ᠮᠠᠨ ᠤ ᠬᠤᠳᠠ ᠬᠠᠪᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠥᠷᠨᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2025/4/14
      4 ᠰᠠᠷ᠎ᠠ ᠳᠤ᠂ ᠮᠠᠨ ᠤ ᠬᠤᠲᠠ ᠤᠯᠠᠨ ᠠᠭᠤᠯᠭ᠎ᠠ ᠭᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠨ᠂ ᠥᠷᠭᠡᠨ ᠤᠯᠠᠨ ᠬᠤᠳᠠ ᠶᠢᠨ ᠠᠷᠠᠳ ᠪᠣᠯᠣᠨ ᠵᠢᠭᠤᠯᠴᠢᠯᠠᠬᠰᠠᠳ ᠲᠤ ᠤᠯᠠᠨ ᠶᠠᠩᠵᠤᠵᠢᠬᠰᠠᠨ ᠬᠠᠪᠤᠷ ᠤᠨ ᠵᠢᠭᠤᠯᠴᠢᠯᠠᠯ ᠤᠨ ᠰᠣᠩᠭᠤᠯᠲᠠ ᠬᠠᠩᠭᠠᠬᠤ ᠪᠠᠷ ᠪᠤᠢ᠃ ᠲᠠ ᠪᠦᠭᠦᠨ ᠮᠠᠨᠢ ᠡᠨᠡ ᠳᠤᠭᠢᠶᠠᠯ ᠢᠶᠠᠷ ᠬᠤᠷᠴᠢᠨ ᠤ ᠲᠠᠯ᠎ᠠ ᠨᠤᠲᠤᠭ ᠤᠨ ᠭᠠᠶᠢᠬᠠᠮᠰᠢᠭᠲᠤ ᠦᠵᠡᠮᠵᠢ ᠶᠢ ᠰᠣᠨᠢᠷᠬᠠᠨ᠂ ᠪᠡᠶ᠎ᠡ ᠰᠡᠳᠬᠢᠯ ᠢᠶᠠᠨ ᠠᠷᠢᠭᠤᠰᠬᠠᠵᠤ᠂ ᠠᠵᠢᠯ ᠤᠨ ᠶᠠᠳᠠᠷᠠᠭ᠎ᠠ ᠴᠢᠯᠡᠭᠡ  ᠪᠠᠨ ᠳᠠᠶᠢᠯᠵᠤ ᠪᠣᠯᠣᠨ᠎ᠠ᠃ ᠡᠭᠦᠨ ᠳᠤ ᠲᠦᠩᠯᠢᠶᠣᠣ ᠬᠤᠲᠠ ᠶᠢᠨ ᠴᠡᠴᠡᠭᠲᠦ ᠤᠯᠠᠷᠢᠯ ᠤᠨ ᠵᠢᠭᠤᠯᠴᠢᠯᠠᠯ ᠬᠠᠪᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠵᠢᠴᠢ ᠨᠠᠢᠮᠠᠳᠤᠭᠠᠷ ᠬᠤᠭᠤᠴᠠᠭᠠᠨ ᠤ ᠬᠤᠷᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠭᠤᠢ ᠲᠡᠷᠭᠡ ᠶᠢᠨ ᠤᠷᠤᠯᠳᠤᠭᠠᠨ᠂︽ᠤᠷᠤᠯᠳᠤᠭᠠᠨ ᠢ ᠲᠠᠭᠠᠨ ᠵᠢᠭᠤᠯᠴᠢᠯᠠᠶ᠎ᠠ︾ ᠬᠡᠮᠡᠬᠦ ᠪᠦᠭᠦ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠨᠠᠶᠢᠷ ᠨᠠᠭᠠᠳᠤᠮ ᠤᠨ ᠰᠢᠷᠢᠰ ᠠᠵᠢᠯᠯᠠᠭ᠎ᠠ᠂ ︽ᠲᠠᠮᠢᠷ ᠤᠨ ᠤᠷᠤᠯᠳᠤᠭᠠᠨ ᠢ ᠦᠵᠡᠮᠵᠢ ᠶᠢᠨ ᠣᠷᠣᠨ ᠳᠤ ᠣᠷᠣᠭᠤᠯᠬᠤ︾ ᠰᠢᠷᠢᠰ ᠠᠵᠢᠯᠯᠠᠭ᠎ᠠ᠂ ︽ᠬᠤᠷᠴᠢᠨ ᠢ ᠲᠤᠭᠤᠯᠬᠤ︾ ᠊᠊᠊᠊᠊᠊᠊ ᠲᠦᠩᠯᠢᠶᠣᠣ ᠪᠠᠷ ᠵᠤᠭᠠᠯᠠᠶ᠎ᠠ ᠬᠡᠮᠡᠬᠦ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠰᠢᠷᠢᠰ ᠠᠵᠢᠯᠯᠠᠭ᠎ᠠ᠂ ︽4·23︾ ᠤ ᠳᠡᠯᠡᠬᠡᠢ ᠶᠢᠨ ᠨᠣᠮ ᠤᠩᠰᠢᠬᠤ ᠡᠳᠦᠷ ᠤᠨ ᠲᠦᠩᠯᠢᠶᠣᠣ ᠬᠤᠳᠠ ᠶᠢᠨ ᠰᠢᠷᠢᠰ ᠠᠵᠢᠯᠯᠠᠭ᠎ᠠ᠂ ᠬᠤᠳᠠ ᠶᠢᠨ ᠤᠯᠠᠭᠠᠨᠮᠥ᠋ᠴᠢᠷ ᠤᠨ ᠲᠤᠰᠬᠠᠢ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠬᠯᠠᠯᠲᠠ᠂ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠲᠤᠭᠤᠷ ᠤᠨ ᠴᠡᠴᠡᠭᠲᠦ ᠤᠯᠠᠷᠢᠯ ᠤᠨ ᠠᠵᠢᠯᠯᠠᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠴᠡᠴᠡᠭ ᠰᠣᠨᠢᠷᠬᠠᠬᠤ ᠤᠯᠠᠷᠢᠯ︾ ᠵᠢᠴᠢ ᠭᠦᠢᠯᠡᠰᠦᠨ ᠴᠡᠴᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠨᠠᠢᠮᠠᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠭᠦᠢᠯᠡᠰᠦᠨ ᠴᠡᠴᠡᠭᠲᠦ ᠬᠠᠪᠤᠷ ᠤᠨ ᠵᠢᠭᠤᠯᠴᠢᠯᠠᠯ᠂ ᠵᠠᠷᠤᠳ ᠤᠨ ᠲᠠᠪᠤᠳᠤᠭᠠᠷ ᠬᠤᠭᠤᠴᠠᠭᠠᠨ ᠤ ᠭᠦᠢᠯᠡᠰᠦᠨ ᠴᠡᠴᠡᠭ᠂ ᠬᠤᠷᠴᠠ ᠤᠯᠠᠭᠠᠨ ᠴᠡᠴᠡᠭ ᠤᠨ ᠤᠯᠠᠨ ᠲᠦᠮᠡᠨᠴᠢ ᠰᠣᠶᠣᠯ ᠤᠨ ᠰᠢᠷᠢᠰ ᠠᠵᠢᠯᠯᠠᠭ᠎ᠠ ᠵᠡᠷᠭᠡ ᠬᠤᠸᠠᠷ ᠴᠡᠴᠡᠭ ᠰᠣᠨᠢᠷᠬᠠᠬᠤ᠂ ᠳᠤᠭᠤᠢ ᠤᠨᠤᠬᠤ᠂ ᠡᠯᠡᠰᠦ ᠮᠠᠩᠬ᠎ᠠ ᠶᠢ ᠶᠠᠪᠠᠭᠠᠨ  ᠢᠶᠠᠷ ᠳᠤᠭᠤᠯᠬᠤ᠂ ᠨᠣᠮ ᠤᠩᠰᠢᠬᠤ᠂ ᠤᠷᠠᠨ ᠰᠠᠶᠢᠬᠠᠨ ᠤ ᠲᠣᠬᠯᠠᠯᠲᠠ ᠰᠣᠨᠢᠷᠬᠠᠬᠤ ᠵᠡᠷᠭᠡ ᠣᠯᠠᠨ ᠭᠡᠯᠪᠡᠷᠢ ᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠶᠠᠪᠤᠭᠳᠠᠭᠤᠯᠬᠤ ᠪᠣᠯᠣᠨ᠎ᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ