ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 10 ᠤ ᠴᠠᠭᠢᠯᠭᠠᠨ ᠮᠡᠳᠡᠭᠡ 4 ᠰᠠᠷ᠎ᠠ ᠶᠢᠨ 9 ᠤ ᠡᠳᠦᠷ᠂ ᠯᠠᠲ᠋ᠢᠨ ᠠᠮᠧᠷᠢᠺᠠ ᠪᠠ ᠺᠠᠷᠢᠪᠧ | ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠢᠰᠦᠳᠦᠭᠡᠷ ᠬᠤᠭᠤᠴᠠᠭᠠᠨ ᠤ ᠲᠦᠷᠦᠭᠦᠴᠦᠳ ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ | ᠬᠤᠨᠳᠦ᠋ᠷᠠᠰ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ᠂ ᠳᠤᠮᠳᠠᠳᠤ ᠤᠯᠤᠰ | ᠵᠢᠴᠢ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ ᠤᠯᠤᠰ ᠤᠳ ᠢ ᠪᠠᠭᠲᠠᠭᠠᠭᠰᠠᠨ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ︾ | ᠰᠦᠷ ᠬᠦᠴᠦᠨ ᠲᠣᠪᠣᠶᠢᠮ᠎ᠠ ᠪᠠᠶᠢᠨ᠎ᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠤᠯᠪᠤᠭᠠᠯᠠᠨ ᠥᠪᠡᠷ ᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ | ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠲᠠᠩᠭᠢᠰ ᠤᠨ ᠤᠯᠤᠰ | ᠤᠳ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠣᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ︾ ᠤᠨ ᠪᠦᠯᠬᠦᠮᠳᠡᠯ ᠬᠠᠮᠵᠢᠯᠴᠠᠭ᠎ᠠ ᠶᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ᠂ | ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ ᠰᠢᠨ᠎ᠡ ᠶᠢ ᠡᠭᠦᠳᠬᠦ᠂ ᠨᠡᠭᠡᠭᠡᠯᠲᠡᠲᠡᠢ᠂ ᠠᠷᠠᠳ ᠲᠤ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠪᠠ᠃ ᠬᠤᠶᠠᠷ | ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠥᠷᠭᠡᠵᠢᠵᠦ᠂ | ᠰᠣᠶᠣᠯ ᠢᠷᠭᠡᠨᠰᠢᠯ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠤᠶᠠᠷ ᠲᠠᠯ᠎ᠠ ᠶᠢᠨ ᠠᠷᠠᠳ ᠲᠦᠮᠡᠨ ᠳᠤ ᠠᠰᠢᠭ | ᠬᠦᠷᠲᠡᠭᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠭᠠᠵᠠᠷ ᠣᠷᠣᠨ ᠤ | ᠤᠯᠤᠰ ᠤᠳ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ | ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠡᠨᠡ ᠵᠢᠯ᠂ ᠳᠤᠮᠳᠠᠳᠤ ᠤᠯᠤᠰ ᠪᠡᠭᠡᠵᠢᠩ ᠳᠤ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ | ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠡᠯ᠎ᠡ | ᠪᠦᠷᠢᠯᠳᠦᠭᠦᠨ ᠤᠯᠤᠰ ᠤᠨ ᠳᠤᠮᠳᠠᠳᠤ ᠤᠯᠤᠰ ᠲᠤ ᠢᠷᠡᠵᠦ ᠬᠤᠷᠠᠯ ᠳᠤ ᠣᠷᠣᠯᠴᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ | ᠬᠠᠮᠲᠤᠷᠠᠯᠴᠠᠭᠠᠨ ᠤ ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠪᠡᠶᠡᠯᠡᠭᠦᠯᠵᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ᠂ ᠪᠦᠭᠦ | ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠩᠭᠠᠳᠬᠠᠪᠠ᠃ | |