ᠲᠦᠮᠡᠨ ᠪᠣᠳᠠᠰ ᠠᠮᠢᠯᠠᠯ ᠢᠶᠠᠷ ᠪᠢᠯᠬᠠᠭᠰᠠᠨ ᠲᠥᠯᠵᠢᠬᠦ ᠬᠠᠪᠤᠷ ᠤᠨ 4 ᠰᠠᠷ᠎ᠠ ᠶᠢᠨ 10 ᠤ ᠡᠳᠦᠷ ᠤᠨ 10 ᠴᠠᠭ ᠲᠤ᠂ ᠪᠠᠷᠠᠭᠤᠨ ᠯᠢᠶᠣᠤ ᠾᠧ ᠭᠤᠣᠯ ᠤᠨ | ᠬᠠᠪᠤᠷ ᠤᠨ ᠤᠯᠠᠷᠢᠯ ᠤᠨ ᠠᠮᠢ ᠠᠬᠤᠢ ᠶᠢᠨ ᠤᠰᠤ ᠨᠥᠬᠦᠪᠦᠷᠢᠯᠡᠬᠦ ᠲᠣᠬᠢᠷᠠᠭᠤᠯᠤᠯᠲᠠ ᠶᠢᠨ ᠠᠵᠢᠯ ᠴᠢᠬᠤᠯᠠ ᠠᠬᠢᠯᠲᠠ ᠲᠠᠢ ᠪᠣᠯᠵᠤ᠂ ᠭᠤᠣᠯ ᠤᠷᠤᠰᠬᠠᠯ ᠤᠨ ᠡᠬᠢ | ᠨᠢ ᠨᠠᠷᠢᠳ ᠤᠨ ᠭᠤᠣᠯ ᠳᠤ ᠬᠦᠷᠴᠦ᠂ ᠳᠣᠣᠷᠠᠳᠤ ᠤᠷᠤᠰᠬᠠᠯ ᠤᠨ ︽ᠤᠰᠤ ᠲᠠᠢ︾ ᠭᠤᠣᠯ ᠤᠨ ᠵᠠᠮ ᠳᠤ ᠵᠠᠯᠭᠠᠯᠳᠤᠵᠤ᠂ 27 ᠵᠢᠯ ᠤᠷᠤᠰᠬᠠᠯ ᠳᠠᠰᠤᠷᠠᠬᠰᠠᠨ | ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠨᠢ ᠠᠩᠬ᠎ᠠ ᠤᠳᠠᠭ᠎ᠠ ᠪᠦᠭᠦ ᠱᠤᠭᠤᠮ ᠢᠶᠠᠷ ᠢᠶᠠᠨ ᠤᠷᠤᠰᠬᠠᠯ ᠰᠡᠷᠭᠦᠵᠦ᠂ ︽ᠡᠵᠢ ᠭᠤᠣᠯ︾ ᠢ | ᠠᠮᠢᠯᠠᠭᠤᠯᠤᠨ ᠰᠡᠷᠭᠦᠭᠡᠬᠦ ᠠᠵᠢᠯᠯᠠᠭ᠎ᠠ ᠶᠢᠨ ᠨᠢᠭᠡ ᠳᠦᠷᠦᠯ ᠤᠨ ᠴᠢᠬᠤᠯᠠ ᠪᠡᠯᠭᠡ ᠲᠡᠮᠳᠡᠭ ᠤᠨ ᠴᠢᠨᠠᠷᠲᠠᠢ ᠡᠭᠦᠷᠭᠡ ᠲᠡᠭᠦᠰ ᠠᠮᠵᠢᠯᠲᠠ ᠲᠠᠢ ᠪᠡᠶᠡᠯᠡᠭᠳᠡᠪᠡ᠃ | ᠣᠶᠢᠷ᠎ᠠ ᠶᠢᠨ ᠬᠡᠳᠦᠨ ᠠᠷᠪᠠᠨ ᠵᠢᠯ ᠤᠨ ᠲᠤᠷᠰᠢ᠂ ᠬᠤᠷ᠎ᠠ ᠲᠤᠨᠳᠠᠰᠤ ᠪᠠᠭᠠᠰᠤᠭᠰᠠᠨ ᠪᠠ ᠰᠠᠪᠠ ᠭᠠᠵᠠᠷ ᠤᠨ ᠠᠵᠤ ᠠᠬᠤᠢ ᠨᠡᠶᠢᠭᠡᠮ᠂ ᠲᠠᠷᠢᠶᠠᠯᠠᠩ | ᠦᠢᠯᠡᠳᠪᠦᠷᠢᠯᠡᠯ ᠤᠨ ᠥᠷᠭᠡᠳᠬᠡᠯ ᠡᠮᠬᠢ ᠵᠢᠷᠤᠮ ᠦᠭᠡᠢ ᠬᠥᠭᠵᠢᠭᠰᠡᠨ ᠵᠡᠷᠭᠡ ᠨᠥᠯᠥᠭᠡ ᠠᠴᠠ ᠪᠣᠯᠵᠤ᠂ ᠪᠠᠷᠠᠭᠤᠨ ᠯᠢᠶᠣᠤ ᠾᠧ ᠭᠤᠣᠯ ᠨᠢ ᠭᠤᠣᠯ ᠤᠷᠤᠰᠬᠠᠯ ᠵᠢᠯ | ᠲᠤᠷᠰᠢ ᠲᠠᠰᠤᠷᠠᠬᠤ᠂ ᠨᠠᠭᠤᠷ ᠴᠥᠭᠦᠷᠥᠮ ᠨᠤᠭᠤ ᠭᠠᠵᠠᠷ ᠰᠢᠷᠭᠢᠬᠦ ᠵᠡᠷᠭᠡ ᠬᠦᠨᠳᠦ ᠨᠣᠴᠢᠲᠠᠢ ᠠᠮᠢ ᠠᠬᠤᠢ ᠶᠢᠨ ᠠᠰᠠᠭᠤᠳᠠᠯ ᠢᠯᠡᠷᠡᠵᠦ᠂ ᠮᠠᠨ ᠤ ᠤᠯᠤᠰ ᠤᠨ | ᠲᠤᠯᠤᠭᠠᠨ ᠶᠡᠭᠡ ᠭᠤᠣᠯ ᠮᠥᠷᠡᠨ ᠤ ᠳᠣᠲᠣᠷᠠᠬᠢ ᠴᠤᠷ ᠤᠨ ᠭᠠᠭᠴᠠ ᠤᠷᠤᠰᠬᠠᠯ ᠲᠠᠰᠤᠷᠠᠬᠰᠠᠨ ᠪᠠᠶᠢᠳᠠᠯ ᠳᠤ ᠣᠷᠣᠭᠰᠠᠨ ᠶᠡᠭᠡ ᠭᠤᠣᠯ ᠮᠥᠷᠡᠨ ᠪᠣᠯᠤᠭᠰᠠᠨ | ᠪᠠᠶᠢᠨ᠎ᠠ᠃ᠤᠰᠤᠨ ᠠᠰᠢᠭᠯᠠᠯᠲᠠ ᠶᠢᠨ ᠶᠠᠮᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ᠪᠠᠷᠠᠭᠤᠨ | ᠯᠢᠶᠣᠤ ᠾᠧ ᠭᠤᠣᠯ ᠤᠨ ᠠᠮᠢ ᠨᠠᠰᠤ ᠶᠢ ᠰᠡᠷᠭᠦᠭᠡᠬᠦ᠂ ᠰᠠᠪᠠ ᠭᠠᠵᠠᠷ ᠤᠨ ᠠᠮᠢᠵᠢᠷᠠᠯ ᠤᠨ ᠬᠦᠴᠦᠨ ᠢ ᠲᠠᠭᠢᠨ ᠬᠥᠭᠵᠢᠭᠡᠬᠦ ᠶᠢ ᠴᠢᠬᠤᠯᠠ ᠶᠡᠭᠡ ᠡᠭᠦᠷᠭᠡ | ᠬᠠᠷᠢᠭᠤᠴᠠᠯᠭ᠎ᠠ ᠪᠠᠨ ᠪᠣᠯᠭᠠᠨ᠂ 2020 ᠣᠨ ᠠᠴᠠ ᠡᠬᠢᠯᠡᠨ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠲᠤ ᠨᠢᠭᠡᠳᠦᠯᠲᠡᠢ ᠲᠣᠬᠢᠷᠠᠭᠤᠯᠤᠯᠲᠠ ᠬᠢᠬᠦ ᠪᠠᠷ | ᠳᠡᠮᠵᠢᠨ᠂ ᠬᠠᠪᠤᠷ ᠵᠣᠨ ᠤ ᠤᠯᠠᠷᠢᠯ ᠳᠤ ᠠᠮᠢ ᠠᠬᠤᠢ ᠶᠢᠨ ᠤᠰᠤ ᠨᠥᠬᠦᠪᠦᠷᠢᠯᠡᠬᠦ ᠶᠢ ᠬᠡᠷᠡᠭᠵᠢᠭᠦᠯᠦᠭᠰᠡᠨ ᠠᠴᠠ᠂ ᠪᠠᠷᠠᠭᠤᠨ ᠯᠢᠶᠣᠤ ᠾᠧ ᠭᠤᠣᠯ ᠤᠨ ᠭᠤᠣᠯ | ᠤᠷᠤᠰᠬᠠᠯ ᠤᠨ ︽ᠤᠰᠤ ᠲᠠᠢ︾ ᠭᠤᠣᠯ ᠤᠨ ᠬᠡᠰᠡᠭ ᠵᠢᠯ ᠳᠠᠷᠠᠭᠠᠯᠠᠨ ᠤᠷᠲᠤᠳᠴᠤ᠂ ᠲᠣᠬᠢᠷᠠᠭᠤᠯᠤᠯᠲᠠ ᠨᠢ ᠢᠯᠡᠳᠲᠡ ᠦᠷ᠎ᠡ ᠪᠦᠲᠦᠮᠵᠢ ᠣᠯᠪᠠ᠃ 2024 ᠣᠨ ᠤ | 9 ᠰᠠᠷ᠎ᠠ ᠶᠢᠨ 3 ᠤ ᠡᠳᠦᠷ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠡᠬᠢ ᠨᠢ ᠤᠷᠤᠰᠬᠠᠯ ᠲᠠᠰᠤᠷᠠᠭᠠᠳ 26 ᠵᠢᠯ ᠪᠣᠯᠤᠭᠰᠠᠨ ᠤ ᠳᠠᠷᠠᠭ᠎ᠠ | ᠠᠩᠬ᠎ᠠ ᠤᠳᠠᠭ᠎ᠠ ᠲᠦᠩᠯᠢᠶᠣᠣ ᠬᠤᠲᠠ ᠶᠢᠨ ᠭᠤᠣᠯ ᠬᠤᠲᠠ ᠶᠢᠨ ᠲᠣᠭᠤᠷᠢᠭ ᠲᠤ ᠭᠦᠷᠦᠭᠰᠡᠨ ᠪᠠᠶᠢᠨ᠎ᠠ᠃ ᠡᠨᠡ ᠨᠢ ᠠᠮᠢ ᠠᠬᠤᠢ ᠶᠢ ᠰᠡᠷᠭᠦᠭᠡᠬᠦ ᠠᠵᠢᠯ ᠱᠠᠲᠤ | ᠦᠶᠡᠴᠢ ᠴᠢᠨᠠᠷᠲᠠᠢ ᠦᠷ᠎ᠡ ᠪᠦᠲᠦᠭᠡᠯ ᠣᠯᠣᠭᠰᠠᠨ ᠢ ᠬᠠᠷᠠᠭᠤᠯᠵᠤ ᠪᠠᠶᠢᠨ᠎ᠠ᠃ 2025 ᠣᠨ ᠤ 3 ᠰᠠᠷ᠎ᠠ ᠶᠢᠨ 21 ᠤ ᠡᠳᠦᠷ᠂ ᠤᠰᠤ ᠨᠥᠬᠦᠪᠦᠷᠢᠯᠡᠬᠦ | ᠤᠷᠤᠰᠬᠠᠯ ᠤᠨ ᠡᠬᠢ ᠨᠢ ᠰᠢᠶᠣᠣ ᠵᠤᠸᠠᠩ ᠾᠧ ᠭᠤᠣᠯ ᠤᠨ ᠠᠭᠤᠯᠵᠠᠷ ᠤᠨ ᠤᠰᠤᠨ ᠤ ᠭᠠᠳᠠᠷᠭᠤ ᠲᠠᠢ ᠵᠠᠯᠭᠠᠯᠳᠤᠵᠤ᠂ 27 ᠵᠢᠯ ᠤᠨ ᠲᠤᠷᠰᠢᠬᠢ ᠤᠷᠤᠰᠬᠠᠯ ᠤᠨ | ᠤᠷᠤᠭᠰᠢᠯᠠᠯᠲᠠ ᠶᠢᠨ ᠬᠠᠮᠤᠭ ᠤᠨ ᠬᠤᠯᠠ ᠵᠠᠢ ᠶᠢ ᠪᠡᠶᠡᠯᠡᠭᠦᠯᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠢ ᠪᠦᠭᠦ ᠱᠤᠭᠤᠮ ᠢᠶᠠᠷ ᠨᠢ ᠤᠷᠤᠰᠬᠠᠯ | ᠰᠡᠷᠭᠦᠭᠡᠬᠦ ᠠᠵᠢᠯ ᠴᠢᠬᠤᠯᠠ ᠶᠡᠭᠡ ᠠᠬᠢᠴᠠ ᠲᠠᠢ ᠪᠣᠯᠪᠠ᠃ ᠣᠳᠣᠬᠠᠨ ᠳᠤ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠪᠦᠭᠦ ᠱᠤᠭᠤᠮ ᠢᠶᠠᠷ ᠢᠶᠠᠨ | ᠤᠷᠤᠰᠬᠠᠯ ᠰᠡᠷᠭᠦᠪᠡ᠂ ᠡᠨᠡ ᠬᠦ ᠲᠡᠦᠬᠡᠲᠦ ᠴᠢᠨᠠᠷᠲᠠᠢ ᠰᠢᠪᠲᠤᠯᠤᠯᠲᠠ ᠪᠣᠯ ᠮᠠᠨ ᠤ ᠤᠯᠤᠰ ᠤᠨ ᠠᠮᠢ ᠠᠬᠤᠢ ᠶᠢᠨ ᠰᠡᠷᠭᠦᠭᠡᠯᠲᠡ ᠶᠢᠨ ᠬᠦᠷᠢᠶᠡᠨ ᠳᠠᠬᠢ ᠴᠢᠬᠤᠯᠠ | ᠶᠡᠭᠡ ᠦᠷ᠎ᠡ ᠪᠦᠲᠦᠭᠡᠯ ᠪᠣᠯᠣᠨ᠎ᠠ᠃ | ᠰᠤᠷᠪᠤᠯᠵᠢᠯᠠᠬᠴᠢ ᠰᠠᠴᠤᠷᠠᠩᠭᠤᠢ ᠴᠦᠨ ᠭᠤᠸᠠᠩ ᠴᠡᠯᠡᠭᠡᠷ | |