ᠨᠢᠭᠡ᠂ ᠪᠣᠷᠳᠣᠭᠤᠷ ᠣᠷᠣᠭᠤᠯᠬᠤ | ᠲᠡᠵᠢᠭᠡᠯ ᠡᠪᠡᠰᠦᠨ ᠤ ᠤᠷᠭᠤᠯᠲᠠ ᠳᠤ ᠭᠦᠢᠴᠡᠳ ᠬᠡᠮᠵᠢᠶᠡᠨ ᠤ ᠰᠢᠮ᠎ᠡ ᠲᠡᠵᠢᠭᠡᠯ ᠬᠡᠷᠡᠭᠰᠡᠳᠡᠭ ᠲᠤᠯᠠ ᠲᠡᠵᠢᠭᠡᠯ ᠡᠪᠡᠰᠦᠨ ᠤ ᠪᠣᠷᠳᠣᠭᠤᠷ ᠬᠡᠷᠡᠭᠰᠡᠬᠦ | ᠣᠨᠴᠠᠯᠢᠭ ᠪᠠ ᠬᠥᠷᠥᠰᠥᠨ ᠤ ᠰᠢᠮ᠎ᠡ ᠲᠡᠵᠢᠭᠡᠯ ᠤᠨ ᠪᠠᠶᠢᠳᠠᠯ ᠢ ᠦᠨᠳᠦᠰᠦᠯᠡᠨ ᠵᠣᠬᠢᠰᠲᠠᠢ ᠪᠣᠷᠳᠣᠭᠤᠷ ᠣᠷᠣᠭᠤᠯᠵᠤ᠂ ᠲᠡᠵᠢᠭᠡᠯ ᠡᠪᠡᠰᠦᠨ ᠤ ᠤᠷᠭᠤᠯᠲᠠ ᠶᠢᠨ | ᠶᠠᠪᠤᠴᠠ ᠳᠠᠬᠢ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠨ᠎ᠠ᠃ | ᠬᠤᠶᠠᠷ᠂ ᠡᠪᠡᠰᠦ ᠠᠷᠢᠯᠭᠠᠭᠴᠢ ᠶᠢ ᠬᠡᠷᠡᠭᠯᠡᠬᠦ | ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠪᠤᠵᠠᠷ ᠡᠪᠡᠰᠦᠨ ᠤ ᠤᠷᠭᠤᠯᠲᠠ ᠶᠢᠨ ᠬᠡᠮᠵᠢᠶ᠎ᠡ ᠶᠢ ᠦᠨᠳᠦᠰᠦᠯᠡᠵᠦ᠂ ᠡᠪᠡᠰᠦ ᠠᠷᠢᠯᠭᠠᠭᠴᠢ ᠶᠢ | ᠵᠣᠬᠢᠰᠲᠠᠢ ᠬᠡᠷᠡᠭᠯᠡᠵᠦ᠂ ᠪᠤᠵᠠᠷ ᠡᠪᠡᠰᠦᠨ ᠤ ᠤᠷᠭᠤᠯᠲᠠ ᠶᠢ ᠬᠢᠵᠠᠭᠠᠷᠯᠠᠨ᠎ᠠ᠃ | ᠭᠤᠷᠪᠠ᠂ ᠲᠠᠷᠢᠶᠠᠯᠠᠬᠤ ᠠᠷᠭ᠎ᠠ | ᠵᠦᠢ ᠵᠣᠬᠢᠰᠲᠠᠢ ᠲᠠᠷᠢᠶᠠᠯᠠᠬᠤ ᠠᠷᠭ᠎ᠠ ᠪᠠᠷ᠂ ᠵᠢᠱᠢᠶᠡᠯᠡᠪᠡᠯ ᠳᠤᠮᠳᠠ ᠵᠡᠷᠭᠡ ᠶᠢᠨ ᠲᠠᠷᠢᠶᠠᠯᠠᠭ᠎ᠠ᠂ ᠭᠦᠨ ᠵᠡᠷᠭᠡ ᠶᠢᠨ ᠲᠠᠷᠢᠶᠠᠯᠠᠭ᠎ᠠ ᠪᠠᠷ ᠳᠠᠮᠵᠢᠭᠤᠯᠤᠨ ᠪᠤᠵᠠᠷ | ᠡᠪᠡᠰᠦᠨ ᠤ ᠤᠷᠭᠤᠯᠲᠠ ᠶᠢ ᠪᠦᠲᠦᠮᠵᠢᠲᠡᠶ ᠪᠠᠷ ᠬᠢᠵᠠᠭᠠᠷᠯᠠᠵᠤ ᠴᠢᠳᠠᠬᠤ ᠶᠢᠨ ᠬᠠᠮᠲᠤ ᠲᠡᠵᠢᠭᠡᠯ ᠡᠪᠡᠰᠦᠨ ᠤ ᠴᠢᠨᠠᠷ ᠴᠢᠨᠰᠠᠭ᠎ᠠ ᠪᠠ ᠤᠨᠠᠯᠲᠠ ᠶᠢ ᠳᠡᠭᠡᠭᠰᠢᠯᠡᠭᠦᠯᠬᠦ ᠳᠤ | ᠠᠰᠢᠭᠲᠠᠢ ᠪᠠᠶᠢᠳᠠᠭ᠃ | ᠳᠥᠷᠪᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ | ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ | ᠲᠤᠬᠠᠢ ᠳᠤᠨᠢ ᠢᠯᠡᠷᠡᠭᠦᠯᠵᠦ᠂ ᠰᠡᠷᠭᠡᠶᠢᠯᠡᠨ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠲᠥᠷᠥᠯᠬᠢ ᠳᠠᠶᠢᠰᠤᠨ᠂ ᠮᠢᠺᠷᠣᠪ ᠵᠡᠷᠭᠡ ᠠᠮᠢᠳᠤ | ᠪᠣᠳᠠᠰ ᠤᠨ ᠠᠷᠭ᠎ᠠ ᠪᠠᠷ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠪᠠᠰᠠ ᠬᠢᠮᠢ ᠶᠢᠨ ᠲᠠᠷᠢᠶᠠᠨ ᠡᠮ ᠢᠶᠠᠷ ᠰᠡᠷᠭᠡᠶᠢᠯᠡᠨ ᠵᠠᠰᠠᠵᠤ | ᠪᠣᠯᠣᠨ᠎ᠠ᠃ ᠭᠡᠪᠡᠴᠦ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ ᠲᠡᠵᠢᠭᠡᠯ ᠡᠪᠡᠰᠦ ᠪᠠ ᠣᠷᠴᠢᠨ ᠲᠣᠭᠤᠷᠢᠨ ᠳᠤ ᠮᠠᠭᠤ ᠨᠥᠯᠥᠭᠡ ᠪᠣᠯᠬᠤ ᠠᠴᠠ ᠵᠠᠶᠢᠯᠠᠰᠬᠢᠬᠦ | ᠬᠡᠷᠡᠭᠲᠡᠢ᠃ | ᠲᠠᠪᠤ᠂ ᠬᠤᠷᠢᠶᠠᠯᠲᠠ ᠶᠢᠨ ᠴᠠᠭ ᠬᠤᠭᠤᠴᠠᠭ᠎ᠠ | ᠬᠤᠷᠢᠶᠠᠯᠲᠠ ᠶᠢᠨ ᠴᠠᠭ ᠬᠤᠭᠤᠴᠠᠭ᠎ᠠ ᠶᠢ ᠡᠵᠡᠮᠰᠢᠵᠦ᠂ ᠲᠡᠵᠢᠭᠡᠯ ᠡᠪᠡᠰᠦᠨ ᠤ ᠬᠤᠷᠢᠶᠠᠯᠲᠠ ᠶᠢᠨ ᠴᠠᠭ ᠬᠤᠭᠤᠴᠠᠭ᠎ᠠ ᠨᠢ ᠲᠡᠭᠦᠨ ᠤ ᠥᠰᠦᠯᠲᠡ ᠶᠢᠨ ᠱᠠᠲᠤ | ᠦᠶ᠎ᠡ ᠪᠠ ᠬᠡᠷᠡᠭᠴᠡᠭᠡ ᠪᠠᠷ ᠲᠣᠭᠲᠠᠭᠠᠭᠳᠠᠨ᠎ᠠ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠲᠡᠵᠢᠭᠡᠯ ᠡᠪᠡᠰᠦ ᠤᠷᠭᠤᠭᠠᠳ ᠬᠡᠷᠡᠭᠯᠡᠬᠦ ᠳᠤ ᠬᠠᠮᠤᠭ ᠤᠨ ᠲᠣᠬᠢᠷᠠᠮᠵᠢᠲᠠᠢ | ᠪᠣᠯᠬᠤ ᠦᠶ᠎ᠡ ᠳᠤ᠂ ᠡᠰᠡᠬᠦᠯ᠎ᠡ ᠲᠡᠵᠢᠭᠡᠯ ᠡᠪᠡᠰᠦ ᠶᠢᠨ ᠴᠡᠴᠡᠭᠯᠡᠬᠦ ᠬᠤᠭᠤᠴᠠᠭᠠᠨ ᠳᠤ ᠬᠠᠮᠤᠭ ᠤᠨ ᠰᠠᠶᠢᠨ ᠬᠤᠷᠢᠶᠠᠯᠲᠠ ᠶᠢᠨ ᠴᠠᠭ ᠪᠣᠯᠣᠨ᠎ᠠ᠃ ᠡᠭᠦᠨ ᠤ ᠬᠠᠮᠲᠤ | ᠲᠡᠵᠢᠭᠡᠯ ᠡᠪᠡᠰᠦᠨ ᠤ ᠪᠦᠷᠢᠨ ᠪᠦᠲᠦᠨ ᠴᠢᠨᠠᠷ ᠢ ᠪᠠᠲᠤᠯᠠᠬᠤ ᠶᠢ ᠠᠩᠬᠠᠷᠴᠤ᠂ ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠢ ᠡᠪᠳᠡᠬᠦ ᠠᠴᠠ | ᠵᠠᠶᠢᠯᠠᠰᠬᠢᠬᠦ ᠬᠡᠷᠡᠭᠲᠡᠢ᠃ |