3 ᠳ᠋ᠤᠭᠠᠷ ᠰᠠᠷ᠎ᠠ ᠶᠢᠨ 4 ᠳᠤ ᠬᠤᠳᠠ ᠶᠢᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/7
      3 ᠳ᠋ᠤᠭᠠᠷ ᠰᠠᠷ᠎ᠠ ᠶᠢᠨ 4 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ︽ᠲᠦᠩᠯᠢᠶᠣᠤ ᠬᠤᠳᠠ ᠶᠢᠨ 2025 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠠᠬᠢᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠲᠥᠰᠦᠯ︾ ᠵᠢᠴᠢ ᠢᠵᠢ ᠪᠦᠷᠢᠳᠦᠭᠦᠯᠬᠦ ᠲᠥᠰᠦᠯ ᠢ ᠰᠤᠳᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠪᠠᠷ ᠨᠢᠭᠡᠳᠦᠭᠡᠷ ᠪᠠᠷᠢᠮᠵᠢᠶ᠎ᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠬᠦ᠂ ᠬᠦᠴᠦᠨ ᠵᠦᠢᠯ ᠤᠨ ᠬᠠᠩᠭᠠᠯᠭ᠎ᠠ ᠶᠢ ᠪᠠᠲᠤᠯᠠᠬᠤ᠂ ︽ᠢᠲᠡᠭᠡᠮᠵᠢᠲᠦ ᠲᠦᠩᠯᠢᠶᠣᠤ︾ ᠶᠢ ᠲᠡᠰ ᠳᠡᠪᠰᠢᠭᠦᠯᠬᠦ ᠵᠡᠷᠭᠡ 7 ᠦᠢᠯᠡᠴᠢᠯᠡᠭᠡᠨ ᠤ ᠬᠡᠯᠬᠢᠶ᠎ᠡ ᠶᠢ ᠳᠠᠪᠲᠠᠨ ᠪᠣᠯᠪᠠᠰᠤᠷᠠᠭᠤᠯᠵᠤ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠲᠦᠷᠭᠡᠨ ᠡᠳ᠋ᠯᠡᠬᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ 7 ᠢᠨᠵᠧᠨᠧᠷᠢᠩ ᠢ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠣᠨᠣᠪᠴᠢ ᠶᠢᠨ ᠬᠡᠮᠵᠢᠶ᠎ᠡ ᠨᠢ ᠥᠨᠳᠥᠷ ᠨᠢᠭᠡ ᠪᠦᠯᠦᠭ ︽ᠤᠨᠤᠭ᠎ᠠ ᠴᠡᠭ︾ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠦᠨ ᠭᠠᠷᠭᠠᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ︽ᠡᠵᠡᠩᠨᠡᠯᠲᠡ ᠳᠤ ᠲᠣᠬᠢᠲᠠᠢ ᠲᠦᠩᠯᠢᠶᠣᠤ︾ ᠬᠡᠮᠡᠬᠦ ᠨᠠᠷᠠᠲᠤ ᠱᠣᠰᠢᠭ᠎ᠠ ᠶᠢ ᠳᠠᠭᠤᠷᠢᠰᠤᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠡᠭᠡᠷ᠎ᠡ ︽ᠲᠦᠩᠯᠢᠶᠣᠤ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠰᠦᠯᠵᠢᠶ᠎ᠡ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠦᠷᠢᠶᠡᠰᠦᠯᠡᠭᠦᠯᠬᠦ ᠡᠵᠡᠩᠨᠡᠯᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠰᠤᠳᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠠᠮᠲᠤ ᠪᠠᠷ ᠡᠳ᠋ᠯᠡᠬᠦ ᠪᠣᠯ ᠬᠤᠲᠠ ᠶᠢᠨ ᠤᠳᠠᠭᠠᠨ ᠶᠠᠪᠤᠵᠤ ᠰᠠᠭᠤᠬᠤ ᠵᠠᠮ ᠬᠠᠷᠢᠯᠴᠠᠭᠠᠨ ᠤ ᠰᠢᠰᠲ᠋ᠧᠮ ᠪᠠ ᠪᠣᠬᠢᠷᠲᠤᠯ ᠥᠬᠡᠶ ᠶᠠᠪᠤᠵᠤ ᠰᠠᠭᠤᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠲᠠ ᠶᠢᠨ ᠵᠠᠮ ᠬᠠᠷᠢᠯᠴᠠᠭ᠎ᠠ ᠪᠠ ᠬᠤᠲᠠ ᠶᠢᠨ ᠳᠦᠷᠢ ᠲᠥᠷᠬᠦ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠠᠵᠤ ᠠᠬᠤᠶᠢᠯᠠᠯ ᠤᠨ ᠡᠵᠡᠩᠨᠡᠯᠲᠡ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠲᠥᠷᠥᠯ ᠤᠨ ᠡᠮᠬᠢ ᠳᠢᠭᠯᠢᠮ ᠢ ᠦᠨᠡᠨ ᠬᠦ ᠵᠢᠷᠤᠮᠵᠢᠭᠤᠯᠵᠤ᠂ ᠬᠤᠲᠠ ᠶᠢᠨ ᠠᠷᠠᠳ ᠲᠤ ᠠᠮᠤᠷ ᠲᠦᠪᠰᠢᠨ ᠪᠥᠭᠡᠳ ᠳᠥᠭᠦᠮ ᠳᠥᠲᠡ ᠶᠠᠪᠤᠵᠤ ᠰᠠᠭᠤᠬᠤ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ︽ᠲᠦᠩᠯᠢᠶᠣᠤ ᠬᠤᠳᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠠᠵᠢᠯ ᠤᠨ ᠲᠥᠰᠦᠯ︾ ᠢ ᠰᠤᠳᠤᠯᠵᠤ᠂ ᠤᠷᠤᠯᠳᠤᠭᠠᠨ ᠠᠴᠠ ᠡᠮᠦᠨᠡᠬᠢ ᠪᠡᠯᠡᠳᠬᠡᠯ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠤᠷᠤᠯᠳᠤᠭᠠᠨ ᠳᠤ ᠣᠷᠣᠯᠴᠠᠭᠰᠠᠳ ᠨᠡᠩ ᠴᠤᠭ ᠪᠠᠳᠠᠷᠠᠩᠭᠤᠢ ᠪᠠᠶᠢᠳᠠᠯ ᠢᠶᠠᠷ ᠪᠦᠬᠦ ᠬᠦᠴᠦᠨ ᠢᠶᠠᠷ ᠢᠶᠠᠨ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠵᠤ᠂ ᠲᠦᠩᠯᠢᠶᠣᠤ ᠶᠢᠨ ᠦᠨᠳᠦᠰᠦᠲᠡᠨ ᠨᠦᠭᠦᠳ ᠤᠨ ᠪᠦᠯᠬᠦᠮᠳᠡᠨ ᠨᠢᠭᠡᠳᠬᠦ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ