ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠭᠢᠯᠭᠠᠨ ᠮᠡᠳᠡᠭᠡ 4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ | ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃ | | | | | | | 4 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ | ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ︶ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ | ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠬᠤ ᠲᠤᠰᠤᠮ᠂ ᠳᠤᠮᠳᠠᠳᠤ | ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠲᠣᠭᠲᠠᠭᠤᠨ ᠢᠶᠠᠷ ᠬᠥᠭᠵᠢᠬᠦ ᠶᠢᠨ ᠴᠢᠬᠤᠯᠠ ᠴᠢᠨᠠᠷ ᠲᠡᠳᠦᠢ ᠲᠣᠪᠣᠶᠢᠮ᠎ᠠ ᠪᠣᠯᠣᠨ᠎ᠠ᠃ ᠡᠨᠡ ᠵᠢᠯ ᠪᠣᠯ ᠳᠤᠮᠳᠠᠳᠤ | ᠤᠯᠤᠰ ᠪᠣᠯᠣᠨ ᠢᠰᠫᠠᠨᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠂ ᠳᠤᠮᠳᠠᠳᠤ | ᠤᠯᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠲᠠᠢ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ | ᠬᠦᠴᠦᠨ ᠲᠠᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠭᠦᠯᠬᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ | ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠢᠪᠠ ᠶᠢ ᠠᠵᠢᠭᠯᠠᠬᠤ ᠳᠤ ᠥᠷᠭᠡᠨ ᠬᠠᠷᠠᠭᠠᠰᠤ ᠠᠭᠤᠳᠠᠮ ᠪᠠᠭᠲᠠᠭᠠᠮᠵᠢ ᠬᠡᠷᠡᠭᠲᠡᠢ᠃ ᠳᠤᠮᠳᠠᠳᠤ ᠢᠰᠫᠠᠨᠢ ᠶᠢᠨ ᠨᠥᠬᠦᠷᠯᠡᠯ ᠪᠣᠯ ᠬᠤᠶᠠᠷ | ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ᠂ ᠪᠣᠳᠠᠲᠤ ᠠᠬᠤᠢ ᠶᠢᠨ ᠬᠡᠷᠡᠭᠴᠡᠭᠡ᠂ ᠠᠯᠤᠰ ᠭᠡᠳᠦ ᠶᠢᠨ ᠠᠰᠢᠭ ᠲᠤᠰᠠ ᠳᠤ ᠰᠠᠭᠤᠷᠢᠯᠠᠵᠤ | ᠲᠣᠭᠲᠠᠭᠠᠭᠰᠠᠨ ᠵᠥᠪ ᠰᠣᠩᠭᠤᠯᠲᠠ ᠮᠥᠨ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ | ᠬᠠᠷᠢᠯᠴᠠᠨ ᠢᠲᠡᠭᠡᠵᠦ᠂ ᠬᠠᠷᠢᠯᠴᠠᠨ ᠭᠦᠨᠳᠦᠳᠭᠡᠵᠦ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ᠂ ᠢᠯᠠᠩᠭᠤᠶ᠎ᠠ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ | ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠲᠠᠯᠳᠠ ᠬᠦᠴᠦᠨ ᠨᠢ ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭᠠᠨ ᠤ ᠳᠠᠪᠠᠭᠤᠯᠢᠭ ᠢᠶᠠᠨ | ᠰᠠᠶᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠰᠢᠨ᠎ᠡ ᠡᠨᠧᠷᠭᠢ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠣᠶᠤᠨᠲᠤ ᠬᠤᠳᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ | ᠬᠦᠴᠦᠨ ᠢᠶᠠᠨ ᠭᠦᠨᠵᠡᠭᠡᠢ ᠠᠭᠤᠳᠠᠯᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ᠃ ᠬᠠᠷᠢᠯᠴᠠᠨ ᠣᠶᠢᠯᠠᠭᠠᠯᠴᠠᠵᠤ | ᠬᠠᠷᠢᠯᠴᠠᠨ ᠳᠣᠲᠣᠨᠣᠴᠢᠯᠠᠬᠤ ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ︽ᠣᠯᠢᠮᠫᠢᠺ ᠤᠨ ᠲᠠᠮᠢᠷ ᠤᠨ | ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ︾᠂ ︽ᠮᠠᠯᠤᠷ ᠦᠳᠡᠭᠡ ᠶᠢᠨ ᠬᠠᠶᠢᠷ᠎ᠠ ᠰᠡᠳᠬᠢᠯᠭᠡ︾ ᠶᠢ ᠰᠠᠶᠢᠲᠤᠷ ᠤᠯᠠᠮᠵᠢᠯᠠᠵᠤ᠂ ︽ᠪᠠᠶᠠᠰᠬᠤᠯᠠᠩᠲᠤ ᠴᠠᠭᠠᠨ | ᠰᠠᠷ᠎ᠠ︾ ᠵᠡᠷᠭᠡ ᠰᠢᠨ᠎ᠡ ︽ᠠᠯᠳᠠᠨ ᠱᠣᠰᠢᠭ᠎ᠠ︾ ᠶᠢ ᠡᠭᠦᠳᠴᠦ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ ᠲᠣᠮᠢᠯᠠᠬᠤ ᠬᠡᠪᠴᠢᠶ᠎ᠡ ᠪᠠᠨ ᠥᠷᠭᠡᠳᠬᠡᠵᠦ᠂ | ᠨᠡᠩ ᠤᠯᠠᠨ ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ᠃ ᠳᠤᠮᠳᠠᠳᠤ ᠢᠰᠫᠠᠨᠢ ᠪᠣᠯ ᠴᠥᠮ ᠤᠯᠠᠨ ᠲᠠᠯᠠᠲᠤ ᠦᠵᠡᠯ | ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ ᠢᠳᠡᠪᠬᠢ ᠬᠦᠴᠦᠨ ᠮᠥᠨ᠂ ᠬᠤᠶᠠᠷ ᠲᠠᠯ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠵᠤ᠂ ᠬᠠᠮᠲᠤ ᠶᠢᠨ ᠬᠥᠭᠵᠢᠯ | ᠴᠡᠴᠡᠭᠯᠡᠯ ᠢ ᠠᠬᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠤᠯᠠᠨ ᠲᠤᠶᠢᠯᠵᠢᠯᠲᠡ ᠶᠢᠨ ᠳᠡᠯᠡᠬᠡᠢ ᠶᠢᠨ ᠴᠢᠬᠤᠯᠠ | ᠨᠢᠭᠡ ᠲᠤᠶᠢᠯ ᠢᠶᠠᠷ ᠦᠵᠡᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ ᠲᠣᠳᠣᠷᠬᠠᠢ ᠪᠠᠷ ᠳᠡᠮᠵᠢᠬᠦ | ᠭᠤᠣᠯ ᠪᠤᠯᠬᠤ ᠲᠣᠮᠣ ᠤᠯᠤᠰ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠡᠸᠦ᠋ᠷᠦᠫᠡ ᠶᠢᠨ ᠡᠩᠬᠡ ᠲᠠᠶᠢᠪᠤᠩ᠂ ᠨᠡᠮᠡᠭᠳᠡᠯ᠂ ᠥᠭᠡᠷᠡᠴᠢᠯᠡᠯᠲᠡ᠂ ᠪᠣᠯᠪᠠᠰᠤᠨ | ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠨᠢ ᠴᠢᠬᠤᠯᠠ ᠠᠬᠤᠶᠢᠴᠢ ᠠᠴᠢ ᠬᠤᠯᠪᠣᠭᠳᠠᠯ ᠲᠠᠢ ᠶᠤᠮ᠃ ᠳᠤᠮᠳᠠᠳᠤ ᠡᠸᠦ᠋ᠷᠦᠫᠡ | ᠬᠠᠨᠢᠲᠠᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ | ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠢ ᠪᠡᠯᠭᠡᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠤᠷᠢᠳᠤᠬᠢ ᠶᠢ | ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ᠂ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ ᠣᠯᠬᠤ ᠶᠢ ᠳᠡᠮᠵᠢᠬᠦ ᠴᠢᠭᠯᠡᠯ ᠲᠡᠶᠢᠰᠢ | ᠬᠥᠭᠵᠢᠬᠦ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ ᠢᠯᠠᠭᠴᠢ ᠪᠠᠶᠢᠳᠠᠭ ᠦᠭᠡᠢ᠂ ᠳᠡᠯᠡᠬᠡᠢ ᠳ᠋ᠠᠬᠢᠨ ᠲᠠᠢ ᠡᠰᠡᠷᠭᠦᠴᠡᠯᠳᠦᠪᠡᠯ | ᠥᠪᠡᠷ ᠢ ᠪᠠᠨ ᠭᠠᠭᠴᠠᠭᠠᠷᠳᠠᠭᠤᠯᠬᠤ ᠪᠣᠯᠣᠨ᠎ᠠ᠃ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ ᠬᠦᠴᠦ ᠪᠠᠷ ᠢᠶᠠᠨ | ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ᠂ ᠶᠡᠷᠦ ᠠᠴᠠ ᠬᠡᠨ ᠨᠢᠭᠡᠨ ᠤ ᠬᠢᠨᠢ ᠥᠷᠥᠰᠢᠶᠡᠯ ᠰᠣᠶᠣᠷᠬᠠᠯ ᠳᠤ ᠲᠦᠰᠢᠭᠯᠡᠭᠰᠡᠨ ᠪᠢᠰᠢ᠂ ᠨᠡᠩ | ᠴᠤ ᠶᠠᠮᠠᠷᠪᠠ ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ᠃ | ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ | ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠨ᠎ᠡ᠃ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠪᠣᠯ ᠴᠥᠮ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠮᠥᠨ᠂ ᠴᠥᠮ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠴᠢᠯᠦᠭᠡᠲᠦ | ᠠᠷᠠᠯᠵᠢᠶᠠᠨ ᠤ ᠡᠷᠡᠰ ᠳᠡᠮᠵᠢᠭᠴᠢ ᠮᠥᠨ᠂ ᠬᠤᠶᠠᠷ ᠲᠠᠯ᠎ᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ | ᠭᠤᠷᠪᠠᠨ ᠤ ᠨᠢᠭᠡ ᠶᠢ ᠳᠠᠪᠠᠵᠤ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ ᠪᠦᠷᠢᠯᠳᠦᠭᠦᠯᠪᠡ᠃ ᠳᠤᠮᠳᠠᠳᠤ ᠡᠸᠦ᠋ᠷᠦᠫᠡ ᠤᠯᠠᠨ | ᠤᠯᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠤᠷᠤᠰᠬᠠᠯ ᠪᠣᠯᠣᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ | ᠬᠠᠮᠲᠤ ᠪᠠᠷ ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠥᠪᠡᠷ ᠤᠨ ᠵᠦᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠠᠨ ᠤᠯᠤᠰ ᠤᠨ ᠳᠦᠷᠢᠮ ᠪᠣᠯᠣᠨ ᠡᠮᠬᠢ | ᠳᠢᠭᠯᠢᠮ ᠢ ᠬᠠᠮᠠᠭᠠᠯᠠᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠠᠩᠴᠢᠶᠧᠰ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 | ᠵᠢᠯ ᠤᠨ ᠲᠤᠷᠰᠢ᠂ ᠢᠮᠠᠭᠲᠠ ᠬᠠᠷᠢᠯᠴᠠᠨ ᠭᠦᠨᠳᠦᠳᠭᠡᠵᠦ᠂ ᠨᠥᠭᠦᠷᠰᠡᠭ ᠢᠶᠠᠷ ᠬᠠᠮᠲᠤᠷᠠᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ | ᠭᠦᠨᠵᠡᠭᠡᠶᠢᠷᠡᠨ ᠬᠥᠭᠵᠢᠪᠡ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠭᠠᠷᠮᠠᠭᠠᠢ ᠠᠮᠵᠢᠯᠲᠠ | ᠣᠯᠵᠤ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠢᠰᠫᠠᠨᠢ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ | ᠡᠭᠦᠳᠦᠯᠲᠡ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠰᠣᠶᠣᠯ᠂ | ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | ᠳᠤᠮᠳᠠᠳᠤ ᠤᠯᠤᠰ ᠪᠣᠯ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠢᠰᠫᠠᠨᠢ ᠢᠮᠠᠭᠲᠠ ᠡᠸᠦ᠋ᠷᠦᠫᠡ | ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠳᠡᠮᠵᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠨᠡᠭᠡᠭᠡᠯᠲᠡᠲᠤ | ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠬᠠᠮᠠᠭᠠᠯᠠᠬᠤ ᠪᠠᠷ ᠴᠢᠷᠮᠠᠶᠢᠵᠤ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ | ᠲᠠᠲᠠᠪᠤᠷᠢᠯᠠᠬᠤ ᠶᠢ ᠡᠰᠡᠷᠭᠦᠴᠡᠨ᠎ᠡ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠶᠢᠨ | ᠪᠠᠶᠢᠳᠠᠯ ᠤᠨ ᠡᠮᠦᠨ᠎ᠡ᠂ ᠢᠰᠫᠠᠨᠢ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤ ᠬᠦᠴᠢᠷᠳᠡᠯ | ᠵᠡᠷᠭᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠸᠠᠩ ᠢ ᠠᠭᠤᠯᠵᠠᠯᠲᠠ ᠳᠤ ᠣᠷᠣᠯᠴᠠᠵᠠᠢ᠃ | |