ᠪᠦᠭᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/7
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠬᠤ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠪᠦᠭᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠤᠷᠠᠯᠳᠤᠪᠠ᠃ ᠳᠡᠳ᠋ ᠬᠤᠲᠠ ᠶᠢᠨ ᠳᠠᠷᠤᠭ᠎ᠠ ᠯᠢᠦᠢ ᠭᠦᠸᠧ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠬ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤᠨ ᠤ ᠠᠭᠤᠯᠠ ᠭᠠᠴᠠᠭ᠎ᠠ᠂ ᠭᠠᠨᠵᠤᠭ᠎ᠠ ᠪᠠᠯᠭᠠᠰᠤᠨ ᠤ ᠬᠠᠶᠢᠰᠤᠭᠠᠢ ᠭᠠᠴᠠᠭ᠎ᠠ ᠪᠠ ᠨᠠᠮᠵᠢᠯ ᠭᠠᠴᠠᠭ᠎ᠠ ᠳᠤ ᠭᠦᠨᠵᠡᠭᠡᠶᠢᠷᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠤᠨ ᠪᠠᠷᠢᠯᠭ᠎ᠠ ᠶᠢᠨ ᠠᠬᠤᠢ ᠲᠠᠯᠠᠪᠠᠶ ᠪᠠ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠡᠯᠡ ᠮᠥᠩᠭᠦ ᠥᠭᠬᠦ ᠠᠬᠢᠴᠠ ᠶᠢ ᠲᠦᠷᠭᠡᠳᠬᠡᠵᠦ᠂ ᠰᠠᠬᠢᠯᠭ᠎ᠠ ᠪᠠᠲᠤ ᠶᠢ ᠴᠢᠩᠳᠠᠯᠠᠵᠤ ᠳᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠠᠶᠢᠴᠠᠭᠠᠨ ᠣᠶᠢᠯᠠᠭᠠᠬᠤ ᠪᠠ ᠳᠦᠷᠦᠯ ᠵᠦᠢᠯ ᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ 2025 ᠣᠨ ᠤ ᠳᠦᠷᠦᠯ ᠵᠦᠢᠯ ᠢ ᠲᠡᠮᠡᠴᠡᠨ ᠣᠯᠬᠤ ᠪᠠ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠳᠦᠷᠦᠯ ᠤᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ ᠯᠠᠪᠳᠠᠭᠤᠨ ᠢᠶᠠᠷ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠲᠦᠷᠭᠡᠳᠬᠡᠨ ᠠᠬᠢᠭᠤᠯᠵᠤ᠂ ᠮᠢᠩᠭᠠᠨ ᠲᠦᠮᠡᠨ ᠮᠦ ᠶᠢᠨ ᠤᠰᠤ ᠠᠷᠪᠢᠯᠠᠬᠤ ᠥᠨᠳᠥᠷ ᠤᠨᠠᠯᠲᠠᠲᠤ ᠥᠨᠳᠥᠷ ᠦᠷ᠎ᠡ ᠠᠰᠢᠭᠲᠠᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠪᠦᠭᠦ ᠬᠦᠴᠦᠨ ᠢᠶᠠᠷ ᠦᠢᠯᠡᠴᠢᠯᠡᠬᠦ ᠬᠡᠷᠡᠭᠲᠡᠢ ᠭᠡᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ