ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ 4 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠭᠢᠯᠭᠠᠨ | ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ | ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠨ ᠬᠤᠶᠠᠷ | ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠦᠯᠡᠮᠵᠢ ᠦᠷ᠎ᠡ ᠪᠦᠲᠦᠭᠡᠯ ᠣᠯᠵᠤ᠂ ᠶᠡᠭᠡ ᠪᠠᠭ᠎ᠠ ᠨᠢ ᠠᠳᠠᠯᠢ ᠪᠤᠰᠤ᠂ ᠲᠡᠦᠬᠡ ᠰᠣᠶᠣᠯ ᠨᠢ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ | ᠤᠯᠤᠰ ᠤᠨ ᠨᠥᠭᠦᠷᠰᠡᠭ ᠢᠶᠠᠷ ᠬᠠᠷᠢᠯᠴᠠᠬᠤ᠂ ᠭᠠᠷ ᠬᠤᠯᠪᠣᠨ ᠬᠥᠭᠵᠢᠬᠦ ᠦᠯᠢᠭᠡᠷ ᠳᠠᠭᠤᠷᠢᠶᠠᠯ ᠢ ᠱᠤᠭᠤᠪᠠ᠃ ᠪᠢ ᠳᠤᠮᠳᠠᠳᠤ ᠤᠯᠤᠰ ᠪᠣᠯᠣᠨ ᠫᠤᠰᠨᠢᠶ᠎ᠠ ᠪᠠ | ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ | ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠲᠤ | ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠣᠯᠣᠨ ᠫᠤᠰᠨᠢᠶ᠎ᠠ ᠪᠠ | ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠽᠸᠢᠶᠠᠨᠤᠸᠢᠴᠢ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ | ᠤᠯᠤᠰ ᠬᠠᠷᠢᠯᠴᠠᠨ ᠭᠦᠨᠳᠦᠳᠭᠡᠵᠦ᠂ ᠨᠥᠬᠦᠷᠯᠡᠯ ᠪᠠᠲᠤ ᠪᠠᠬᠢ ᠪᠠᠶᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ | ᠫᠤᠰᠨᠢᠶ᠎ᠠ ᠪᠠ ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠬᠠᠮᠲᠤ ᠶᠢᠨ | ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ᠃ | |