ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ | ■ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ | ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ | ᠲᠡᠷᠢᠭᠦᠨ ᠴᠢᠬᠤᠯᠠ ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ᠃ ᠪᠦᠭᠦ | ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ | ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ ᠭᠠᠳᠠᠭᠠᠳᠤ | ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ | ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ | ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ | ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ | ᠰᠠᠶᠢᠲᠤᠷ ᠬᠡᠷᠡᠭᠯᠡᠬᠦ ᠬᠡᠷᠡᠭᠲᠡᠢ᠃ | ■ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ | ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ | ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ | ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ | ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ ᠬᠤᠪᠢ ᠵᠠᠶᠠᠭ᠎ᠠ ᠪᠠᠨ | ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ | ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ | ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ | ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ | ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | ■ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ | ᠂ ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠥᠨᠳᠥᠷ ᠲᠦᠪᠰᠢᠨ | ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ | ᠭᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ | ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ᠂ | ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ᠃ | ■ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠢ᠃ | ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ | ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ᠃ | | | | | | 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ᠂ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ | ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ | ᠬᠥᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ ᠵᠡᠷᠭᠡᠯᠡᠳᠡᠭᠡ ᠪᠣᠯ ᠬᠥᠭᠵᠢᠯ | ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ | ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ | ᠪᠣᠯᠣᠨ᠎ᠠ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ | ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ | ᠳᠤᠷᠠᠳᠴᠤ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ | ᠪᠦᠲᠦᠮᠵᠢᠲᠡᠶ ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ | ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ | ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ | ᠬᠤᠯᠪᠤᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ | ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ | ᠪᠤᠯᠭᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ | ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ | ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ | ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ | ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ | ᠵᠠᠮᠨᠠᠬᠤ ᠶᠢ ᠳᠡᠮᠵᠢᠵᠦ᠂ ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ | ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ | ᠰᠣᠯᠢᠯᠴᠠᠭ᠎ᠠ ᠪᠠᠨ ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ | |