ᠪᠠᠶᠠᠨᠲᠠᠯ᠎ᠠ ᠲᠣᠮᠢᠯᠠᠭᠰᠠᠨ ᠰᠠᠯᠪᠤᠷᠢ ᠴᠠᠭᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/3/7
巴彦塔拉派出所开展防范电信诈骗宣传活动.jpg
     ᠪᠦᠭᠦ ᠠᠷᠠᠳ ᠤᠨ ᠮᠡᠬᠡᠯᠡᠯ ᠢ ᠡᠰᠡᠷᠭᠦᠴᠡᠬᠦ ᠨᠡᠶᠢᠭᠡᠮ ᠤᠨ ᠣᠷᠴᠢᠨ ᠠᠬᠤᠢ ᠶᠢ ᠤᠯᠠᠮ ᠴᠢᠨᠠᠭᠰᠢᠳᠠ ᠪᠤᠢ ᠪᠤᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠵᠣᠭᠤᠰᠤᠨ ᠴᠦᠩᠬᠦ︾ ᠶᠢ ᠦᠨᠡᠨ ᠬᠦ ᠰᠠᠶᠢᠲᠤᠷ ᠰᠠᠬᠢᠬᠤ ᠶᠢᠨ ᠲᠥᠯᠥᠭᠡ᠂ ᠡᠮᠦᠨᠡᠬᠡᠨ᠂ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠤ ᠪᠠᠶᠠᠨᠲᠠᠯ᠎ᠠ ᠲᠣᠮᠢᠯᠠᠭᠰᠠᠨ ᠰᠠᠯᠪᠤᠷᠢ ᠴᠠᠭᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠡᠷᠡᠭ ᠢ ᠬᠠᠤᠯᠢ ᠪᠠᠷ ᠲᠠᠶᠢᠯᠪᠤᠷᠢᠯᠠᠬᠤ ᠭᠡᠯᠪᠠᠷᠢ ᠪᠠᠷ ᠴᠠᠭᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ᠂ ᠰᠡᠷᠭᠡᠶᠢᠯᠡᠬᠦ ᠠᠷᠭ᠎ᠠ ᠪᠣᠯᠣᠨ ᠮᠡᠬᠡᠯᠡᠭᠳᠡᠭᠰᠡᠨ ᠤ ᠳᠠᠷᠠᠭᠠᠬᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠷᠢᠨ ᠲᠠᠶᠢᠯᠤᠮᠵᠢ ᠬᠢᠬᠦ ᠪᠠᠷ ᠲᠡᠮᠵᠢᠨ ᠰᠠᠭᠤᠭᠠᠯᠢ ᠠᠷᠠᠳ ᠲᠤ ᠡᠯ᠎ᠡ ᠵᠦᠢᠯ ᠤᠨ ᠮᠡᠬᠡᠯᠡᠯ ᠤᠨ ᠠᠵᠢᠯᠯᠠᠭ᠎ᠠ ᠶᠢᠨ ᠬᠦᠨᠳᠦ ᠨᠣᠴᠢᠲᠠᠢ ᠴᠢᠨᠠᠷ ᠪᠠ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠭᠤᠯᠵᠤ᠂ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ