦᠮᠡᠨ ᠲᠥᠭᠦᠷᠢᠭ ᠢ | ᠳᠠᠪᠠᠭᠰᠠᠨ ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ 15 ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ | 8. ᠰᠢᠯᠵᠢᠭᠦᠯᠦᠨ ᠠᠵᠢᠯ ᠣᠯᠭᠤᠬᠤ ᠶᠢ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ + ᠨᠡᠶᠢᠭᠡᠮᠯᠢᠭ + | ᠬᠥᠳᠡᠯᠮᠦᠷᠢ ᠦᠢᠯᠡᠴᠢᠯᠡᠭᠡᠨ ᠤ ᠵᠠᠭᠤᠴᠢᠯᠠᠭᠴᠢ + ᠬᠥᠳᠡᠯᠮᠦᠷᠢᠴᠢᠳ︾ ᠳᠥᠷᠪᠡ ᠶᠢ ᠨᠢᠭᠡ ᠴᠣᠭᠴᠠᠵᠢᠭᠤᠯᠤᠭᠰᠠᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠰᠠᠭᠤᠷᠢᠨ ᠭᠠᠵᠠᠷ ᠢ ᠪᠠᠬᠢᠵᠢᠭᠦᠯᠦᠨ ᠥᠷᠭᠡᠳᠬᠡᠨ᠎ᠡ᠃ | ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠣᠯᠭᠤᠬᠤ ᠡᠭᠦᠷᠭᠡ ᠶᠢ ᠱᠠᠲᠤ ᠳᠠᠷᠠᠭᠠᠯᠠᠨ | ᠵᠠᠳᠠᠯᠤᠨ ᠨᠠᠶᠢᠳᠠᠪᠤᠷᠢᠵᠢᠭᠤᠯᠵᠤ᠂ ᠪᠠᠯᠭᠠᠰᠤᠨ ᠤ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠠᠵᠢᠯ ᠣᠯᠭᠤᠬᠤ ᠲᠤᠰᠬᠠᠶ ᠬᠠᠮᠢᠶᠠᠷᠤᠭᠴᠢ | ᠭᠠᠷᠭᠠᠵᠤ᠂ ᠲᠣᠰᠬᠤᠨ ᠤ ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾ ᠬᠥᠮᠦᠰ ᠢ ᠡᠮᠬᠢᠯᠡᠨ ᠨᠡᠶᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠠᠯᠵᠢᠬᠤ ᠲᠠᠷᠢᠶᠠᠯᠠᠬᠤ ᠡᠷᠦᠬᠡ ᠶᠢᠨ ᠠᠵᠤ ᠦᠢᠯᠡᠰ ᠤᠨ | ᠪᠠᠶᠢᠳᠠᠯ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠵᠢᠭᠰᠠᠭᠠᠵᠤ᠂ ᠰᠢᠯᠵᠢᠭᠦᠯᠦᠨ ᠠᠵᠢᠯ ᠣᠯᠭᠤᠬᠤ ᠮᠠᠯᠴᠢᠨ | ᠲᠠᠷᠢᠶᠠᠴᠢᠨ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠠᠯ ᠲᠠᠷᠢᠶᠠᠯᠠᠩ ᠤᠨ ᠠᠵᠤ ᠠᠬᠤᠶ ᠶᠢᠨ ᠣᠳᠣᠬᠢᠴᠢᠯᠠᠭᠰᠠᠨ ᠬᠥᠳᠡᠯᠮᠦᠷᠢ ᠬᠦᠴᠦᠨ ᠢ ᠴᠢᠯᠥᠭᠡᠯᠡᠬᠦ᠂ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠳᠡᠯᠮᠦᠷᠢ ᠬᠦᠴᠦᠨ ᠢ ᠰᠢᠩᠭᠡᠭᠡᠨ ᠠᠪᠬᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠬᠥᠳᠡᠯᠮᠦᠷᠢ ᠬᠦᠴᠦᠨ ᠢ ᠦᠯᠡᠳᠡᠭᠡᠬᠦ ᠬᠤᠯᠪᠣᠭᠠᠯᠠᠨ ᠬᠥᠭᠵᠢᠬᠦ ᠪᠠᠶᠢᠳᠠᠯ ᠢ ᠲᠦᠷᠭᠡᠳᠬᠡᠨ ᠪᠣᠶ ᠪᠣᠯᠭᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢ 1 ᠬᠤᠪᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 9. ᠰᠢᠯᠵᠢᠭᠦᠯᠦᠨ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠪᠣᠯᠤᠨ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠡᠳ᠋ᠰᠢᠭᠦᠯᠬᠦ ᠦᠢᠯᠡᠰ᠂ ᠦᠢᠯᠡᠴᠢᠯᠡᠭᠡᠨ ᠤ ᠦᠢᠯᠡᠰ ᠪᠣᠯᠤᠨ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠢ ᠰᠦᠢᠳᠬᠡᠯ ᠬᠤᠷᠢᠶᠠᠬᠤ ᠦᠭᠡᠶ ᠪᠠᠷ ᠴᠢᠭᠯᠡᠭᠦᠯᠬᠦ ᠴᠢᠨᠠᠷᠲᠠᠶ ᠥᠷᠨᠢᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠨ ᠮᠠᠯᠴᠢᠨ ᠲᠠᠷᠢᠶᠠᠴᠢᠨ | ᠬᠦᠴᠦ ᠶᠠᠪᠤᠭᠰᠠᠳ ᠲᠤ ᠳᠥᠭᠦᠮ ᠳᠥᠲᠡ᠂ ᠬᠡᠷᠡᠭᠯᠡᠭᠡᠨ ᠤ ᠣᠬᠤᠷ ᠬᠤᠭᠤᠴᠠᠭᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠨ᠎ᠠ᠃ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠪᠣᠯᠪᠠᠰᠤᠷᠠᠭᠤᠯᠤᠯ ᠢ 1 ᠲᠦᠮᠡᠨ ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠮᠠᠯ | ᠲᠠᠷᠢᠶᠠᠯᠠᠩ ᠤᠨ ᠲᠣᠪᠴᠢᠶ᠎ᠠ︶ | 10. ᠲᠤᠬᠠᠶ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠣᠯᠬᠤ ᠶᠢ ᠳᠡᠮᠵᠢᠨ᠎ᠡ᠃ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠱᠠᠭᠠᠷᠳᠠᠯᠭ᠎ᠠ ᠶᠢ | ᠠᠰᠠᠭᠤᠵᠤ᠂ ᠠᠵᠢᠯ ᠤᠨ ᠪᠠᠶᠢᠷᠢ ᠶᠢ ᠲᠠᠷᠢᠶᠠᠴᠢᠨ ᠡᠷᠦᠬᠡ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠣᠷᠣᠨ ᠨᠤᠲᠤᠭᠴᠢᠯᠠᠭᠰᠠᠨ | ᠠᠵᠢᠯᠴᠢᠨ ᠬᠡᠷᠡᠭᠯᠡᠬᠦ ᠶᠢ ᠵᠣᠷᠢᠭᠵᠢᠭᠤᠯᠤᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ | ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ | ᠵᠠᠰᠠᠭ ᠤᠨ ᠣᠷᠳᠣᠨ ᠪᠣᠯᠤᠨ ᠵᠣᠬᠢᠶᠠᠨ ᠪᠠᠶᠢᠭᠤᠯᠤᠯᠲᠠ ᠨᠤᠭᠤᠳ ᠣᠯᠠᠨ ᠲᠦᠮᠡᠨ ᠳᠤ ᠠᠵᠢᠯ ᠣᠯᠭᠤᠬᠤ ᠶᠠᠪᠤᠳᠠᠯ ᠢ ᠴᠢᠬᠤᠯᠠ ᠶᠠᠪᠤᠳᠠᠯ ᠢᠶᠠᠨ ᠪᠣᠯᠭᠠᠵᠤ᠂ ᠮᠠᠯᠴᠢᠨ | ᠲᠠᠷᠢᠶᠠᠴᠢᠨ ᠤ ᠪᠠᠷᠢᠯᠭ᠎ᠠ ᠶᠢᠨ ᠠᠩᠭᠢ᠂ ᠬᠥᠳᠡᠯᠮᠦᠷᠢ ᠦᠢᠯᠡᠴᠢᠯᠡᠭᠡᠨ ᠤ ᠬᠤᠷᠰᠢᠶ᠎ᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ | ᠲᠠᠷᠢᠶᠠᠴᠢᠨ ᠢ ᠬᠥᠲᠥᠯᠥᠨ ᠵᠢᠯᠣᠭᠤᠳᠴᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠵᠠᠮ ᠬᠠᠷᠢᠯᠴᠠᠭ᠎ᠠ | ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃ ︽ᠦᠢᠯᠡᠰ ᠪᠣᠰᠬᠠᠬᠤ ᠵᠢᠯᠣᠭᠤᠳᠤᠭᠴᠢ ᠪᠠᠭᠰᠢ | ᠦᠨᠳᠦᠰᠦᠨ ᠱᠠᠲᠤᠨ ᠳᠤ ᠭᠦᠨᠵᠡᠭᠡᠶᠢᠷᠡᠬᠦ︾ ᠠᠵᠢᠯᠯᠠᠭ᠎ᠠ ᠶᠢ ᠥᠷᠨᠢᠭᠦᠯᠦᠨ᠂ ᠨᠤᠲᠤᠭ ᠲᠠᠭᠠᠨ ᠪᠤᠴᠠᠭᠰᠠᠨ᠂ ᠨᠤᠲᠤᠭ ᠲᠤ ᠢᠷᠡᠭᠰᠡᠨ᠂ ᠨᠤᠲᠤᠭ ᠲᠠᠭᠠᠨ | ᠦᠯᠡᠳᠡᠭᠰᠡᠨ ᠬᠥᠮᠦᠰ ᠤᠨ ᠦᠢᠯᠡᠰ ᠪᠣᠰᠬᠠᠬᠤ ᠶᠢ ᠵᠣᠷᠢᠭᠵᠢᠭᠤᠯᠤᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠬᠡᠷᠡᠭᠲᠡᠶ᠃ 22 ᠲᠦᠮᠡ ᠠᠴᠠ | ᠳᠡᠭᠡᠭᠰᠢ ᠮᠠᠯᠴᠢᠨ ᠲᠠᠷᠢᠶᠠᠴᠢᠨ ᠳᠤ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ | ᠬᠢᠵᠦ ᠠᠵᠢᠯ ᠣᠯᠤᠭᠰᠠᠨ ᠬᠥᠮᠦᠨ ᠤ ᠲᠤᠭ᠎ᠠ ᠶᠢ 3 ᠲᠦᠮᠡ ᠠᠴᠠ ᠳᠡᠭᠡᠭᠰᠢ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ︶ | 11. ᠬᠥᠳᠡᠯᠮᠦᠷᠢ ᠦᠢᠯᠡᠴᠢᠯᠡᠭᠡᠨ ᠤ ᠨᠡᠷᠡᠲᠦ ᠱᠣᠰᠢᠭ᠎ᠠ ᠶᠢᠨ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠠᠵᠤ ᠦᠢᠯᠡᠰ ᠤᠨ ᠲᠠᠰ ᠳᠡᠪᠰᠢᠬᠦ᠂ | ᠰᠣᠶᠣᠯ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ᠂ ᠬᠥᠳᠡᠯᠮᠦᠷᠢ ᠦᠢᠯᠡᠴᠢᠯᠡᠭᠡᠨ ᠤ ᠨᠡᠷᠡᠲᠦ | ᠱᠣᠰᠢᠭ᠎ᠠ ᠶᠢᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠵᠤ᠂ ᠬᠥᠳᠡᠯᠮᠦᠷᠢ ᠦᠢᠯᠡᠴᠢᠯᠡᠭᠡᠨ ᠤ ᠨᠡᠷᠡᠲᠦ ᠱᠣᠰᠢᠭ᠎ᠠ ᠶᠢᠨ ᠠᠵᠢᠯ ᠡᠷᠭᠢᠯᠡᠭᠰᠡᠳ ᠤᠨ ᠤᠷ᠎ᠠ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠤᠷᠴᠢᠨ ᠤ ᠤᠯᠠᠭᠠᠨ ᠦᠬᠡᠷ ᠤᠨ ᠠᠵᠤ ᠦᠢᠯᠡᠰ ᠤᠨ ᠠᠵᠢᠯᠴᠢᠨ︾ ︽ᠬᠦᠷᠢᠶ᠎ᠡ ᠰᠠᠭᠠᠭ ᠤᠨ | ᠨᠤᠲᠤᠭ ᠤᠨ ᠰᠢᠨ᠎ᠡ ᠲᠠᠷᠢᠶᠠᠴᠢᠨ︾ ᠵᠡᠷᠭᠡ ᠨᠡᠷᠡᠲᠦ ᠱᠣᠰᠢᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠬᠤᠲᠠ ᠶᠢᠨ ᠱᠠᠲᠤᠨ ᠤ ᠬᠥᠳᠡᠯᠮᠦᠷᠢ ᠬᠦᠴᠦᠨ ᠤ | ᠨᠡᠷᠡᠲᠦ ᠱᠣᠰᠢᠭ᠎ᠠ ᠶᠢ 10᠂ ᠬᠤᠰᠢᠭᠤ ᠰᠢᠶᠠᠨ ᠤ ᠱᠠᠲᠤᠨ ᠤ ᠬᠥᠳᠡᠯᠮᠦᠷᠢ ᠬᠦᠴᠦᠨ ᠤ ᠨᠡᠷᠡᠲᠦ ᠱᠣᠰᠢᠭ᠎ᠠ ᠶᠢ 30 ᠰᠢᠨ᠎ᠡ ᠪᠠᠷ ᠨᠡᠮᠡᠭᠳᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠮᠠᠯ ᠲᠠᠷᠢᠶᠠᠯᠠᠩ ᠤᠨ | ᠲᠣᠪᠴᠢᠶ᠎ᠠ︶᠃ | ︵ᠭᠤᠷᠪᠠ︶ ᠴᠢᠳᠠᠪᠤᠷᠢᠲᠠᠨ ᠢ ᠦᠯᠡᠳᠡᠭᠡᠵᠦ ᠴᠢᠳᠠᠪᠤᠷᠢᠲᠠᠨ ᠢ ᠤᠷᠢᠨ ᠠᠪᠴᠢᠷᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | 12. ᠰᠢᠯᠭᠠᠨ ᠡᠯᠰᠡᠬᠦ ᠪᠠ ᠤᠷᠢᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ 2 ᠵᠢᠯ ᠤᠨ | ᠠᠵᠢᠯ ᠡᠷᠢᠬᠦ ᠬᠤᠭᠤᠴᠠᠭᠠᠨ ᠳᠠᠭᠠᠨ ᠡᠯ᠎ᠡ ᠲᠥᠷᠥᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ ᠠᠵᠢᠯ ᠣᠯᠣᠭᠰᠠᠨ ᠦᠭᠡᠶ ᠪᠣᠯ ᠠᠯᠪᠠᠲᠠᠨ ᠡᠯᠰᠡᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠤᠷᠢᠬᠤ ᠳᠤᠮᠳᠠ ᠲᠤᠰ ᠬᠤᠭᠤᠴᠠᠭᠠᠨ ᠤ ᠲᠡᠭᠦᠰᠦᠭᠰᠡᠳ ᠤᠨ ᠠᠵᠢᠯ ᠤᠨ ᠪᠠᠶᠢᠷᠢ ᠳᠤ ᠮᠡᠳᠡᠭᠦᠯᠦᠨ ᠰᠢᠯᠭᠠᠭᠤᠯᠵᠤ ᠪᠣᠯᠬᠤ ᠪᠥᠭᠡᠳ ᠲᠡᠭᠦᠨ ᠳᠤ ᠠᠵᠢᠯ ᠣᠯᠭᠤᠬᠤ | ᠬᠡᠯᠡᠯᠴᠡᠭᠡᠷ ᠲᠣᠭᠲᠠᠭᠰᠠᠨ ᠡᠰᠡᠬᠦ᠂ ᠨᠡᠶᠢᠭᠡᠮ ᠤᠨ ᠳᠠᠭᠠᠳᠬᠠᠯ ᠲᠤᠰᠢᠶᠠᠭᠰᠠᠨ ᠡᠰᠡᠬᠦ ᠳᠤ ᠬᠢᠵᠠᠭᠠᠷᠯᠠᠭᠳᠠᠬᠤ ᠦᠭᠡᠶ᠃ ᠪᠦᠬᠦ ᠬᠤᠲᠠ ᠳᠤ ᠠᠯᠪᠠᠲᠠᠨ ᠢ 400 | ᠬᠥᠮᠦᠨ ᠠᠴᠠ ᠳᠡᠭᠡᠭᠰᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ 3000 ᠬᠥᠮᠦᠨ ᠠᠴᠠ ᠳᠡᠭᠡᠭᠰᠢ ᠢᠯᠡ ᠪᠠᠷ ᠡᠯᠰᠡᠨ᠎ᠡ᠃ ︵ᠲᠦᠷᠦᠭᠦᠯᠡᠨ ᠬᠢᠬᠦ ᠨᠢᠭᠡᠴᠡ | ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︔ ᠬᠠᠮᠵᠢᠯᠴᠠᠬᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ | ᠠᠯᠪᠠᠨ ᠭᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠃ | 13.ᠴᠢᠳᠠᠪᠤᠷᠢᠲᠠᠨ ᠤᠷᠢᠬᠤ ᠡᠷᠴᠢᠮ ᠢ ᠴᠢᠩᠭᠠᠷᠠᠭᠤᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ | ᠭᠤᠤᠯᠳᠠᠯᠭ᠎ᠠ ᠲᠠᠢ ᠬᠦᠷᠢᠶ᠎ᠡ ᠪᠣᠯᠤᠨ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠴᠢᠳᠠᠪᠤᠷᠢᠲᠠᠨ ᠤᠷᠢᠨ ᠠᠪᠴᠢᠷᠠᠬᠤ ᠶᠢ ᠵᠣᠷᠢᠭᠵᠢᠭᠤᠯᠤᠨ᠎ᠠ᠃ ᠪᠦᠬᠦ | ᠬᠤᠲᠠ ᠳᠡᠭᠡᠳᠦ ᠳᠡᠰ ᠳᠠᠪᠬᠤᠷᠭ᠎ᠠ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ 400 ᠠᠴᠠ ᠳᠡᠭᠡᠭᠰᠢ ᠤᠷᠢᠨ ᠠᠪᠴᠢᠷᠠᠬᠤ | ᠲᠥᠯᠥᠪᠯᠡᠭᠡ ᠶᠢ ᠨᠡᠶᠢᠲᠡᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︔ ᠬᠠᠮᠵᠢᠯᠴᠠᠬᠤ ᠨᠢᠭᠡᠴᠡ᠄ | ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶᠃ | 14. ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠶᠢ ᠵᠣᠷᠢᠭᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ | ᠠᠵᠢᠯ ᠤᠨ ᠪᠠᠶᠢᠷᠢ ᠶᠢ ᠶᠡᠬᠡᠪᠡᠷ ᠭᠠᠷᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠠ ᠪᠠᠷᠠᠭᠤᠨ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠥᠯᠥᠪᠯᠡᠭᠡ ᠶᠢ | ᠬᠡᠷᠡᠭᠵᠢᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠲᠥᠯᠥᠪᠯᠡᠭᠡ ᠶᠢᠨ ᠠᠵᠢᠯᠲᠠᠨ ᠤ ᠰᠠᠷ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ | 700 ᠲᠥᠭᠦᠷᠢᠭ / ᠬᠥᠮᠦᠨ ᠪᠠᠶᠢᠭᠰᠠᠨ ᠠᠴᠠ 1000 ᠲᠥᠭᠦᠷᠢᠭ / ᠬᠥᠮᠦᠨ ᠪᠣᠯᠲᠠᠯ᠎ᠠ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠳᠠᠭᠠᠵᠤ ᠰᠤᠷᠬᠤ | ᠨᠥᠬᠦᠪᠦᠷᠢ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 70% ᠠᠴᠠ | ᠳᠣᠣᠷ᠎ᠠ ᠪᠠᠶᠢᠯᠭᠠᠬᠤ ᠦᠭᠡᠢ︔ ᠳᠠᠭᠠᠵᠤ ᠰᠤᠷᠬᠤ ᠬᠤᠭᠤᠴᠠᠭ᠎ᠠ ᠨᠢ ᠳᠦᠭᠦᠷᠴᠦ ᠦᠯᠡᠳᠡᠭᠡᠵᠦ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠬᠦᠷᠦᠭᠰᠡᠨ | ᠨᠢᠭᠡᠴᠡ ᠳᠤ ᠨᠥᠬᠦᠪᠦᠷᠢ ᠶᠢᠨ ᠪᠠᠷᠢᠮᠵᠢᠶ᠎ᠠ ᠶᠢ 100% ᠪᠣᠯᠲᠠᠯ᠎ᠠ ᠳᠡᠭᠡᠭᠰᠢᠯᠡᠭᠦᠯᠦᠨ᠎ᠡ︔ ᠳᠠᠭᠠᠵᠤ ᠰᠤᠷᠬᠤ ᠬᠤᠭᠤᠴᠠᠭ᠎ᠠ ᠨᠢ ᠳᠠᠭᠤᠰᠤᠭᠠᠳᠤᠢ ᠪᠠᠶᠢᠲᠠᠯ᠎ᠠ ᠳᠠᠭᠠᠵᠤ | ᠰᠤᠷᠬᠤ ᠬᠥᠮᠥᠰ ᠯᠦᠭᠡ ᠬᠥᠳᠡᠯᠮᠦᠷᠢ ᠶᠢᠨ ᠭᠡᠷ᠎ᠡ ᠲᠣᠭᠲᠠᠭᠰᠠᠨ ᠪᠣᠯ᠂ ᠦᠯᠡᠳᠡᠭᠰᠡᠨ ᠬᠤᠭᠤᠴᠠᠭᠠᠨ ᠳᠤ ᠳᠠᠭᠠᠵᠤ ᠰᠤᠷᠬᠤ ᠨᠥᠬᠦᠪᠦᠷᠢ ᠣᠯᠭᠤᠨ᠎ᠠ᠃ ᠪᠦᠬᠦ | ᠬᠤᠲᠠ ᠶᠢᠨ ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠵᠦ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ 1000 | ᠬᠥᠮᠦᠨ ᠠᠴᠠ ᠳᠡᠭᠡᠭᠰᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ︶᠃ | 15. ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠶᠢ ᠳᠡᠮᠵᠢᠨ᠎ᠡ᠃ ᠲᠡᠭᠦᠰᠬᠦ ᠵᠢᠯ ᠵᠢᠴᠢ ᠰᠤᠷᠭᠠᠭᠤᠯᠢ ᠠᠴᠠ ᠪᠠᠨ | ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 16 - | 24 ᠨᠠᠰᠤᠨ ᠤ ᠵᠠᠯᠠᠭᠤᠴᠤᠳ ᠢ ᠡᠯᠰᠡᠨ ᠬᠡᠷᠡᠭᠯᠡᠬᠦ ᠳᠤ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠲᠡᠭᠦᠨ ᠳᠤ 3 ᠰᠠᠷ᠎ᠠ ᠠᠴᠠ | ᠳᠡᠭᠡᠭᠰᠢ ᠠᠵᠢᠯ ᠠᠯᠳᠠᠭᠰᠠᠨ᠂ ᠠᠵᠢᠯ ᠠᠴᠠ ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠭᠰᠠᠨ ᠠᠵᠤ | ᠠᠬᠤᠶᠢᠯᠠᠯ ᠳᠤ ᠬᠥᠮᠦᠨ ᠪᠦᠷᠢ ᠳᠤ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠣᠯᠭᠤᠬᠤ ᠬᠡᠷᠡᠭᠲᠡᠶ᠃ | ᠠᠵᠤ ᠠᠬᠤᠶᠢᠯᠠᠯ ᠤᠨ ᠡᠯᠰᠡᠨ ᠬᠡᠷᠡᠭᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠵᠢᠵᠢᠭ ᠪᠢᠴᠢᠯ ᠠᠵᠤ | ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠤ ᠠᠬᠤᠶᠢᠯᠠᠯ ᠳᠤ ᠠᠵᠢᠯ ᠣᠯᠬᠤ ᠪᠠ ᠠᠮᠢᠳᠤᠯᠢᠭ ᠢᠶᠠᠷ ᠠᠵᠢᠯ ᠣᠯᠬᠤ ᠶᠢ 4000 ᠬᠥᠮᠥᠨ ᠠᠴᠠ ᠳᠡᠭᠡᠭᠰᠢ | ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶᠃ | ︵ᠲᠦᠷᠪᠡ︶ ᠦᠢᠯᠡᠰ ᠪᠣᠰᠬᠠᠬᠤ ᠶᠢ ᠳᠠᠶᠢᠴᠢᠯᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | 16. ᠦᠢᠯᠡᠰ ᠪᠣᠰᠬᠠᠬᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠮᠦᠩᠭᠦᠨ ᠭᠦᠢᠯᠭᠡᠭᠡᠨ ᠢᠶᠠᠷ ᠦᠢᠯᠡᠰ ᠪᠣᠰᠬᠠᠬᠤ ᠠᠵᠢᠯ | ᠣᠯᠭᠤᠬᠤ ᠳᠤ ᠬᠦᠴᠦᠨ ᠨᠡᠮᠡᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠮᠦᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠦᠨ᠂ ᠢᠲᠡᠭᠡᠮᠵᠢᠲᠦ | ᠵᠢᠭᠡᠯᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠵᠢᠯ ᠤᠨ ᠳᠣᠲᠣᠷ᠎ᠠ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢ 1.1 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠵᠤ᠂ 500 ᠬᠥᠮᠦᠨ ᠠᠴᠠ | ᠳᠡᠭᠡᠭᠰᠢ ᠬᠤᠪᠢ ᠪᠠᠷ ᠢᠶᠠᠨ ᠦᠢᠯᠡᠰ ᠪᠣᠰᠬᠠᠬᠤ ᠶᠢ ᠳᠡᠮᠵᠢᠵᠦ᠂ 10 ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠵᠦ᠂ ᠦᠢᠯᠡᠰ ᠪᠣᠰᠬᠠᠬᠤ ᠪᠠᠷ ᠳᠠᠮᠵᠢᠨ | 2000 ᠬᠥᠮᠦᠨ ᠠᠴᠠ ᠳᠡᠭᠡᠭᠰᠢ ᠠᠵᠢᠯ ᠣᠯᠭᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠪᠠᠩᠬᠢ ᠶᠢᠨ ᠲᠦᠩᠯᠢᠶᠣᠤ ᠬᠤᠲᠠ ᠳᠠᠬᠢ ᠬᠤᠪᠢᠶᠠᠷᠢ ᠪᠠᠩᠬᠢ︶ | 17. ᠦᠢᠯᠡᠰ ᠪᠣᠰᠬᠠᠬᠤ ᠨᠡᠪᠴᠢᠭᠦᠯᠬᠦ ᠲᠠᠪᠴᠠᠩ ᠢ ᠪᠠᠶᠢᠭᠤᠯᠤᠨ᠎ᠠ᠃ ᠡᠯ᠎ᠡ ᠭᠠᠵᠠᠷ ᠤᠨ ᠠᠵᠤ ᠦᠢᠯᠡᠰ ᠤᠨ ᠬᠦᠷᠢᠶᠡᠯᠡᠩ᠂ ᠰᠤᠯᠠ ᠪᠠᠶᠢᠭ᠎ᠠ | ᠦᠢᠯᠡᠳᠪᠦᠷᠢ ᠶᠢᠨ ᠭᠡᠷ ᠪᠠᠶᠢᠰᠢᠩ ᠵᠡᠷᠭᠡ ᠳᠤ ᠲᠦᠰᠢᠭᠯᠡᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ ᠪᠠᠶᠢᠭᠤᠯᠬᠤ ᠪᠤᠶᠤ ᠰᠠᠶᠢᠵᠢᠷᠠᠭᠤᠯᠬᠤ ᠶᠢ ᠳᠡᠮᠵᠢᠵᠦ᠂ | ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠳᠤ ᠨᠠᠭᠠᠳᠤ ᠵᠠᠬ᠎ᠠ ᠳᠠᠭᠠᠨ ᠬᠤᠲᠠ ᠶᠢᠨ ᠳᠡᠰ ᠤᠨ ᠪᠠᠷᠢᠮᠵᠢᠶᠠᠵᠢᠭᠤᠯᠤᠭᠰᠠᠨ ᠦᠢᠯᠡᠰ ᠪᠣᠰᠬᠠᠬᠤ ᠨᠡᠪᠴᠢᠭᠦᠯᠬᠦ | ᠰᠠᠭᠤᠷᠢᠨ ᠭᠠᠵᠠᠷ 1 ᠪᠠᠶᠢᠭᠤᠯᠬᠤ ᠶᠢ ᠳᠡᠮᠵᠢᠨ᠎ᠡ᠃ ᠭᠡᠷ ᠤᠨ ᠲᠦᠷᠢᠶᠡᠰᠦ᠂ ᠤᠰᠤ ᠴᠠᠬᠢᠯᠭᠠᠨ ᠤ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠦᠢᠯᠡᠰ ᠪᠣᠰᠬᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | | 18. ᠭᠤᠤᠯᠳᠠᠯᠭ᠎ᠠ ᠲᠠᠢ ᠬᠦᠮᠦᠰ ᠤᠨ ᠦᠢᠯᠡᠰ ᠪᠣᠰᠬᠠᠬᠤ ᠶᠢ ᠳᠡᠮᠵᠢᠨ᠎ᠡ᠃ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷᠠᠬᠢ ᠳᠡᠭᠡᠳᠦ | ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ | ᠬᠠᠯᠠᠭᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢᠴᠢᠨ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ | ᠬᠤᠪᠢ ᠶᠢᠨ ᠡᠵᠡᠩᠨᠡᠯᠲᠡ ᠶᠢ ᠡᠷᠬᠢᠯᠡᠵᠦ ᠪᠠᠶᠢᠭ᠎ᠠ ᠪᠥᠭᠡᠳ ᠪᠠᠶᠢᠭᠤᠯᠤᠨ ᠡᠷᠬᠢᠯᠡᠵᠦ ᠪᠠᠶᠢᠭ᠎ᠠ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠨᠢ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ ᠪᠠᠶᠢᠪᠠᠯ᠂ 1 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠦᠢᠯᠡᠰ ᠪᠣᠰᠬᠠᠬᠤ ᠨᠥᠬᠦᠪᠥᠷᠢ ᠣᠯᠭᠤᠨ᠎ᠠ᠃ 3 ᠬᠥᠮᠦᠨ ᠠᠴᠠ ᠳᠡᠭᠡᠭᠰᠢ ᠠᠵᠢᠯ ᠣᠯᠭᠤᠬᠤ ᠶᠢ ᠳᠠᠶᠢᠴᠢᠯᠠᠬᠤ ᠶᠢᠨ | ᠬᠠᠮᠲᠤ ᠲᠡᠭᠦᠨ ᠳᠤ 1 ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠪᠠᠯ᠂ 2 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ | ᠦᠢᠯᠡᠰ ᠪᠣᠰᠬᠠᠬᠤ ᠪᠠᠷ ᠠᠵᠢᠯ ᠣᠯᠭᠤᠬᠤ ᠶᠢ ᠳᠠᠶᠢᠴᠢᠯᠠᠬᠤ ᠨᠥᠬᠦᠪᠥᠷᠢ ᠣᠯᠭᠤᠵᠤ᠂ ᠬᠡᠪ ᠤᠨ ᠶᠣᠰᠣᠭᠠᠷ 3 ᠵᠢᠯ ᠠᠴᠠ ᠳᠡᠭᠡᠭᠰᠢ ᠡᠵᠡᠩᠨᠡᠭᠰᠡᠨ ᠮᠥᠷᠲᠡᠭᠡᠨ ᠠᠵᠢᠯ | ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠶᠢ ᠪᠠᠭᠠᠰᠤᠭᠰᠠᠨ ᠥᠬᠡᠶ ᠪᠠᠶᠢᠪᠠᠯ᠂ ᠳᠠᠬᠢᠨ 2 ᠲᠦᠮᠡᠨ ᠲᠥᠭᠦᠷᠢᠭ ᠤᠨ ᠦᠢᠯᠡᠰ ᠪᠣᠰᠬᠠᠬᠤ ᠨᠥᠬᠦᠪᠥᠷᠢ | ᠣᠯᠭᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | 19. ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠢ ᠰᠢᠯᠢᠳᠡᠭᠵᠢᠭᠦᠯᠦᠨ᠎ᠡ᠃ ᠬᠤᠰᠢᠭᠤ ᠰᠢᠶᠠᠨ ᠬᠤᠲᠠ ᠲᠣᠭᠤᠷᠢᠭ ᠤᠨ ᠦᠢᠯᠡᠰ ᠪᠣᠰᠬᠠᠬᠤ | ᠬᠥᠭᠵᠢᠯᠲᠡ ᠶᠢᠨ ᠪᠡᠯᠡ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ | ᠰᠦᠯᠵᠢᠶᠡᠨ ᠳᠡᠭᠡᠷᠡᠬᠢ 3D ᠦᠢᠯᠡᠰ ᠪᠣᠰᠬᠠᠬᠤ ᠲᠥᠷᠥᠯ ᠵᠦᠢᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠵᠤ᠂ ᠦᠢᠯᠡᠰ ᠪᠣᠰᠬᠠᠬᠤ ᠲᠥᠷᠥᠯ ᠵᠦᠢᠯ ᠢ 400 | ᠭᠠᠷᠤᠢ ᠪᠠᠶᠢᠩᠭᠤᠵᠢᠭᠤᠯᠤᠨ ᠳᠡᠯᠭᠡᠨ ᠦᠵᠡᠭᠦᠯᠦᠨ᠎ᠡ᠃ ᠦᠢᠯᠡᠰ ᠪᠣᠰᠭᠠᠬᠤ ᠶᠢ ᠵᠢᠯᠣᠭᠤᠳᠬᠤ ᠪᠠᠭᠰᠢ ᠶᠢᠨ ᠠᠵᠢᠯᠯᠠᠬᠤ ᠭᠡᠷ ᠢ ᠰᠢᠨ᠎ᠡ ᠪᠠᠷ 2 ᠪᠠᠢᠭᠤᠯᠤᠨ᠎ᠠ᠃ | ᠦᠢᠯᠡᠰ ᠪᠣᠰᠬᠠᠬᠤ ᠤᠷᠤᠯᠳᠤᠭᠠᠨ᠂ ᠦᠢᠯᠡᠰ ᠪᠣᠰᠬᠠᠬᠤ ᠲᠤᠰᠬᠠᠶ ᠮᠡᠷᠭᠡᠵᠢᠯᠲᠡᠨ ᠰᠤᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠰᠢᠨ᠎ᠡ ᠶᠢ ᠡᠭᠦᠳᠬᠦ ᠦᠢᠯᠡᠰ | ᠪᠣᠰᠬᠠᠬᠤ ᠠᠵᠢᠯᠯᠠᠭ᠎ᠠ ᠶᠢ ᠡᠷᠭᠢᠯᠡᠨ᠎ᠡ᠃ ᠦᠢᠯᠡᠰ ᠪᠣᠰᠬᠠᠬᠤ ᠪᠣᠯᠪᠠᠰᠤᠷᠠᠯ ᠢ 1000 ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠣᠯᠪᠠᠰᠤᠷᠠᠯ ᠢ ᠴᠢᠩᠭᠠᠳᠬᠠᠵᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ | 20. ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠤᠷ᠎ᠠ | ᠴᠢᠳᠠᠪᠤᠷᠢ ᠶᠢᠨ ᠠᠮᠢ ᠠᠬᠤᠢ ᠶᠢᠨ ᠬᠡᠯᠬᠢᠶ᠎ᠡ ᠶᠢ ᠪᠣᠢ ᠪᠣᠯᠭᠠᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠠᠵᠤ ᠠᠬᠤᠶᠢᠯᠠᠯ᠂ ᠠᠵᠤ ᠦᠢᠯᠡᠰ ᠤᠨ | ᠬᠦᠷᠢᠶᠡᠯᠡᠩ ᠳᠤ ᠲᠦᠰᠢᠭᠯᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠤᠨ᠎ᠠ᠃ ᠪᠦᠬᠦ ᠬᠤᠲᠠ ᠶᠢᠨ ᠮᠡᠷᠭᠡᠵᠢᠯ ᠤᠨ ᠠᠵᠢᠯᠴᠢᠨ ᠤ | ᠶᠡᠭᠡ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠤᠬᠠᠭᠠᠨ ᠤ ᠨᠢᠭᠡ ᠴᠣᠭᠴᠠᠵᠢᠭᠰᠠᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ ᠢ 50% ᠠᠴᠠ ᠳᠡᠭᠡᠭᠰᠢ | ᠪᠣᠯᠲᠠᠯ᠎ᠠ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠤᠯᠪᠣᠭᠠᠨ ᠤ ᠪᠠᠶᠢᠭᠤᠯᠤᠯᠲᠠ ᠶᠢ ᠠᠬᠢᠭᠤᠯᠵᠤ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠮᠲᠤᠷᠠᠨ ᠠᠵᠤ ᠦᠢᠯᠡᠰ ᠤᠨ ᠳᠡᠭᠡᠳᠦ ᠰᠤᠷᠭᠠᠭᠤᠯᠢ | ᠪᠠᠶᠢᠭᠤᠯᠬᠤ ᠶᠢ ᠵᠣᠷᠢᠭᠵᠢᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ ᠴᠢᠳᠠᠪᠤᠷᠢᠲᠠᠨ ᠢ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠨ᠂ ᠵᠢᠯ ᠪᠦᠷᠢ 2000 ᠬᠥᠮᠦᠨ ᠠᠴᠠ | ᠳᠡᠭᠡᠭᠰᠢ ᠬᠥᠳᠡᠯᠦᠩᠭᠦᠶ ᠪᠠᠷ ᠪᠣᠯᠪᠠᠰᠤᠷᠠᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮᠴᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ | ᠥᠷᠨᠢᠭᠦᠯᠬᠦ ᠶᠢ ᠳᠡᠮᠵᠢᠵᠦ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠥᠷᠢ ᠣᠯᠭᠤᠬᠤ ᠬᠡᠷᠡᠭᠲᠡᠶ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠮᠥᠷᠳᠡᠯᠲᠡ ᠶᠢᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠪᠠᠶᠢᠳᠠᠯ ᠲᠠᠢ ᠤᠶᠠᠯᠳᠤᠭᠤᠯᠤᠨ ᠡᠷᠳᠡᠮ | ᠰᠢᠨᠵᠢᠯᠡᠭᠡᠨ ᠤ ᠪᠠᠶᠢᠷᠢᠯᠠᠭᠤᠯᠤᠯᠲᠠ ᠶᠢ ᠬᠥᠳᠡᠯᠦᠩᠭᠦᠶ ᠪᠠᠷ ᠲᠣᠬᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠦᠩᠯᠢᠶᠣᠤ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠲᠦᠩᠯᠢᠶᠣᠤ ᠶᠢᠨ ᠠᠵᠤ ᠦᠢᠯᠡᠳᠪᠦᠷᠢ ᠶᠢᠨ | ᠠᠵᠢᠯ ᠮᠡᠷᠭᠡᠵᠢᠯ ᠤᠨ ᠰᠤᠷᠭᠠᠭᠤᠯᠢ︶ | 21. ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠭᠡ ᠬᠡᠪᠴᠢᠶ᠎ᠡ ᠪᠠᠷ ᠥᠷᠨᠢᠭᠦᠯᠦᠨ᠎ᠡ᠃ ᠠᠵᠢᠯ ᠲᠥᠷᠥᠯ ᠤᠨ ᠰᠠᠯᠠᠭ᠎ᠠ | ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠬᠡᠪᠴᠢᠶ᠎ᠡ ᠶᠢ 3 ᠲᠦᠮᠡᠨ ᠬᠥᠮᠦᠨ ᠤᠳᠠᠭ᠎ᠠ ᠠᠴᠠ ᠳᠡᠭᠡᠭᠰᠢ ᠬᠦᠷᠦᠭᠦᠯᠵᠦ᠂ ᠨᠥᠬᠦᠪᠥᠷᠢ ᠶᠢᠨ ᠴᠢᠨᠠᠷᠲᠠᠶ | ᠪᠣᠯᠪᠠᠰᠤᠷᠠᠭᠤᠯᠤᠯ ᠢ 8000 ᠬᠥᠮᠦᠨ ᠤᠳᠠᠭ᠎ᠠ ᠠᠴᠠ ᠳᠡᠭᠡᠭᠰᠢ ᠬᠦᠷᠦᠭᠦᠯᠵᠦ᠂ ᠮᠡᠷᠭᠡᠵᠢᠯ ᠤᠨ ᠴᠢᠳᠠᠪᠤᠷᠢᠲᠠᠨ ᠢ 8000 ᠬᠥᠮᠦᠨ ᠠᠴᠠ ᠳᠡᠭᠡᠭᠰᠢ | ᠪᠣᠯᠪᠠᠰᠤᠷᠠᠭᠤᠯᠤᠨ᠎ᠠ᠃ ᠪᠣᠯᠪᠠᠰᠤᠷᠠᠭᠤᠯᠤᠯ ᠤᠨ ᠳᠠᠷᠠᠭᠠᠬᠢ 6 ᠰᠠᠷ᠎ᠠ ᠶᠢᠨ ᠳᠣᠲᠣᠷ᠎ᠠ 1 ᠵᠢᠯ ᠵᠢᠴᠢ ᠲᠡᠭᠦᠨ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ | ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠪᠠᠯ᠂ ᠬᠢᠴᠢᠶᠡᠯ ᠤᠨ ᠴᠠᠭ ᠤᠨ ᠰᠠᠭᠤᠷᠢ ᠪᠠᠷᠢᠮᠵᠢᠶ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ | 50% ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ︶ | 22. ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠩᠯᠢᠶᠣᠤ ᠬᠤᠲᠠ ᠶᠢᠨ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠦᠨᠳᠦᠰᠦᠯᠡᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠭᠯᠡᠭᠦᠯᠬᠦ ᠴᠢᠨᠠᠷᠲᠠᠶ ᠥᠷᠨᠢᠭᠦᠯᠵᠦ᠂ ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠠᠳᠠᠭ ᠲᠠᠭᠠᠨ ᠨᠢᠭᠡ ︽ᠠᠵᠢᠯ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ + ᠬᠥᠳᠡᠯᠮᠦᠷᠢ ᠬᠦᠴᠦ︾ ᠶᠢᠨ ᠨᠡᠷᠡᠲᠦ ᠱᠣᠰᠢᠭ᠎ᠠ ᠶᠢ ᠪᠤᠶᠢᠵᠢᠭᠤᠯᠬᠤ ᠬᠡᠷᠡᠭᠲᠡᠶ᠃ ᠪᠦᠬᠦ ᠬᠤᠲᠠ ᠶᠢᠨ ᠶᠡᠷᠦᠩᠬᠡᠶᠢᠯᠡᠭᠰᠡᠨ | ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠠ ᠡᠯ᠎ᠡ ᠠᠵᠢᠯ ᠲᠥᠷᠥᠯ ᠤᠨ ᠬᠠᠮᠢᠶ᠎ᠠ ᠪᠦᠬᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠢ ᠡᠷᠬᠢᠯᠡᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ ᠬᠡᠲᠦᠷᠡᠭᠰᠡᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ | ᠣᠯᠬᠤ ᠬᠦᠰᠡᠯ ᠲᠠᠢ ᠪᠠᠶᠢᠩᠭᠤ ᠰᠠᠭᠤᠭ᠎ᠠ ᠬᠥᠮᠦᠨ ᠠᠮᠠ ᠶᠢ ᠠᠵᠢᠯ ᠣᠯᠭᠤᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠬᠠᠨᠳᠤᠯᠭᠠᠲᠤ ᠴᠢᠨᠠᠷᠲᠠᠶ ᠪᠠᠷ | ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ | 23. ᠠᠵᠤ ᠠᠬᠤᠶᠢᠯᠠᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠵᠡᠷᠭᠡ ᠲᠠᠰ ᠤᠨ ᠦᠨᠡᠯᠡᠯᠲᠡ ᠬᠢᠬᠦ ᠶᠢ ᠳᠡᠮᠵᠢᠨ᠎ᠡ᠃ ᠮᠡᠷᠭᠡᠵᠢᠯ | ᠴᠢᠳᠠᠪᠤᠷᠢ ᠪᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠨᠥᠬᠦᠴᠡᠯ ᠲᠠᠢ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠪᠣᠯᠪᠠᠰᠤᠷᠠᠭᠤᠯᠤᠯ ᠤᠨ ᠲᠥᠪ᠂ ᠮᠡᠷᠭᠡᠵᠢᠯ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠮᠠᠭᠠᠳᠯᠠᠨ | ᠲᠣᠭᠲᠠᠭᠠᠬᠤ ᠪᠠᠷ ᠳᠡᠮᠵᠢᠨ ᠨᠢᠭᠡ ᠪᠠᠶᠢᠭᠤᠯᠬᠤ ᠪᠦᠷᠢ 30 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠵᠢᠯ ᠤᠨ ᠳᠣᠲᠣᠷ᠎ᠠ | ᠨᠢᠭᠡᠳᠦᠭᠡᠷ ᠲᠠᠰ ᠤᠨ ᠮᠡᠷᠭᠡᠵᠢᠯ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠣᠯᠤᠭᠰᠠᠳ ᠲᠤ 3000 ᠲᠥᠭᠦᠷᠢᠭ ᠤᠨ ᠨᠥᠬᠦᠪᠥᠷᠢ ᠥᠭᠴᠦ᠂ ᠬᠤᠶᠠᠳᠤᠭᠠᠷ | ᠲᠠᠰ ᠤᠨ ᠮᠡᠷᠭᠡᠵᠢᠯ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠣᠯᠤᠭᠰᠠᠨ ᠪᠠᠶᠢᠪᠠᠯ 2500 ᠲᠥᠭᠦᠷᠢᠭ ᠤᠨ ᠨᠥᠬᠦᠪᠥᠷᠢ ᠣᠯᠭᠤᠵᠤ᠂ ᠭᠤᠷᠪᠠ ᠠᠴᠠ | ᠲᠠᠪᠤᠳᠤᠭᠠᠷ ᠲᠠᠰ ᠤᠨ ᠮᠡᠷᠭᠡᠵᠢᠯ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠣᠯᠤᠭᠰᠠᠨ ᠪᠠᠶᠢᠪᠠᠯ 1000 - 2000 ᠲᠥᠭᠦᠷᠢᠭ ᠤᠨ ᠮᠡᠷᠭᠡᠵᠢᠯ ᠴᠢᠳᠠᠪᠤᠷᠢ ᠶᠢ | ᠳᠡᠭᠡᠭᠰᠢᠯᠡᠭᠦᠯᠬᠦ ᠨᠥᠬᠦᠪᠥᠷᠢ ᠣᠯᠭᠤᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ ᠪᠣᠯᠪᠠᠰᠤᠷᠠᠭᠤᠯᠤᠯ | ᠥᠷᠨᠢᠭᠦᠯᠦᠭᠰᠡᠨ ᠪᠣᠯ ᠠᠩᠬ᠎ᠠ ᠵᠡᠷᠭᠡ ᠶᠢᠨ ᠠᠵᠢᠯᠴᠢᠨ ᠳᠤ 6000 ᠲᠥᠭᠦᠷᠢᠭ / ᠬᠥᠮᠦᠨ / ᠵᠢᠯ᠂ ᠳᠤᠮᠳᠠᠳᠤ ᠵᠡᠷᠭᠡ ᠶᠢᠨ ᠠᠵᠢᠯᠴᠢᠨ ᠳᠤ 7000 ᠲᠥᠭᠦᠷᠢᠭ / | ᠬᠥᠮᠦᠨ / ᠵᠢᠯ᠂ ᠳᠡᠭᠡᠳᠦ ᠵᠡᠷᠭᠡ ᠶᠢᠨ ᠠᠵᠢᠯᠴᠢᠨ ᠳᠤ 8000 ᠲᠥᠭᠦᠷᠢᠭ / ᠬᠥᠮᠦᠨ / ᠵᠢᠯ ᠤᠨ ᠪᠠᠷᠢᠮᠵᠢᠶ᠎ᠠ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ ᠪᠣᠯᠪᠠᠰᠤᠷᠠᠭᠤᠯᠤᠯ ᠪᠣᠯᠤᠨ ᠮᠠᠰᠲ᠋ᠧᠷ᠂ ᠳᠡᠭᠡᠳᠦ ᠮᠠᠰᠲ᠋ᠧᠷ ᠤᠨ | ᠪᠣᠯᠪᠠᠰᠤᠷᠠᠭᠤᠯᠤᠯ ᠳᠤ ᠪᠣᠯᠪᠠᠰᠤᠷᠠᠭᠤᠯᠤᠯ ᠤᠨ ᠪᠡᠯᠡ ᠮᠥᠩᠭᠦ ᠶᠢ ᠰᠢᠭᠤᠳ ᠠᠵᠤ ᠠᠬᠤᠶᠢᠯᠠᠯ ᠳᠤ ᠨᠥᠬᠦᠪᠥᠷᠢᠯᠡᠬᠦ ᠬᠡᠷᠡᠭᠲᠡᠶ᠃ ᠠᠵᠤ ᠠᠬᠤᠶᠢᠯᠠᠯ ᠠᠵᠢᠯᠲᠠᠨ | ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠶᠢ | ᠵᠥᠪᠰᠢᠶᠡᠷᠡᠵᠦ᠂ ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠳᠤᠮᠳᠠᠴᠢ ᠵᠠᠷᠤᠳᠠᠯ ᠵᠡᠷᠭᠡ | ᠬᠠᠮᠢᠶ᠎ᠠ ᠪᠦᠬᠦᠢ ᠵᠠᠷᠤᠳᠠᠯ ᠤᠨ ᠪᠠᠷᠢᠮᠵᠢᠶ᠎ᠠ ᠪᠠ ᠳᠡᠮᠵᠢᠬᠦ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠪᠠᠶᠢᠭᠠᠳ ᠵᠣᠬᠢᠰᠲᠠᠶ ᠨᠥᠬᠦᠪᠥᠷᠢ ᠣᠯᠭᠤᠬᠤ ᠬᠡᠷᠡᠭᠲᠡᠶ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶᠃ | ︵ᠬᠤᠶᠠᠷ︶ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ | 24. ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ᠃ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡ ᠶᠢ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠬᠦᠷᠢᠶ᠎ᠡ ᠬᠡᠪᠴᠢᠶᠡᠨ ᠳᠤ ᠠᠭᠤᠰᠤᠯᠴᠠᠭᠤᠯᠵᠤ᠂ ᠪᠠᠶᠢᠩᠭᠤ | ᠰᠠᠭᠤᠭ᠎ᠠ ᠬᠥᠮᠥᠨ ᠠᠮᠠ ᠶᠢ ᠬᠠᠮᠤᠷᠤᠭᠰᠠᠨ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ | ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠯᠡᠨᠴᠢᠷ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠪᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠦᠯᠬᠦ ᠶᠢ ᠠᠬᠢᠭᠤᠯᠤᠨ᠎ᠠ᠃ ᠬᠥᠳᠡᠯᠮᠦᠷᠢ | ᠪᠠᠲᠤᠯᠠᠭ᠎ᠠ ᠶᠢᠨ ᠲᠤᠰᠠᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠡᠯᠰᠡᠵᠦ ᠴᠤᠭᠯᠠᠭᠤᠯᠤᠭᠰᠠᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ | ᠳᠤᠷᠠᠴᠤᠳ ᠭᠤᠤᠯᠳᠠᠭᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠬᠢᠵᠦ᠂ ᠦᠨᠳᠦᠰᠦᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠡᠩᠨᠡᠭᠡᠨ ᠤ | ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭᠠᠨ ᠤ | ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠳᠤ ᠲᠦᠰᠢᠭᠯᠡᠨ ︽ᠬᠡᠷ ᠤᠨ ᠡᠭᠦᠳᠡᠨ︾ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ | ᠥᠷᠲᠡᠭᠡ ᠶᠢ 100 ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶᠃ | 25. ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠳᠤ ᠬᠠᠮᠵᠢᠯᠴᠠᠨ ᠬᠦᠴᠦᠨ ᠨᠡᠮᠡᠷᠢᠯᠡᠨ᠎ᠡ᠃ ︽ᠠᠵᠢᠯᠴᠢᠨ ᠤ ᠡᠪᠯᠡᠯ ᠠᠵᠢᠯ | ᠣᠯᠭᠤᠯᠲᠠ ᠶᠢ ᠬᠠᠪᠰᠤᠷᠬᠤ︾ ᠲᠤᠰᠬᠠᠶ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠵᠦ᠂ ᠲᠠᠪᠴᠠᠩ ᠤᠨ ᠠᠵᠤ | ᠠᠬᠤᠶᠢᠯᠠᠯ ᠤᠨ ᠡᠪᠯᠡᠯ ᠪᠠᠶᠢᠭᠤᠯᠬᠤ ᠶᠢ ᠠᠬᠢᠭᠤᠯᠤᠨ᠎ᠠ᠃ ︽ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠠᠵᠢᠯᠯᠠᠭ᠎ᠠ︾ ᠶᠢ | ᠠᠬᠢᠭᠤᠯᠵᠤ᠂ ᠡᠮᠡᠭᠲᠡᠶᠢᠴᠦᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠡᠮᠡᠭᠲᠡᠶ ᠠᠵᠢᠯᠲᠠᠨ ᠠᠵᠢᠯᠴᠢᠨ ᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠬᠤ ᠶᠢ ᠠᠬᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠵᠡᠮᠳᠡᠭᠴᠦᠳ ᠢ ᠬᠠᠪᠰᠤᠷᠤᠨ ᠲᠡᠳᠬᠦᠵᠦ ᠪᠠᠶᠢᠭᠠᠳ 700 ᠬᠥᠮᠦᠨ ᠠᠴᠠ ᠳᠡᠭᠡᠭᠰᠢ ᠠᠵᠢᠯ ᠣᠯᠭᠤᠨ᠎ᠠ᠃ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ | ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠬᠤ ᠶᠢ ᠣᠯᠠᠨ ᠠᠷᠭ᠎ᠠ ᠵᠠᠮ ᠢᠶᠠᠷ ᠪᠠᠲᠤᠯᠠᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ︶ | 26. ᠠᠵᠢᠯ ᠤᠨ ᠪᠠᠶᠢᠷᠢ ᠶᠢ ᠴᠤᠭᠯᠠᠭᠤᠯᠤᠨ ᠦᠢᠯᠡᠴᠢᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠬᠥᠳᠡᠯᠦᠩᠭᠦᠶ ᠪᠠᠷ ᠴᠤᠭᠯᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ︽ᠠᠵᠢᠯ ᠬᠢᠬᠦ ᠬᠥᠮᠦᠨ ᠥᠬᠡᠶ ᠪᠠᠶᠢᠬᠤ︾ ᠠᠵᠢᠯ ᠤᠨ ᠪᠠᠶᠢᠷᠢ ᠶᠢᠨ ᠨᠠᠷᠢᠨ ᠲᠠᠩᠰᠠ ᠪᠠ ︽ᠠᠵᠢᠯ | ᠥᠬᠡᠶ ᠪᠠᠶᠢᠬᠤ︾ ᠬᠥᠮᠦᠰ ᠤᠨ ᠨᠠᠷᠢᠨ ᠲᠠᠩᠰᠠ ᠶᠢ ᠪᠠᠶᠢᠭᠤᠯᠤᠨ ᠬᠥᠳᠡᠯᠦᠩᠭᠦᠶ ᠪᠠᠷ ᠨᠡᠶᠢᠲᠡᠯᠡᠵᠦ᠂ ᠲᠣᠮᠣ ᠳ᠋ᠠᠶᠢᠲ᠋ᠠ ᠶᠢ ᠠᠰᠢᠭᠯᠠᠨ ᠨᠠᠷᠢᠯᠢᠭ ᠣᠨᠣᠴᠠᠲᠠᠶ | ᠳᠣᠭᠢᠷᠠᠭᠤᠯᠤᠨ᠎ᠠ᠃ ᠠᠵᠤ ᠠᠬᠤᠶᠢᠯᠠᠯ ᠰᠢᠨ᠎ᠡ ᠪᠠᠷ ᠠᠵᠢᠯ ᠣᠯᠤᠭᠰᠠᠨ ᠲᠦᠩᠯᠢᠶᠣᠤ ᠨᠤᠲᠤᠭ ᠲᠠᠢ ᠬᠥᠳᠡᠯᠮᠦᠷᠢ ᠬᠦᠴᠦᠨ ᠢ ᠣᠷᠣᠭᠤᠯᠤᠨ ᠠᠪᠬᠤ ᠶᠢᠨ ᠬᠠᠮᠲᠤ | ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠲᠤᠰᠢᠶᠠᠭᠠᠳ 6 ᠰᠠᠷ᠎ᠠ ᠠᠴᠠ ᠳᠡᠭᠡᠭᠰᠢ ᠪᠣᠯᠪᠠᠯ᠂ ᠬᠥᠮᠦᠨ ᠪᠦᠷᠢ ᠳᠤ 200 ᠲᠥᠭᠦᠷᠢᠭ ᠤᠨ | ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠠᠯ | ᠲᠠᠷᠢᠶᠠᠯᠠᠩ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ︶᠃ | 27. ᠣᠯᠠᠨ ᠳᠡᠰ ᠳᠠᠪᠬᠤᠷᠭ᠎ᠠ ᠪᠦᠬᠦᠢ ᠣᠨᠣᠪᠴᠢᠯᠠᠭᠰᠠᠨ ᠤᠷᠢᠬᠤ ᠠᠵᠢᠯᠯᠠᠭ᠎ᠠ ᠥᠷᠨᠢᠭᠦᠯᠦᠨ᠎ᠡ᠃ ᠭᠤᠤᠯᠳᠠᠯᠭ᠎ᠠ ᠲᠠᠢ ᠠᠵᠤ ᠠᠬᠤᠶᠢᠯᠠᠯ᠂ | ᠭᠤᠤᠯᠳᠠᠯᠭ᠎ᠠ ᠲᠠᠢ ᠬᠥᠮᠦᠰ ᠲᠤ ᠬᠠᠨᠳᠤᠭᠤᠯᠤᠭᠰᠠᠨ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠡᠷᠬᠢᠯᠡᠵᠦ᠂ ᠠᠵᠢᠯ | ᠣᠯᠭᠤᠯᠲᠠ ᠶᠢ ᠠᠬᠢᠭᠤᠯᠬᠤ ᠬᠤᠰᠢᠭᠤ ᠰᠢᠶᠠᠨ ᠬᠤᠲᠠ ᠲᠣᠭᠤᠷᠢᠭ ᠤᠨ ᠲᠣᠭᠤᠷᠢᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠬᠤᠪᠢᠶᠠᠨ᠂ ᠬᠦᠷᠢᠶ᠎ᠡ ᠴᠠᠷᠠᠭ᠎ᠠ ᠬᠤᠪᠢᠶᠠᠨ ᠲᠤᠰᠬᠠᠶ ᠠᠵᠢᠯᠲᠠᠨ ᠡᠯᠰᠡᠬᠦ ᠶᠢ ᠵᠣᠷᠢᠭᠵᠢᠭᠤᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 100 ᠲᠠᠯᠠᠪᠤᠷ ᠤᠳᠠᠭ᠎ᠠ ᠠᠴᠠ ᠳᠡᠭᠡᠭᠰᠢ ᠡᠷᠭᠢᠯᠡᠨ᠎ᠡ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ | ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ᠂ ᠲᠦᠩᠯᠢᠶᠣᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | 28. ᠠᠵᠢᠯ ᠣᠯᠭᠤᠯᠲᠠ ᠶᠢᠨ ᠲᠤᠰᠠᠯᠠᠮᠵᠢ ᠶᠢ ᠴᠢᠩᠭᠠᠳᠬᠠᠵᠤ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠤᠨ᠎ᠠ᠃ ︽ᠠᠵᠢᠯᠲᠠᠨ ᠢ | ᠲᠥᠷᠥᠯ ᠬᠤᠪᠢᠶᠠᠬᠤ᠂ ᠦᠢᠯᠡᠴᠢᠯᠡᠭᠡ ᠶᠢ ᠲᠠᠰ ᠬᠤᠪᠢᠶᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠠᠵᠢᠯ ᠣᠯᠭᠤᠵᠤ ᠬᠠᠪᠰᠤᠷᠤᠨ ᠲᠡᠳᠬᠦᠬᠦ | ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠠᠯᠳᠠᠭᠰᠠᠳ ᠢ ᠬᠥᠲᠥᠯᠦᠨ ᠵᠢᠯᠣᠭᠤᠳᠴᠤ ᠠᠵᠢᠯ ᠠᠯᠳᠠᠭᠰᠠᠨ ᠢ ᠴᠠᠭ ᠲᠤᠬᠠᠶ ᠳᠤᠨᠢ ᠳᠡᠩᠰᠡᠯᠡᠵᠦ᠂ | ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠭᠦᠯᠦᠭᠰᠡᠨ ᠬᠥᠮᠦᠰ ᠤᠨ ᠲᠤᠭ᠎ᠠ ᠬᠡᠮᠵᠢᠶ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ︽ᠨᠢᠭᠡ ᠬᠥᠮᠦᠨ ᠳᠤ ᠨᠢᠭᠡ | ᠠᠷᠭ᠎ᠠ ᠪᠣᠳᠣᠯᠭ᠎ᠠ ᠬᠡᠷᠡᠭᠵᠢᠭᠦᠯᠵᠦ︾ ᠠᠵᠢᠯ ᠣᠯᠭᠤᠯᠲᠠ ᠳᠤ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠦᠭᠡᠶ ᠠᠵᠢᠯ ᠣᠯᠬᠤ ᠳᠤ ᠬᠦᠴᠢᠷᠲᠡᠶ ᠬᠥᠮᠦᠰ ᠤᠨ ᠪᠤᠰᠤᠳ ᠠᠷᠭ᠎ᠠ ᠵᠠᠮ ᠢᠶᠠᠷ ᠳᠠᠮᠵᠢᠭᠤᠯᠤᠨ | ᠠᠵᠢᠯ ᠣᠯᠬᠤ ᠳᠤ ᠬᠦᠴᠢᠷᠲᠡᠶ ᠪᠣᠯ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠠᠵᠢᠯ ᠣᠯᠭᠤᠬᠤ ᠲᠤᠰᠠᠯᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠲᠣᠬᠢᠷᠠᠭᠤᠯᠵᠤ | ᠪᠣᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 29. ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ | ᠨᠡᠶᠢᠭᠡᠮᠯᠢᠭ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠣᠯᠭᠤᠯᠲᠠ ᠶᠢᠨ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠵᠡᠷᠭᠡ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠪᠠᠶᠢᠴᠠᠭᠠᠯᠲᠠ ᠬᠢᠬᠦ᠂ ᠠᠵᠢᠯ ᠤᠨ ᠪᠠᠶᠢᠷᠢ ᠴᠤᠭᠯᠠᠭᠤᠯᠬᠤ᠂ ᠬᠥᠳᠡᠯᠮᠦᠷᠢ ᠦᠢᠯᠡᠴᠢᠯᠡᠭᠡᠨ ᠢ ᠭᠠᠳᠠᠭᠰᠢ | ᠳᠠᠭᠠᠭᠠᠴᠢᠯᠠᠭᠤᠯᠬᠤ᠂ ᠬᠥᠳᠡᠯᠮᠦᠷᠢ ᠦᠢᠯᠡᠴᠢᠯᠡᠭᠡᠨ ᠤ ᠲᠣᠮᠢᠯᠠᠯᠲᠠ ᠵᠡᠷᠭᠡ ᠠᠵᠢᠯ ᠣᠯᠭᠤᠬᠤ ᠦᠢᠯᠡᠴᠢᠯᠡᠭᠡᠨ ᠢ ᠳᠠᠭᠠᠭᠠᠨ ᠠᠪᠬᠤ ᠶᠢ ᠳᠡᠮᠵᠢᠨ᠎ᠠ᠃ ᠪᠥᠬᠦ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ 13 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | 30. ︽ᠣᠶᠢᠯᠠᠭᠠᠮᠵᠢ ᠪᠠᠭᠲᠠᠭᠠᠮᠵᠢᠲᠠᠢ ᠠᠵᠢᠯ ᠣᠯᠭᠤᠯᠲᠠ︾ ᠬᠡᠮᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠨᠠᠷᠠᠲᠤ ᠱᠣᠰᠢᠭ᠎ᠠ ᠶᠢ ᠳᠡᠭᠡᠭᠰᠢᠯᠡᠭᠦᠯᠦᠨ᠎ᠡ᠃ | ︽ᠰᠤᠷᠤᠭᠴᠢᠳ ᠲᠥᠩᠯᠢᠶᠣᠣ ᠳᠠᠭᠠᠨ ᠪᠤᠴᠠᠬᠤ︾ ᠬᠡᠮᠡᠬᠦ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠨᠡᠷᠡᠲᠦ ᠱᠣᠰᠢᠭ᠎ᠠ ᠶᠢ ᠳᠠᠭᠤᠷᠢᠰᠤᠭᠤᠯᠵᠤ᠂ | ᠲᠥᠩᠯᠢᠶᠣᠣ ᠳᠠᠭᠠᠨ ᠪᠤᠴᠠᠭᠰᠠᠨ ᠲᠥᠩᠯᠢᠶᠣᠣ ᠳᠠᠭᠠᠨ ᠦᠯᠡᠳᠡᠭᠰᠡᠨ ᠬᠥᠮᠦᠰ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠲᠥᠩᠯᠢᠶᠣᠣ ᠳᠠᠬᠢ | ᠠᠵᠢᠯ ᠣᠯᠭᠤᠯᠲᠠ︾ ᠬᠡᠮᠡᠬᠦ ᠠᠵᠢᠯ ᠡᠷᠢᠬᠦ ᠤᠷᠢᠵᠤ ᠡᠯᠰᠡᠬᠦ ᠨᠡᠷᠡᠲᠦ ᠱᠣᠰᠢᠭ᠎ᠠ ᠶᠢ ᠡᠭᠦᠳᠴᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ | ᠰᠢᠯᠢᠳᠡᠭᠵᠢᠭᠦᠯᠦᠨ᠎ᠡ᠃ ︽ᠦᠢᠯᠡᠰ ᠪᠣᠰᠬᠠᠯᠲᠠᠲᠤ ᠬᠤᠷᠴᠢᠨ︾ ᠬᠡᠮᠡᠬᠦ ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠤ ᠨᠡᠷᠡᠲᠦ ᠱᠣᠰᠢᠭ᠎ᠠ ᠶᠢ | ᠳᠡᠭᠡᠭᠰᠢᠯᠡᠭᠦᠯᠵᠦ᠂ ᠦᠢᠯᠡᠰ ᠪᠣᠰᠬᠠᠬᠤ ᠪᠠᠷ ᠠᠵᠢᠯ ᠣᠯᠭᠤᠬᠤ ᠶᠢ ᠳᠠᠶᠢᠴᠢᠯᠠᠬᠤ ᠬᠡᠪᠴᠢᠶ᠎ᠡ ᠶᠢ ᠥᠷᠭᠡᠳᠬᠡᠨ᠎ᠡ᠃ ︽ᠲᠦᠩᠯᠢᠶᠣᠤ ᠶᠢᠨ ᠬᠥᠳᠡᠯᠮᠦᠷᠢ ᠦᠢᠯᠡᠴᠢᠯᠡᠭᠡ︾ | ᠬᠡᠮᠡᠬᠦ ᠣᠨᠴᠠᠯᠢᠭᠲᠤ ᠨᠠᠷᠠᠲᠤ ᠱᠣᠰᠢᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠵᠢᠭᠦᠯᠦᠨ ᠠᠵᠢᠯ ᠣᠯᠭᠤᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠮᠠᠯ ᠲᠠᠷᠢᠶᠠᠯᠠᠩ ᠤᠨ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ ᠰᠢᠯᠵᠢᠭᠦᠯᠦᠨ ᠠᠵᠢᠯ ᠣᠯᠭᠤᠬᠤ ᠶᠢ | ᠠᠬᠢᠭᠤᠯᠤᠨ᠎ᠠ | 31. ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠤᠨ᠎ᠠ᠃ ᠮᠢᠩᠭ᠎ᠠ ᠲᠦᠮᠡᠨ ᠮᠦ ᠤᠰᠤ ᠠᠷᠪᠢᠯᠠᠬᠤ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ | ᠡᠷᠬᠢᠯᠡᠭᠰᠡᠨ ᠬᠤᠷᠰᠢᠶ᠎ᠠ ᠭᠠᠵᠠᠷ ᠰᠢᠷᠣᠢ ᠶᠢᠨ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠲᠤᠰᠬᠠᠶᠢᠵᠢᠭᠰᠠᠨ ᠲᠥᠪ ᠤᠨ ᠠᠵᠤ ᠠᠬᠤᠶᠢᠯᠠᠯ᠂ ᠤᠯᠤᠰ ᠤᠨ | ᠦᠮᠴᠢᠯᠡᠯᠲᠦ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠲᠠᠷᠢᠶᠠᠯᠠᠩ ᠤᠨ ᠮᠡᠷᠭᠡᠵᠢᠯ ᠤᠨ ᠺᠣᠮᠫᠠᠨᠢ ᠪᠣᠯᠤᠨ ᠲᠤᠬᠠᠢ ᠶᠢᠨ ᠭᠠᠵᠠᠷ ᠤᠨ | ᠦᠢᠯᠡᠴᠢᠯᠡᠭᠡᠨ ᠤ ᠭᠤᠣᠯ ᠴᠣᠭᠴᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠳᠡᠮᠵᠢᠵᠦ᠂ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ | ᠦᠢᠯᠡᠳᠪᠦᠷᠢᠯᠡᠯ ᠤᠨ ᠳᠠᠷᠠᠭᠠᠬᠢ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠦᠬᠦ ᠬᠤᠲᠠ ᠶᠢᠨ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠡᠷᠦᠩᠬᠡᠢ ᠲᠠᠯᠠᠪᠠᠢ ᠶᠢ 1200 ᠲᠦᠮᠡᠨ ᠮᠦ ᠠᠴᠠ ᠳᠡᠭᠡᠭᠰᠢ ᠬᠦᠷᠦᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ | 32. ᠮᠠᠯ ᠤᠨ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠶ ᠦᠬᠡᠷ ᠬᠤᠨᠢ ᠢᠮᠠᠭ᠎ᠠ ᠲᠡᠵᠢᠭᠡᠨ | ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠡᠵᠢᠭᠡᠯ ᠡᠪᠡᠰᠦ ᠪᠣᠷᠳᠤᠭ᠎ᠠ ᠲᠠᠷᠢᠵᠤ ᠬᠠᠳᠠᠭᠠᠯᠠᠬᠤ ᠪᠠ ᠲᠡᠭᠡᠭᠡᠪᠦᠷᠢᠯᠡᠬᠦ ᠶᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡᠨ ᠢ ᠴᠢᠩᠭᠠᠳᠬᠠᠨ᠂ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠥᠬᠦ | ᠬᠤᠲᠠ ᠶᠢᠨ ᠨᠣᠭᠤᠭᠠᠨ ᠳᠠᠷᠤᠰᠢ ᠳᠠᠷᠢᠬᠤ ᠲᠠᠯᠠᠪᠠᠶ ᠶᠢ 500 ᠲᠦᠮᠡᠨ ᠮᠥ ᠠᠴᠠ ᠳᠡᠭᠡᠭᠰᠢ ᠬᠦᠷᠦᠭᠦᠯᠵᠦ᠂ ᠮᠠᠯ ᠤᠨ ᠡᠮᠴᠢ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠬᠤᠰᠢᠭᠤ ᠰᠢᠶᠠᠨ ᠬᠤᠲᠠ ᠲᠣᠭᠤᠷᠢᠭ ᠢ 5 ᠪᠣᠯᠭᠠᠵᠤ᠂ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠶᠡᠷᠦᠩᠬᠡᠶ ᠬᠡᠮᠵᠢᠶ᠎ᠡ ᠶᠢ 570 ᠲᠦᠮᠡᠨ | ᠲᠣᠯᠣᠭᠠᠶ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | 33. ᠮᠠᠯ ᠲᠠᠷᠢᠶᠠᠯᠠᠩ ᠤᠨ ᠦᠢᠯᠡᠴᠢᠯᠡᠭᠡᠨ ᠤ ᠦᠢᠯᠡᠰ ᠤᠨ ᠠᠵᠤ ᠦᠶᠢᠯᠡᠰᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠬᠠᠩᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ᠂ ᠲᠡᠵᠢᠭᠡᠯ | ᠡᠪᠡᠰᠦ ᠪᠣᠷᠳᠤᠭ᠎ᠠ ᠬᠠᠩᠭᠠᠬᠤ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠲᠠᠷᠢᠶᠠᠯᠠᠩ ᠤᠨ ᠠᠵᠤ ᠠᠬᠤᠢ ᠬᠢᠭᠡᠳ | ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠲᠣᠭᠠᠵᠢᠭᠤᠯᠬᠤ ᠥᠭᠡᠷᠡᠴᠢᠯᠡᠯᠲᠡ ᠬᠢᠵᠦ | ᠳᠡᠰ ᠳᠡᠪᠰᠢᠭᠦᠯᠬᠦ ᠶᠢ ᠲᠦᠷᠭᠡᠳᠬᠡᠨ᠂ ᠮᠠᠯ ᠲᠠᠷᠢᠶᠠᠯᠠᠩ ᠤᠨ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠪᠦᠰᠡ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠢ ᠰᠢᠨ᠎ᠡ ᠪᠠᠷ 10 | ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ︶ | ︵ᠲᠦᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠲᠣᠭᠲᠠᠭᠤᠨ ᠠᠵᠢᠯ ᠣᠯᠭᠤᠯᠲᠠ ᠶᠢ | ᠠᠬᠢᠭᠤᠯᠤᠨ᠎ᠠ | 34. ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠷᠦᠬᠡ ᠠᠮᠠ ᠶᠢᠨ ᠬᠢᠵᠠᠭᠠᠷᠯᠠᠯ ᠢ ᠪᠥᠬᠦ | ᠲᠠᠯ᠎ᠠ ᠪᠠᠷ ᠬᠦᠴᠦᠨ ᠥᠬᠡᠶ ᠪᠣᠯᠭᠠᠵᠤ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ | ᠪᠠᠯᠭᠠᠰᠤᠨ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠢ | ᠨᠠᠶᠢᠳᠠᠪᠤᠷᠢᠵᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠦᠷᠭᠦᠯᠵᠢᠯᠡᠨ ᠠᠬᠢᠭᠤᠯᠤᠨ᠎ᠠ᠃ ᠰᠠᠯᠠᠭ᠎ᠠ | ᠮᠥᠴᠢᠷ ᠤᠨ ᠬᠤᠭᠤᠷᠣᠨᠳᠣᠬᠢ ᠬᠥᠮᠦᠨ ᠠᠮᠠ ᠶᠢᠨ ᠴᠢᠮᠡᠭᠡ ᠵᠠᠩᠭᠢ ᠶᠢᠨ ᠡᠬᠢ ᠪᠠᠶᠠᠯᠢᠭ ᠢ ᠬᠠᠤᠯᠢ ᠶᠣᠰᠣᠭᠠᠷ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ | ᠶᠠᠪᠤᠳᠠᠯ ᠢ ᠲᠦᠷᠭᠡᠳᠬᠡᠨ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ | 35. ᠳᠠᠭᠠᠵᠤ ᠨᠡᠭᠦᠭᠰᠡᠨ ᠦᠷ᠎ᠡ ᠬᠡᠤᠬᠡᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠠᠭᠤᠬᠤ ᠬᠠᠷᠢᠴᠠᠯ ᠢ ᠳᠡᠭᠡᠭᠰᠢᠯᠡᠭᠦᠯᠵᠦ᠂ ᠭᠠᠳᠠᠨ᠎ᠠ ᠠᠴᠠ ᠢᠷᠡᠭᠰᠡᠨ ᠬᠥᠮᠦᠰ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠵᠡᠷᠭᠡ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠢᠷᠡᠭᠰᠡᠨ ᠭᠠᠵᠠᠷ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠬᠦᠷᠲᠡᠬᠦ ᠬᠡᠷᠡᠭᠴᠡᠭᠡ ᠶᠢ ᠬᠠᠩᠭᠠᠵᠤ᠂ ᠨᠥᠬᠦᠴᠡᠯ ᠳᠤ ᠨᠡᠶᠢᠴᠡᠭᠰᠡᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠢᠷᠡᠭᠰᠡᠨ | ᠭᠠᠵᠠᠷ ᠲᠤ ᠰᠤᠷᠭᠠᠭᠤᠯᠢ ᠳᠡᠪᠰᠢᠬᠦ ᠰᠢᠯᠭᠠᠯᠲᠠ ᠳᠤ ᠣᠷᠣᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ︶ | 36. ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ᠃ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠵᠢᠴᠢ ᠦᠷ᠎ᠡ ᠬᠡᠦᠬᠡᠳ ᠲᠤ ᠵᠢᠷᠮᠦᠰᠦᠯᠡᠵᠦ | ᠬᠥᠩᠭᠡᠵᠢᠬᠦ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ 0 — 6 ᠨᠠᠰᠤᠨ ᠤ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ | ᠦᠢᠯᠡᠴᠢᠯᠡᠭᠡ ᠬᠠᠩᠭᠠᠵᠤ᠂ ᠨᠡᠶᠢᠲᠡ ᠴᠣᠭᠴᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠢᠭᠯᠡᠭᠦᠯᠬᠦ ᠴᠢᠨᠠᠷᠲᠠᠶ ᠡᠷᠡᠭᠦᠯ | ᠮᠡᠨᠳᠦ ᠶᠢᠨ ᠬᠥᠮᠦᠵᠢᠯ ᠤᠨ ᠠᠵᠢᠯ ᠢ ᠴᠢᠩᠭᠠᠳᠬᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | | 37. ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠠᠵᠢᠯ ᠣᠯᠤᠭᠰᠠᠨ ᠤᠶᠤᠲᠠᠳ᠂ ᠬᠤᠲᠠ | ᠪᠠᠯᠭᠠᠰᠤᠨ ᠳᠤ ᠲᠣᠭᠲᠠᠪᠤᠷᠢᠲᠠᠶ ᠠᠵᠢᠯ ᠣᠯᠤᠭᠰᠠᠳ ᠢ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠣᠳᠠᠲᠠᠢ ᠲᠣᠬᠢᠷᠠᠭᠤᠯᠤᠨ | ᠲᠦᠷᠢᠶᠡᠰᠦᠯᠡᠭᠦᠯᠬᠦ᠂ ᠲᠦᠷᠢᠶᠡᠰᠦᠯᠡᠭᠦᠯᠬᠦ ᠳᠤ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠬᠤ | ᠬᠡᠷᠡᠭᠲᠡᠶ᠃ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠣᠷᠣᠯᠴᠠᠬᠤ ᠶᠢ ᠳᠡᠮᠵᠢᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠠᠪᠤ︶ ᠬᠦᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠵᠤ ᠰᠠᠨᠠᠭ᠎ᠠ ᠠᠮᠤᠷ ᠠᠵᠢᠯ ᠤᠯᠬᠤ ᠶᠢ ᠠᠬᠢᠭᠤᠯᠤᠨ᠎ᠠ | 38. ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ︽ | ᠭᠠᠴᠠᠭ᠎ᠠ ᠲᠣᠰᠬᠤᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ ᠣᠷᠣᠭᠤᠯᠬᠤ | ᠠᠵᠢᠯᠯᠠᠭ᠎ᠠ ᠥᠷᠨᠢᠭᠦᠯᠦᠨ᠂ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ | ᠲᠣᠭᠲᠠᠭᠤᠨ ᠪᠠᠶᠢᠯᠭᠠᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 39. ᠬᠥᠳᠡᠯᠮᠦᠷᠢᠴᠢᠳ ᠤᠨ ᠠᠵᠢᠯ ᠤᠯᠬᠤ ᠡᠷᠬᠡ ᠠᠰᠢᠭ ᠢ ᠬᠠᠮᠠᠭᠠᠯᠠᠨ᠎ᠠ᠃ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠵᠦ᠂ | ᠲᠠᠪᠴᠠᠩ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠵᠢᠷᠤᠮᠵᠢᠭᠤᠯᠤᠨ᠂ ︽ᠲᠥᠩ ᠰᠢᠨ ᠮᠠ︾ ᠬᠡᠮᠡᠬᠦ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ | ᠬᠤᠶᠠᠷ ᠬᠡᠮᠵᠢᠯᠳᠦ ᠺᠣᠳ᠋ ᠢ ᠳᠡᠯᠭᠡᠷᠡᠭᠦᠯᠦᠨ ᠬᠡᠷᠡᠭᠯᠡᠵᠦ᠂ ᠡᠯ᠎ᠡ ᠲᠥᠷᠥᠯ ᠤᠨ ᠬᠥᠳᠡᠯᠮᠦᠷᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ︶ | 40. ᠠᠵᠢᠯ ᠠᠯᠳᠠᠬᠤ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠷᠠᠭᠤᠯᠤᠨ᠎ᠠ᠃ ᠠᠵᠢᠯ ᠣᠯᠭᠤᠬᠤ ᠪᠠ ᠠᠵᠢᠯ ᠠᠯᠳᠠᠬᠤ ᠶᠢ ᠬᠢᠨᠠᠨ ᠰᠢᠨᠵᠢᠵᠦ | ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠵᠦ᠂ ᠠᠵᠢᠯ ᠠᠯᠳᠠᠯᠲᠠ ᠶᠢᠨ ᠬᠥᠳᠡᠯᠦᠩᠭᠦᠶ ᠬᠢᠨᠠᠨ ᠰᠢᠨᠵᠢᠬᠦ ᠬᠡᠪᠴᠢᠶ᠎ᠡ ᠶᠢ ᠥᠷᠭᠡᠳᠬᠡᠨ᠂ ᠠᠵᠢᠯ ᠠᠯᠳᠠᠯᠲᠠ ᠶᠢᠨ | ᠲᠦᠭᠰᠢᠭᠦᠷᠢ ᠶᠡᠬᠡᠲᠡᠶ ᠠᠵᠢᠯ ᠲᠥᠷᠥᠯ᠂ ᠠᠵᠤ ᠠᠬᠤᠶᠢᠯᠠᠯ ᠢ ᠬᠢᠨᠠᠨ ᠰᠢᠨᠵᠢᠬᠦ ᠶᠢ ᠴᠢᠩᠭᠠᠳᠬᠠᠵᠤ᠂ ᠲᠦᠭᠰᠢᠭᠦᠷᠢ ᠶᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠢᠯ ᠣᠯᠭᠤᠯᠲᠠ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠲᠦᠷᠢᠮ ᠲᠣᠭᠲᠠᠴᠠ ᠪᠠᠨ ᠪᠦᠷᠢᠨᠰᠢᠬᠦᠯᠦᠨ᠂ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠠᠳᠬᠤᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠠᠵᠢᠯ ᠣᠯᠭᠤᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠳᠠᠯᠢ ᠴᠢᠭᠯᠡᠯ ᠢᠶᠠᠷ | ᠬᠦᠴᠦᠯᠡᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ︵ᠬᠤᠶᠠᠷ︶ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠨ᠎ᠠ᠃ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠬᠡᠷᠡᠭᠰᠡᠬᠦ ᠪᠡᠯᠡ | ᠮᠥᠩᠭᠦ ᠶᠢ ᠨᠢᠭᠡᠨᠲᠡ ᠢᠷᠡᠯᠲᠡ ᠶᠢᠨ ᠠᠷᠭ᠎ᠠ ᠵᠠᠮ ᠢᠶᠠᠨ ᠲᠣᠳᠣᠷᠬᠠᠶᠢᠯᠠᠭᠰᠠᠨ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ | ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠭᠦᠷᠭᠡᠯᠡᠬᠦ ᠠᠴᠠ ᠭᠠᠳᠠᠨᠠᠬᠢ ᠬᠤᠲᠠ ᠶᠢᠨ | ᠱᠠᠲᠤᠨ ᠤ ᠡᠳ᠋ ᠤᠨ ᠵᠠᠰᠠᠭ ᠠᠴᠠ ᠪᠠᠲᠤᠯᠠᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠢᠯ ᠤᠨ ᠳᠤᠮᠳᠠᠬᠢ | ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠢᠳᠡᠪᠬᠢᠲᠡᠶ ᠠᠭᠤᠳᠠᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠵᠤ᠂ ᠤᠬᠠᠭᠤᠯᠤᠨ | ᠮᠡᠳᠡᠭᠡᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠢ ᠬᠥᠲᠥᠯᠦᠨ ᠵᠢᠯᠣᠭᠤᠳᠴᠤ ᠥᠷᠭᠡᠨ ᠢᠶᠠᠷ ᠣᠷᠣᠯᠴᠠᠭᠤᠯᠵᠤ᠂ ᠨᠦᠮᠵᠦᠭᠬᠡᠨ ᠠᠵᠢᠯ | ᠣᠯᠭᠤᠯᠲᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ︵ᠲᠦᠷᠪᠡ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠠᠵᠢᠯ ᠣᠯᠭᠤᠬᠤ ᠶᠢ | ᠠᠬᠢᠭᠤᠯᠬᠤ ᠠᠵᠢᠯ ᠢ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠬᠢᠨᠠᠨ ᠰᠢᠯᠭᠠᠬᠤ ᠠᠭᠤᠯᠭ᠎ᠠ ᠳᠤ | ᠣᠷᠣᠭᠤᠯᠵᠤ᠂ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ ᠳ᠋ᠦᠩᠨᠡᠯᠲᠡ᠂ ᠣᠨ ᠤ ᠦᠨᠡᠯᠡᠨ ᠵᠢᠱᠢᠯᠲᠡ ᠶᠢ ᠬᠡᠷᠡᠭᠵᠢᠭᠦᠯᠵᠦ᠂ | ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠶ᠂ ᠠᠵᠢᠯ ᠨᠢ ᠤᠳᠠᠭᠠᠨ ᠪᠠᠶᠢᠭᠰᠠᠳ ᠢ ᠴᠠᠭ ᠲᠤᠬᠠᠶ ᠳᠤᠨᠢ ᠰᠠᠨᠠᠭᠤᠯᠬᠤ ᠪᠠ ᠰᠢᠮᠳᠠᠭᠤᠯᠤᠨ ᠭᠦᠢᠴᠡᠳᠬᠡᠵᠦ᠂ | ᠠᠵᠢᠯ ᠤᠨ ᠢᠯᠡᠷᠡᠯ ᠨᠢ ᠲᠣᠪᠤᠶᠢᠮ᠎ᠠ ᠪᠠᠶᠢᠭ᠎ᠠ ᠶᠢ ᠨᠢ ᠬᠥᠬᠢᠭᠦᠯᠦᠨ ᠰᠠᠶᠢᠰᠢᠶᠠᠬᠤ ᠬᠡᠷᠡᠭᠲᠡᠶ᠃ | ᠳᠠᠭᠠᠯᠳᠤᠭᠤᠯᠤᠯ᠄ ᠲᠦᠩᠯᠢᠶᠣᠤ ᠬᠤᠲᠠ ᠶᠢᠨ 2025 ᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ | ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | |